4 ᠰᠠᠷ᠎ᠠ᠎ᠶᠢᠨ 1 ᠦ ᠡᠳᠦᠷ᠂ U20 ᠡᠮᠡᠭᠲᠡᠢ᠎ᠶᠢᠨ ᠬᠥᠯ ᠪᠥᠮᠪᠥᠭᠡ᠎ᠶᠢᠨ
ᠠᠽᠢᠶ᠎ᠠ ᠲᠢᠪ ᠬᠤᠨᠳᠠᠭᠠᠲᠤ ᠤᠷᠤᠯᠳᠤᠭᠠᠨ᠎ᠲᠠᠢ ᠤᠯᠤᠰ᠎ᠲᠤ ᠡᠬᠢᠯᠡᠵᠦ᠂ ᠳᠤᠮᠳᠠᠳᠤ ᠤᠯᠤᠰ᠎ᠤᠨ U20 ᠡᠮᠡᠭᠲᠡᠢ᠎ᠶᠢᠨ ᠬᠥᠯ ᠪᠥᠮᠪᠥᠭᠡ᠎ᠶᠢᠨ
ᠠᠩᠬᠢ ᠡᠮᠡᠭᠲᠡᠢ᠎ᠶᠢᠨ ᠳᠤᠭᠤᠢᠯᠠᠩ᠎ᠤᠨ ᠤᠷᠤᠯᠳᠤᠭᠠᠨ᠎ᠤ ᠠᠩᠬᠠᠳᠠᠭ᠍ᠴᠢ ᠤᠷᠤᠯᠳᠤᠭᠠᠨ ᠳ᠋ᠤ 3᠄ 0 ᠵᠢᠨᠷ ᠸᠢᠶᠧᠲᠨᠠᠮ᠎ᠤᠨ
ᠠᠩᠭᠢ᠎ᠶᠢ ᠢᠯᠠᠵᠤ᠂ ᠤᠷᠤᠯᠳᠤᠭᠠᠨ ᠵᠢᠡᠨ ᠰᠠᠢᠨ ᠡᠬᠢᠯᠡᠭᠦᠯᠪᠠ᠃
ᠳᠤᠮᠳᠠᠳᠤ ᠤᠯᠤᠰ᠎ᠤᠨ U20 ᠡᠮᠡᠭᠲᠡᠢ᠎ᠶᠢᠨ ᠬᠥᠯ ᠪᠥᠮᠪᠥᠭᠡ᠎ᠶᠢᠨ
ᠠᠩᠭᠢ ᠡᠨᠡ ᠤᠳᠠᠭ᠎ᠠ ᠸᠢᠶᠧᠲᠨᠠᠮ᠎ᠤᠨ ᠠᠩᠭᠢ᠂ ᠪᠧᠩᠭᠠᠯ ᠤᠯᠤᠰ᠎ᠤᠨ ᠠᠩᠭᠢ ᠪᠣᠯᠣᠨ᠎ᠲᠠᠢ ᠤᠯᠤᠰ᠎ᠤᠨ ᠠᠩᠭᠢ᠎ᠲᠠᠢ
ᠨᠢᠭᠡ ᠳᠤᠭᠤᠢᠯᠠᠩ ᠳ᠋ᠤ ᠬᠤᠪᠢᠶᠠᠭᠳᠠᠵᠤ᠂ 4 ᠰᠠᠷ᠎ᠠ᠎ᠶᠢᠨ 4 ᠦ ᠡᠳᠦᠷ ᠳᠤᠭᠤᠢᠯᠠᠩ᠎ᠤᠨ ᠤᠷᠤᠯᠳᠤᠭᠠᠨ ᠤ ᠬᠣᠶᠠᠳᠤᠭᠠᠷ
ᠥᠷᠢᠰᠦᠯᠳᠦᠭᠴᠢ ᠠᠩᠬᠢ ᠪᠧᠩᠭᠠᠯ ᠤᠯᠤᠰ᠎ᠤᠨ ᠠᠩᠭᠢ ᠲᠠᠢ ᠦᠷᠢᠰᠦᠯᠳᠦᠭᠦ ᠪᠣᠯᠣᠨ᠎ᠠ᠃ ᠤᠷᠤᠯᠳᠤᠭᠠᠨ᠎ᠤ ᠳᠦᠷᠢᠮ᠎ᠢ
ᠦᠨᠳᠦᠰᠦᠯᠡᠪᠡᠯ᠂ ᠲᠤᠰ ᠤᠳᠠᠭᠠᠨ᠎ᠤ ᠤᠷᠤᠯᠳᠤᠭᠠᠨ ᠤ 3 ᠳᠤᠭᠤᠢᠯᠠᠩ᠎ᠤᠨ ᠡᠮᠦᠨ᠎ᠡ ᠬᠣᠶᠠᠷ ᠨᠡᠷᠡᠰ ᠵᠢᠴᠢ ᠬᠣᠶᠠᠷ
ᠬᠢᠷᠢ ᠪᠦᠲᠦᠮᠵᠢ᠎ᠪᠡᠷ ᠬᠠᠮᠤᠭ ᠤᠨ ᠰᠠᠢᠨ ᠭᠤᠷᠪᠠᠳᠤᠭᠠᠷ ᠨᠡᠷᠡᠰ ᠨᠤᠭᠤᠯᠤᠭ᠎ᠠ ᠤᠷᠤᠯᠳᠤᠭᠠᠨ ᠳ᠋ᠤ ᠤᠷᠤᠨ᠎ᠠ᠃
ᠲᠤᠰ ᠬᠤᠭᠤᠴᠠᠭᠠᠨ᠎ᠤ ᠠᠽᠢᠶ᠎ᠠ ᠲᠢᠪ ᠬᠤᠨᠳᠠᠭᠠᠲᠤ ᠤᠷᠤᠯᠳᠤᠭᠠᠨ ᠤ
ᠡᠮᠦᠨ᠎ᠡ ᠳᠥᠷᠪᠡᠨ ᠨᠡᠷᠡᠳᠦ ᠣᠷᠣᠭᠰᠠᠨ ᠪᠥᠮᠪᠥᠭᠡᠨ ᠠᠩᠭᠢ 2026 ᠣᠨ᠎ᠤ ᠫᠤᠯᠠᠨᠳ᠋᠎ᠤᠨ U20 ᠡᠮᠡᠭᠲᠡᠢ ᠶᠢᠨ ᠬᠥᠯ ᠪᠥᠮᠪᠥᠭᠡ
ᠶᠢᠨ ᠳᠡᠯᠡᠬᠡᠢ᠎ᠶᠢᠨ ᠬᠤᠨᠳᠠᠭᠠᠲᠤ ᠤᠷᠤᠯᠳᠤᠭᠠᠨ᠎ᠳᠤ ᠣᠷᠣᠯᠴᠠᠬᠤ ᠬᠢᠷᠢ ᠬᠡᠮ᠎ᠢ ᠰᠢᠭᠤᠳ ᠣᠯᠬᠤ ᠪᠣᠯᠣᠨ᠎ᠠ᠃
ᠢᠷᠡᠯᠲᠡ ᠄ ᠠᠷᠠᠳ᠎ᠤᠨ ᠡᠳᠦᠷ᠎ᠦᠨ ᠰᠣᠨᠢᠨ
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号