ᠣᠢᠷ᠎ᠠ᠎ᠳᠤ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ
ᠶᠠᠮᠤᠨ 2025 ᠣᠨ᠎ᠤ ᠪᠥᠬᠥ ᠤᠯᠤᠰ᠎ᠤᠨ ᠲᠦᠷᠭᠡᠨ᠎ᠦ ᠵᠠᠰᠠᠮᠠᠯ ᠵᠠᠮ᠎ᠤᠨ ᠦᠢᠯᠡᠴᠢᠯᠡᠭᠡᠨ᠎ᠦ ᠲᠣᠭᠣᠷᠢᠭ᠋᠎ᠤᠨ ᠦᠢᠯᠡᠴᠢᠯᠡᠭᠡᠨ᠎ᠦ
ᠶᠠᠰᠤ ᠴᠢᠨᠠᠷ᠎ᠤᠨ ᠵᠡᠷᠭᠡ ᠳᠡᠰ᠎ᠢ ᠦᠨᠡᠯᠡᠨ ᠲᠣᠭᠲᠠᠭᠠᠬᠰᠠᠨ ᠨᠢᠭᠡᠳᠦᠭᠡᠷ ᠳᠡᠰ᠎ᠤᠨ ᠦᠢᠯᠡᠴᠢᠯᠡᠭᠡᠨ᠎ᠦ ᠲᠣᠭᠣᠷᠢᠭ᠋᠎ᠤᠨ
ᠨᠡᠷᠡᠰ᠎ᠢ ᠨᠡᠢᠲᠡᠯᠡᠵᠦ᠂ ᠥᠪᠥᠷ ᠮᠣᠩᠭᠣᠯ᠎ᠤᠨ ᠬᠠᠷᠠᠤ᠋ᠰᠤ
ᠨᠠᠭᠤᠷ᠎ᠤᠨ ᠦᠢᠯᠡᠴᠢᠯᠡᠭᠡᠨ᠎ᠦ ᠲᠣᠭᠣᠷᠢᠭ᠋᠂ ᠬᠥᠬᠡᠬᠣᠲᠠ᠎ᠶᠢᠨ ᠪᠠᠷᠠᠭᠤᠨ ᠦᠢᠯᠡᠴᠢᠯᠡᠭᠡᠨ᠎ᠦ ᠲᠣᠭᠣᠷᠢᠭ᠋᠂ ᠵᠦᠸᠧᠽᠢ
ᠱᠠᠨ ᠦᠢᠯᠡᠴᠢᠯᠡᠭᠡᠨ᠎ᠦ ᠲᠣᠭᠣᠷᠢᠭ᠋ ᠵᠢᠭ᠍ᠰᠠᠭᠠᠯᠲᠠ᠎ᠳᠤ ᠣᠷᠣᠪᠠ᠃
2025 ᠣᠨ᠎ᠠᠴᠠ ᠨᠠᠭᠠᠰᠢ᠂ ᠥᠪᠥᠷ ᠮᠣᠩᠭᠣᠯ᠎ᠤᠨ
ᠵᠠᠮ ᠬᠠᠷᠢᠯᠴᠠᠭ᠎ᠠ ᠲᠡᠭᠡᠭᠡᠪᠦᠷᠢ᠎ᠶᠢᠨ ᠰᠠᠯᠠᠭ᠎ᠠ ᠮᠥᠴᠢᠷ ᠦᠢᠯᠡᠴᠢᠯᠡᠭᠡᠨ ᠦ ᠲᠣᠭᠣᠷᠢᠭ᠋᠎ᠤᠨ ᠦᠢᠯᠡᠴᠢᠯᠡᠭᠡᠨ᠎ᠦ
ᠬᠢᠷᠢ ᠲᠦᠪᠰᠢᠨ᠎ᠢ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠵᠦ᠂ ᠳᠦᠬᠦᠭᠡᠷᠦᠮᠵᠢ᠎ᠶᠢ ᠲᠡᠭᠦᠯᠳᠡᠷᠵᠢᠭᠦᠯᠬᠦ᠂
ᠡᠵᠡᠩᠨᠡᠯᠲᠡ᠎ᠶᠢᠨ ᠪᠠᠢᠳᠠᠯ ᠢ ᠥᠷᠭᠡᠳᠬᠡᠬᠦ᠂ ᠬᠠᠮᠢᠶᠠᠷᠤᠯᠲᠠ ᠶᠢ ᠵᠢᠷᠤᠮᠵᠢᠭᠤᠯᠬᠤ᠎ᠪᠠᠷ ᠳᠠᠮᠵᠢᠭᠤᠯᠤᠨ᠂ ᠣᠯᠠᠨ
ᠲᠦᠮᠡᠨ ᠦ ᠰᠡᠳᠬᠢᠯ ᠬᠠᠨᠤᠮᠵᠢᠲᠠᠶ ᠬᠡᠮᠵᠢᠶ᠎ᠡ ᠵᠢ 96%
ᠳᠤ ᠬᠦᠷᠭᠡᠵᠤ᠂ ᠳᠡᠭᠡᠷ᠎ᠡ ᠵᠢᠯ᠎ᠦᠨ ᠬᠢ᠎ᠡᠴᠡ ᠵᠠᠭᠤᠨ᠎ᠤ ᠬᠠᠷᠢᠴᠠᠯ ᠵᠢᠨᠷ 5 ᠬᠤᠪᠢ ᠳᠡᠭᠡᠭᠰᠢᠯᠡᠪᠡ᠃ ᠦᠢᠯᠡᠴᠢᠯᠡᠭᠡᠨ᠎ᠦ
ᠴᠢᠳᠠᠮᠵᠢ᠎ᠶᠢᠨ ᠲᠠᠯ᠎ᠠ᠎ᠪᠠᠷ᠂ 28 ᠦᠢᠯᠡᠴᠢᠯᠡᠭᠡᠨ ᠦ ᠲᠣᠭᠣᠷᠢᠭ᠋ ᠤᠨ ᠥᠭᠡᠷᠡᠴᠢᠯᠡᠯᠲᠡ ᠵᠢ ᠪᠡᠶᠡᠯᠡᠭᠦᠯᠵᠦ᠂
300 ᠲᠡᠷᠭᠡᠨ ᠵᠣᠭᠰᠣᠭᠠᠯ ᠢ ᠰᠢᠨ᠎ᠡ᠎ᠪᠡᠷ ᠨᠡᠮᠡᠭᠳᠡᠭᠦᠯᠪᠡ; ᠨᠢᠭᠡᠨᠲᠡ ᠨᠡᠭᠡᠭᠡᠭᠰᠡᠨ 208 ᠦᠢᠯᠡᠴᠢᠯᠡᠭᠡᠨ ᠦ
ᠲᠣᠭᠣᠷᠢᠭ᠋᠎ᠲᠤ ᠲᠡᠷᠭᠡᠨ ᠵᠤᠬᠰᠤᠭᠠᠯ᠂ ᠵᠣᠷᠯᠣᠩ᠂ ᠬᠠᠯᠠᠭᠤᠨ ᠤᠰᠤ᠎ᠶᠢ ᠪᠦᠬᠦᠨ ᠢ ᠪᠦᠷᠬᠦᠭᠦᠯᠪᠡ; 146 ᠦᠢᠯᠡᠴᠢᠯᠡᠭᠡᠨ᠎ᠦ
ᠲᠣᠭᠣᠷᠢᠭ᠋ ᠲᠣᠰᠣ᠌ ᠨᠡᠮᠡᠬᠦ ᠦᠢᠯᠡᠴᠢᠯᠡᠭᠡ ᠬᠠᠩᠭᠠᠵᠤ᠂ ᠴᠠᠬᠢᠯᠭᠠᠨ ᠴᠡᠨᠡᠭᠯᠡᠬᠦ ᠳᠦᠬᠦᠭᠡᠷᠦᠮᠵᠢ᠎ᠶᠢᠨ ᠪᠦᠷᠬᠦᠴᠡ᠎ᠶᠢᠨ
ᠨᠣᠷᠮ᠎ᠠ 97% ᠳᠤ ᠬᠥᠷᠪᠡ;
ᠰᠠᠭᠠᠳ ᠦᠭᠡᠢ ᠳᠦᠬᠦᠭᠡᠷᠦᠮᠵᠢ᠎ᠶᠢ ᠪᠦᠬᠦᠨ ᠢ ᠪᠦᠷᠬᠦᠭᠦᠯᠵᠦ᠂ 58 ᠦᠢᠯᠡᠴᠢᠯᠡᠭᠡᠨ᠎ᠦ
ᠲᠣᠭᠣᠷᠢᠭ᠋᠎ᠲᠤ ᠡᠬᠡ ᠨᠢᠯᠬᠠᠰ᠎ᠤᠨ ᠥᠷᠥᠭᠡ ᠭᠠᠷᠭᠠᠪᠠ᠃ ᠡᠵᠡᠩᠨᠡᠯᠲᠡ ᠬᠠᠮᠢᠶᠠᠷᠤᠯᠲᠠ᠎ᠶᠢᠨ ᠲᠠᠯ᠎ᠠ᠎ᠪᠠᠷ᠂
30 ᠭᠠᠷᠤᠢ ᠵᠦᠢᠯ ᠦᠨ ᠦᠢᠯᠡᠴᠢᠯᠡᠭᠡᠨ᠎ᠦ ᠲᠣᠭᠣᠷᠢᠭ᠋᠎ᠤᠨ ᠢᠯᠡᠷᠬᠡᠢᠯᠡᠯ ᠫᠠᠢᠰᠠ᠎ᠶᠢ ᠵᠢᠷᠤᠮᠵᠢᠭᠤᠯᠵᠤ᠂
190 ᠦᠢᠯᠡᠴᠢᠯᠡᠭᠡᠨ᠎ᠦ ᠲᠣᠭᠣᠷᠢᠭ᠋ 《ᠲᠡᠷᠭᠡ ᠪᠠᠷᠠᠭᠠᠰᠠᠨᠠᠭᠠ ᠠᠮᠤᠷ》 ᠳᠠᠭᠠᠳᠬᠠᠯ ᠭᠠᠷᠭᠠᠵᠤ᠂ ᠲᠣᠰ ᠭᠠᠵᠠᠷ᠎ᠤᠨ
400 ᠭᠠᠷᠤᠢ ᠵᠦᠢᠯ᠎ᠦᠨ ᠲᠠᠸᠠᠷ᠎ᠢ ᠵᠠᠬ᠎ᠠ ᠳᠡᠯᠭᠡᠭᠦᠷ᠎ᠲᠦ ᠭᠠᠷᠭᠠᠵᠤ᠂ ᠰᠡᠳᠬᠢᠯ ᠬᠠᠨᠤᠮᠵᠢᠲᠠᠶ ᠬᠡᠮᠵᠢᠶ᠎ᠡ᠎ᠶᠢ
ᠪᠠᠢᠴᠠᠭᠠᠬᠤ ᠵᠢᠵᠢᠭ ᠫᠷᠣᠭ᠌ᠷᠠᠮ᠎ᠢ ᠰᠦᠯᠵᠢᠶᠡᠨ᠎ᠳᠦ ᠭᠠᠷᠭᠠᠬᠤ ᠵᠢᠨ ᠬᠠᠮᠲᠤ ᠬᠢᠨᠠᠯᠲᠠ ᠲᠠᠯᠪᠢᠬᠤ ᠤᠲᠠᠰᠤ᠎ᠶᠢ
ᠵᠠᠷᠯᠠᠨ ᠨᠡᠢᠲᠡᠯᠡᠪᠡ᠃ ᠡᠭᠦᠨ᠎ᠡᠴᠡ ᠭᠠᠳᠠᠨ᠎ᠠ᠂ 《 ᠦᠢᠯᠡᠴᠢᠯᠡᠭᠡᠨ ᠦ ᠲᠣᠭᠣᠷᠢᠭ᠋᠎ᠤᠨ ᠮᠦᠽᠧᠢ》᠂《ᠵᠠᠰᠠᠮᠠᠯ
ᠵᠠᠮ᠎ᠤᠨ ᠠᠮᠲᠠᠲᠤ ᠢᠳᠡᠭᠡᠨ ᠦ ᠨᠠᠢᠷ》 ᠵᠡᠷᠭᠡ ᠣᠨᠴᠠᠯᠢᠭ᠍ᠲᠤ ᠠᠵᠢᠯᠯᠠᠭ᠎ᠠ ᠪᠠ ᠪᠠᠶᠠᠨᠨᠠᠭᠤᠷᠭᠠᠯᠲᠤ ᠠᠭᠤᠯᠠ᠎ᠶᠢᠨ
ᠭᠣᠣᠯ ᠰᠡᠳᠦᠪᠲᠦ ᠦᠢᠯᠡᠴᠢᠯᠡᠭᠡᠨ᠎ᠦ ᠲᠣᠭᠣᠷᠢᠭ᠋᠂ ᠪᠦᠷᠢᠶ᠎ᠡ ᠮᠠᠩᠬ᠎ᠠ ᠡᠯᠡᠰᠦᠨ ᠴᠥᠯ᠎ᠦᠨ ᠭᠣᠣᠯ ᠰᠡᠳᠦᠪᠲᠦ ᠦᠢᠯᠡᠴᠢᠯᠡᠭᠡᠨ᠎ᠦ
ᠲᠣᠭᠣᠷᠢᠭ᠋ ᠵᠡᠷᠭᠡ ᠣᠨᠴᠠᠯᠢᠭ᠍ᠲᠤ ᠦᠢᠯᠡᠴᠢᠯᠡᠭᠡᠨ᠎ᠦ ᠲᠣᠭᠣᠷᠢᠭ᠋ ᠴᠤ᠌ ᠵᠠᠮ ᠬᠠᠷᠢᠯᠴᠠᠭ᠎ᠠ ᠵᠢᠭᠤᠯᠴᠢᠯᠠᠯ᠎ᠤᠨ
ᠠᠭᠤᠰᠤᠯᠴᠠᠯ᠎ᠤᠨ ᠰᠢᠨ᠎ᠡ ᠪᠡᠶᠡᠴᠢᠯᠡᠨ ᠣᠢᠯᠠᠭᠠᠯᠲᠠ᠎ᠶᠢ ᠪᠣᠶ ᠪᠣᠯᠭᠠᠵᠠᠢ᠃
ᠢᠷᠡᠯᠲᠡ ᠄ ᠲᠠᠯ᠎ᠠ ᠨᠤᠲᠤᠭ᠎ᠤᠨ ᠡᠭᠦᠯᠡ ᠰᠢᠯᠵᠢᠶ᠎ᠡ
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号