ᠠᠯᠠᠱᠠ᠎ᠶᠢᠨ ᠦᠨᠳᠦᠷ ᠭᠠᠷᠤᠯᠲᠠᠲᠤ ᠢᠩᠭᠡᠨ ᠰᠦᠨ᠎ᠤ ᠴᠠᠭᠠᠨ ᠢᠳᠡᠭᠡᠨ ᠡᠳ᠋ᠰᠢᠭᠦᠯᠬᠦ ᠲᠦᠷᠦᠯ ᠵᠦᠢᠯ ᠪᠠᠷᠢᠯᠭ᠎ᠠ ᠡᠬᠢᠯᠡᠪᠡ
2026-04-03 17:14:12
ᠵᠣᠬᠢᠶᠠᠭ᠍ᠴᠢ᠄
ᠯᠢᠦ ᠬᠣᠩ ᠵᠠᠩ
ᠣᠩᠱᠢᠭ᠍ᠰᠠᠨ ᠣᠳᠠᠭ᠎ᠠ᠄
★★★☆☆

3 ᠰᠠᠷ᠎ᠠ᠎ᠶᠢᠨ 31᠎ᠦ ᠡᠳᠦᠷ᠂ ᠠᠯᠠᠱᠠ᠎ᠶᠢᠨ ᠶᠡᠬᠡ ᠴᠦᠯ ᠰᠦᠨ᠎ᠦ ᠦᠢᠯᠡᠰ᠎ᠦᠨ ᠬᠢᠵᠠᠭᠠᠷᠲᠤ ᠺᠤᠮᠫᠠᠨᠢ ᠵᠢᠨ ᠦᠨᠳᠦᠷ ᠭᠠᠷᠤᠯᠲᠠᠲᠤ ᠢᠩᠭᠡᠨ ᠰᠦᠨ᠎ᠤ ᠴᠠᠭᠠᠨ ᠢᠳᠡᠭᠡᠨ ᠡᠳ᠋ᠰᠢᠭᠦᠯᠬᠦ ᠲᠦᠷᠦᠯ ᠵᠦᠢᠯ ᠠᠯᠠᠱᠠ ᠠᠢᠮᠠᠭ᠎ᠤᠨ ᠠᠯᠠᠱᠠ ᠪᠠᠷᠠᠭᠤᠨ ᠬᠣᠰᠢᠭᠤᠨ᠎ᠳᠤ ᠪᠠᠢᠭ᠎ᠠ ᠠᠯᠠᠱᠠ᠎ᠶᠢᠨ ᠤᠳᠤ ᠦᠶ᠎ᠡ᠎ᠶᠢᠨ ᠲᠡᠮᠡᠭᠡᠨ᠎ᠦ ᠠᠵᠤ ᠦᠢᠯᠡᠰ᠎ᠦᠨ ᠬᠦᠷᠢᠶᠡᠯᠡᠩ᠎ᠳᠦ ᠪᠠᠷᠢᠯᠭ᠎ᠠ ᠡᠬᠢᠯᠡᠪᠡ᠃


QQ20260403-171438.png


ᠠᠯᠠᠱᠠ᠎ᠶᠢᠨ ᠶᠡᠬᠡ ᠴᠦᠯ ᠰᠦᠨ᠎ᠦ ᠦᠢᠯᠡᠰ᠎ᠦᠨ ᠬᠢᠵᠠᠭᠠᠷᠲᠤ ᠺᠤᠮᠫᠠᠨᠢ ᠵᠢᠨ ᠦᠨᠳᠦᠷ ᠭᠠᠷᠤᠯᠲᠠᠲᠤ ᠢᠩᠭᠡᠨ ᠰᠦᠨ᠎ᠤ ᠴᠠᠭᠠᠨ ᠢᠳᠡᠭᠡᠨ ᠡᠳ᠋ᠰᠢᠭᠦᠯᠬᠦ ᠲᠥᠷᠥᠯ ᠵᠦᠢᠯ ᠨᠢ ᠢᠩᠭᠡᠨ ᠰᠦ᠎ᠶᠢ ᠨᠠᠷᠢᠯᠢᠭ᠋ ᠡᠳ᠋ᠰᠢᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ 2.54 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠬᠤ᠎ᠪᠠᠷ ᠲᠥᠯᠥᠪᠯᠡᠨ᠂ ᠭᠤᠷᠪᠠᠨ ᠬᠤᠭᠤᠴᠠᠭ᠎ᠠ ᠬᠤᠪᠢᠶᠠᠨ ᠰᠠᠭᠤᠷᠢ ᠦᠢᠯᠡᠳᠪᠦᠷᠢᠯᠡᠯ᠎ᠦᠨ ᠴᠢᠳᠠᠪᠤᠷᠢ᠎ᠶᠢᠨ ᠰᠠᠭᠤᠷᠢ ᠲᠠᠯᠪᠢᠬᠤ ᠢᠨᠵᠧᠨᠧᠷᠢᠩ᠂ ᠴᠢᠳᠠᠮᠵᠢᠲᠤ ᠪᠦᠲᠦᠭᠡᠭᠳᠡᠬᠦᠨ᠎ᠢ ᠳᠡᠰ ᠳᠡᠪᠰᠢᠭᠦᠯᠬᠦ ᠢᠨᠵᠧᠨᠧᠷᠢᠩ᠂ ᠳᠡᠭᠡᠳᠦ ᠲᠡᠰ᠎ᠤᠨ ᠠᠵᠤ ᠦᠢᠯᠡᠰ᠎ᠦᠨ ᠰᠢᠪᠲᠤᠯᠤᠯᠲᠠ᠎ᠶᠢᠨ ᠢᠨᠵᠧᠨᠧᠷᠢᠩ᠎ᠢ ᠪᠠᠢᠭᠤᠯᠵᠤ᠂ ᠠᠯᠠᠱᠠ᠎ᠶᠢᠨ ᠢᠩᠭᠡᠨ ᠰᠦ᠎ᠶᠢᠨ ᠲᠠᠯᠬ᠎ᠠ᠎ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ᠎ᠦᠨ ᠵᠢᠱ᠌ᠢᠶ᠎ᠡ ᠦᠵᠡᠭᠦᠯᠬᠦ ᠲᠠᠰᠤᠭ᠎ᠢ ᠬᠦᠴᠦᠯᠡᠨ ᠪᠠᠢᠭᠤᠯᠬᠤ ᠪᠤᠯᠤᠨ᠎ᠠ᠃ ᠨᠢᠭᠡᠳᠦᠭᠡᠷ ᠬᠤᠭᠤᠴᠠᠭᠠᠨ᠎ᠤ ᠢᠨᠵᠧᠨᠧᠷᠢᠩ᠎ᠳᠦ 5000 ᠲᠦᠮᠡᠨ ᠲᠥᠭᠥᠷᠢᠭ᠎ᠦᠨ ᠪᠡᠯᠡ ᠣᠷᠣᠭᠤᠯᠵᠤ᠂ 2026 ᠣᠨ᠎ᠤ ᠡᠴᠦᠰ᠎ᠲᠦ ᠪᠠᠢᠭᠤᠯᠵᠤ ᠳᠠᠭᠤᠰᠬᠠᠨ ᠠᠰᠢᠭ᠍ᠯᠠᠯᠲᠠ᠎ᠳᠤ ᠣᠷᠣᠭᠤᠯᠤᠨ᠎ᠠ᠃

《ᠳᠤᠮᠳᠠᠳᠤ ᠤᠯᠤᠰ᠎ᠤᠨ ᠢᠩᠭᠡᠨ ᠰᠦ᠎ᠶᠢᠨ ᠨᠤᠲᠤᠭ》 ᠪᠣᠯᠤᠭᠰᠠᠨ ᠠᠯᠠᠱᠠ ᠪᠠᠷᠠᠭᠤᠨ ᠬᠣᠰᠢᠭᠤ ᠨᠢ ᠠᠯᠠᠱᠠ᠎ᠶᠢᠨ ᠬᠣᠣᠰ ᠪᠥᠬᠥᠲᠦ ᠲᠡᠮᠡᠭᠡᠨ᠎ᠦ ᠭᠣᠣᠯ ᠣᠷᠣᠨ ᠪᠠᠢᠵᠤ᠂ ᠲᠡᠮᠡᠭᠡᠨ᠎ᠦ ᠠᠵᠤ ᠦᠢᠯᠡᠰ᠎ᠦᠨ ᠬᠥᠭᠵᠢᠯᠲᠡ᠎ᠶᠢᠨ ᠥᠪᠡᠷᠮᠢᠴᠡ ᠳᠠᠪᠠᠭᠤᠯᠢᠭ᠋᠎ᠲᠠᠢ ᠶᠤᠮ᠃ ᠣᠢᠷ᠎ᠠ᠎ᠶᠢᠨ ᠵᠢᠯ᠎ᠡᠴᠡ᠂ ᠲᠤᠰ ᠬᠣᠰᠢᠭᠤ ᠲᠡᠮᠡᠭᠡᠨ᠎ᠦ ᠠᠵᠤ ᠦᠢᠯᠡᠰ᠎ᠢ ᠭᠦᠨᠵᠡᠭᠡᠢ ᠬᠥᠭᠵᠢᠭᠦᠯᠬᠦ᠎ᠪᠡᠷ ᠳᠠᠮᠵᠢᠭᠤᠯᠵᠤ᠂ ᠠᠮᠢ ᠠᠬᠤᠢ᠎ᠶᠢᠨ ᠦᠷ᠎ᠡ ᠠᠰᠢᠭ᠋᠂ ᠠᠵᠤ ᠠᠬᠤᠢ᠎ᠶᠢᠨ ᠦᠷ᠎ᠡ ᠠᠰᠢᠭ᠋᠂ ᠨᠡᠢᠭᠡᠮ᠎ᠦᠨ ᠦᠷ᠎ᠡ ᠠᠰᠢᠭ᠋ ᠪᠣᠯᠣᠨ ᠠᠷᠠᠳ᠎ᠢ ᠪᠠᠶᠠᠵᠢᠭᠤᠯᠬᠤ ᠦᠷ᠎ᠡ ᠠᠰᠢᠭ᠋᠎ᠢ ᠠᠭᠤᠰᠤᠯᠴᠠᠭᠤᠯᠤᠨ ᠬᠠᠮᠲᠤᠪᠠᠷ ᠠᠰᠢᠭ᠋ ᠬᠦᠷᠳᠡᠬᠦ᠎ᠶᠢ ᠪᠡᠶᠡᠯᠡᠭᠦᠯᠵᠦ᠂ ᠥᠩᠭᠡᠷᠡᠭᠰᠡᠨ᠎ᠦ《ᠡᠯᠡᠰᠦᠨ ᠴᠦᠯ᠎ᠦᠨ ᠣᠩᠭᠣᠴᠠ》 ᠶ᠋ᠢ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠨᠡᠮᠡᠭᠳᠡᠭᠦᠯᠵᠦ ᠪᠠᠶᠠᠵᠢᠨ ᠴᠢᠨᠡᠭᠡᠯᠢᠭᠵᠢᠬᠦ《ᠠᠵᠤ ᠦᠢᠯᠡᠰ᠎ᠦᠨ ᠣᠩᠭᠣᠴᠠ》ᠪᠣᠯᠭᠠᠪᠠ᠃ ᠣᠳᠣᠬᠠᠨ ᠳ᠋ᠦ᠂ ᠲᠣᠰ ᠬᠣᠰᠢᠭᠤᠨ᠎ᠤ ᠬᠣᠣᠰ ᠪᠥᠬᠥᠲᠦ ᠲᠡᠮᠡᠭᠡ 8 ᠲᠦᠮᠡ᠎ᠳᠦ ᠬᠦᠷᠴᠦ᠂ ᠦᠷᠡᠵᠢᠯ᠎ᠤᠨ ᠢᠩᠭᠡ 3.95 ᠲᠦᠮᠡ᠎ᠳᠦ ᠬᠦᠷᠴᠦ᠂ ᠰᠠᠭᠠᠯᠢ᠎ᠶᠢᠨ ᠢᠩᠭᠡ 2 ᠲᠦᠮᠡ ᠣᠷᠴᠢᠮ᠎ᠳᠤ ᠲᠣᠭᠲᠠᠪᠤᠷᠢᠵᠢᠭᠠᠳ ᠪᠤᠢ︔2025 ᠣᠨ᠎ᠳᠤ᠂ ᠲᠤᠰ ᠬᠣᠰᠢᠭᠤᠨ᠎ᠤ ᠢᠩᠭᠡᠨ ᠰᠦ᠎ᠶᠢᠨ ᠭᠠᠷᠤᠯᠲᠠ 1.5 ᠲᠦᠮᠡᠨ ᠲᠣᠨ᠎ᠳᠤ ᠬᠦᠷᠴᠦ᠂ ᠪᠦᠬᠦ ᠠᠵᠤ ᠦᠢᠯᠡᠰ᠎ᠦᠨ ᠬᠡᠯᠬᠢᠶ᠎ᠠ ᠵᠢᠨ ᠶᠡᠷᠦᠩᠬᠡᠢ ᠦᠢᠯᠡᠳᠬᠦᠨ᠎ᠦ ᠦᠷᠲᠡᠭ 25 ᠳ᠋ᠦᠩᠰᠢᠭᠤᠷ ᠲᠥᠭᠥᠷᠢᠭ ᠎ᠢ ᠳᠠᠪᠠᠵᠤ᠂ ᠠᠳᠠᠯᠢ ᠬᠤᠭᠤᠴᠠᠭᠠᠨ᠎ᠤ ᠬᠢ᠎ᠡᠴᠡ 26.58% ᠪᠡᠷ ᠨᠡᠮᠡᠭᠳᠡᠪᠡ᠃ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠠᠯᠠᠱᠠ ᠪᠠᠷᠠᠭᠤᠨ ᠬᠣᠰᠢᠭᠤ ᠲᠡᠮᠡᠭᠡᠨ᠎ᠦ ᠪᠦᠬᠦ ᠠᠵᠤ ᠦᠢᠯᠡᠰ᠎ᠦᠨ ᠬᠡᠯᠬᠢᠶ᠎ᠡ᠎ᠶᠢᠨ ᠬᠥᠭᠵᠢᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠲᠡᠮᠡᠭᠡᠨ᠎ᠦ ᠠᠵᠤ ᠦᠢᠯᠡᠰ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ《ᠠᠷᠠᠳ᠎ᠢ ᠪᠠᠶᠠᠵᠢᠭᠤᠯᠬᠤ ᠲᠤᠯᠭᠠᠭᠤᠷᠢ ᠠᠵᠤ ᠦᠢᠯᠡᠰ》 ᠪᠣᠯᠭᠠᠬᠤ ᠪᠡᠷ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号