3 ᠰᠠᠷ᠎ᠠ᠎ᠶᠢᠨ 30᠎ᠤ ᠡᠳᠦᠷ᠂ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠂ ᠬᠤᠳᠠᠯᠳᠤᠭᠠᠨ᠎ᠤ ᠶᠠᠪᠤᠳᠠᠯ᠎ᠤᠨ
ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ
ᠣᠷᠣᠨ᠎ᠤ ᠲᠢᠩᠬᠢᠮ ᠬᠠᠮᠲᠤᠷᠠᠨ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ《ᠤᠷᠤᠯᠳᠤᠭᠠᠨ
ᠳᠠᠭᠠᠵᠤ ᠵᠢᠭᠤᠯᠴᠢᠯᠠᠬᠤ》᠂ ᠤᠷᠤᠯᠳᠤᠭᠠᠨ ᠤ ᠶᠠᠪᠤᠳᠠᠯ ᠳᠤ《 ᠭᠤᠷᠪᠠ ᠶᠢ ᠣᠷᠣᠭᠤᠯᠬᠤ》 ᠂ 《ᠭᠣᠢᠳᠠ ᠤᠷᠤᠯᠳᠤᠭᠠᠨ
ᠰᠤᠨᠢᠷᠬᠠᠵᠤ ᠭᠤᠴᠤ ᠠᠮᠲᠠ ᠠᠮᠲᠠᠯᠠᠬᠤ》ᠭᠣᠣᠯᠳᠠᠯᠭ᠎ᠠ᠎ᠲᠠᠢ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠠᠵᠢᠯᠯᠠᠭ᠎ᠠ᠎ᠶᠢᠨ
ᠨᠡᠷᠡᠰ(ᠨᠢᠭᠡᠳᠦᠭᠡᠷ ᠪᠦᠯᠦᠭ)᠎ᠢ ᠨᠡᠢᠲᠡᠯᠡᠪᠡ᠂ ᠡᠭᠦᠨ᠎ᠳᠤ ᠪᠠᠭᠲᠠᠭᠰᠠᠨ ᠪᠡᠶ᠎ᠡ᠎ᠶᠢᠨ ᠲᠠᠮᠢᠷ᠎ᠤᠨ ᠤᠷᠤᠯᠳᠤᠭᠠᠨ
ᠵᠢᠴᠢ ᠬᠠᠮᠢᠶ᠎ᠠ ᠪᠦᠬᠦᠢ ᠠᠵᠢᠯᠯᠠᠭ᠎ᠠ ᠨᠡᠶ᠋ᠢᠲᠡ 49 ᠪᠠᠢᠵᠤ᠂ ᠡᠯ᠎ᠡ ᠵᠦᠢᠯ᠎ᠦᠨ ᠠᠵᠢᠯᠯᠠᠭ᠎ᠠ ᠨᠢ 4 ᠰᠠᠷ᠎ᠠ᠎ᠠᠴᠠ
6 ᠰᠠᠷ᠎ᠠ᠎ᠶᠢᠨ ᠬᠣᠭᠣᠷᠣᠨᠳᠤ ᠶᠠᠪᠤᠭᠳᠠᠬᠤ ᠪᠣᠯᠣᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ᠎ᠤ ᠨᠢᠭᠡᠳᠦᠭᠡᠷ ᠪᠦᠯᠦᠭ᠎ᠦᠨ《ᠤᠷᠤᠯᠳᠤᠭᠠᠨ ᠳᠠᠭᠠᠵᠤ ᠵᠢᠭᠤᠯᠴᠢᠯᠠᠬᠤ》ᠭᠣᠣᠯᠳᠠᠯᠭ᠎ᠠ᠎ᠲᠠᠢ ᠪᠡᠶ᠎ᠡ᠎ᠶᠢᠨ
ᠲᠠᠮᠢᠷ᠎ᠤᠨ ᠤᠷᠤᠯᠳᠤᠭᠠᠨ᠎ᠤ ᠨᠡᠷᠡᠰ᠎ᠦᠨ ᠵᠢᠭ᠍ᠰᠠᠭᠠᠯᠲᠠ᠎ᠳᠤ 4 ᠲᠦᠷᠦᠯ ᠦᠨ ᠣᠯᠠᠨ ᠤᠯᠤᠰ᠎ᠤᠨ ᠴᠢᠨᠠᠷᠲᠠᠢ ᠤᠷᠤᠯᠳᠤᠭᠠᠨ᠂
17 ᠲᠦᠷᠦᠯ ᠦᠨ ᠪᠥᠬᠥ ᠤᠯᠤᠰ ᠤᠨ ᠴᠢᠨᠠᠷᠲᠠᠢ ᠤᠷᠤᠯᠳᠤᠭᠠᠨ ᠵᠢᠴᠢ 28 ᠲᠦᠷᠦᠯ᠎ᠦᠨ ᠪᠥᠬᠥ ᠣᠷᠣᠨ ᠤ ᠴᠢᠨᠠᠷᠲᠠᠢ
ᠤᠷᠤᠯᠳᠤᠭᠠᠨ ᠪᠠᠭᠲᠠᠵᠤ ᠪᠠᠢᠨ᠎ᠠ᠃
4 ᠲᠦᠷᠦᠯ᠎ᠦᠨ ᠣᠯᠠᠨ ᠤᠯᠤᠰ᠎ᠤᠨ ᠴᠢᠨᠠᠷᠲᠠᠢ
ᠤᠷᠤᠯᠳᠤᠭᠠᠨ ᠨᠢ ᠲᠣᠰ ᠲᠤᠰ 2026 ᠣᠨ᠎ᠤ ᠠᠽᠢᠶ᠎ᠠ ᠲᠢᠪ᠎ᠦᠨ ᠵᠢᠣᠳᠣᠣ
ᠪᠦᠭᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠂ 2026 ᠣᠨ᠎ᠤ ITF ᠣᠯᠠᠨ ᠤᠯᠤᠰ᠎ᠤᠨ ᠡᠮᠡᠭᠲᠡᠢ᠎ᠶᠢᠨ
ᠲᠣᠣᠷ ᠪᠥᠮᠪᠥᠭᠡ᠎ᠶᠢᠨ ᠦᠷᠲᠡᠭᠡ ᠤᠷᠤᠯᠳᠤᠭᠠᠨ᠂ 2026 ᠣᠨ᠎ᠤ ᠳᠤᠮᠳᠠᠳᠤ ᠤᠯᠤᠰ᠎ᠤᠨ ᠠᠩᠭᠢ᠎ᠶᠢᠨ U16 ᠤᠯᠤᠰ᠎ᠤᠨ ᠡᠷᠡᠭᠲᠡᠢ᠎ᠶᠢᠨ ᠬᠥᠯ
ᠪᠥᠮᠪᠥᠭᠡ᠎ᠶᠢᠨ ᠤᠯᠠᠨ ᠤᠯᠤᠰ᠎ᠤᠨ ᠤᠷᠢᠯᠭ᠎ᠠ᠎ᠶᠢᠨ ᠤᠷᠤᠯᠳᠤᠭᠠᠨ᠂《ᠨᠢᠭᠡ ᠪᠦᠰᠡ ᠨᠢᠭᠡ ᠵᠠᠮ》᠎ᠤᠨ ᠳᠤᠮᠳᠠᠳᠤ ᠣᠷᠣᠰ
ᠮᠣᠩᠭᠣᠯ᠎ᠤᠨ ᠰᠢᠷᠢᠰ ᠤᠷᠤᠯᠳᠤᠭᠠᠨ ᠪᠣᠯᠣᠨ᠎ᠠ᠃
ᠪᠥᠬᠥ ᠤᠯᠤᠰ᠎ᠤᠨ ᠴᠢᠨᠠᠷᠲᠠᠢ ᠤᠷᠤᠯᠳᠤᠭᠠᠨ᠎ᠳᠤ ᠪᠥᠬᠥ ᠤᠯᠤᠰ᠎ᠤᠨ ᠵᠠᠰᠠᠮᠠᠯ ᠵᠠᠮ᠎ᠤᠨ
ᠳᠤᠭᠤᠢ ᠲᠡᠷᠭᠡᠨ᠎ᠦ ᠢᠯᠡ ᠤᠷᠤᠯᠳᠤᠭᠠᠨ᠂ 2026 ᠣᠨ᠎ᠤ ᠳᠤᠮᠳᠠᠳᠤ ᠤᠯᠤᠰ᠎ᠤᠨ ᠬᠤᠷᠳᠤᠨ ᠮᠣᠷᠢᠨ᠎ᠤ ᠢᠯᠡ ᠤᠷᠤᠯᠳᠤᠭᠠᠨ᠂
ᠪᠥᠬᠥ ᠤᠯᠤᠰ᠎ᠤᠨ ᠵᠠᠯᠠᠭᠤᠴᠤᠳ ᠪᠠᠭᠠᠴᠤᠳ᠎ᠤᠨ U ᠰᠢᠷᠢᠰ ᠠᠷᠤᠷ᠎ᠠ ᠪᠥᠮᠪᠥᠭᠡ᠎ᠶᠢᠨ ᠰᠢᠷᠢᠰ ᠤᠷᠤᠯᠳᠤᠭᠠᠨ᠂ 2026 ᠣᠨ᠎ᠤ
ᠳᠤᠮᠳᠠᠳᠤ ᠰᠤᠷᠭᠠᠭᠤᠯᠢ᠎ᠶᠢᠨ ᠰᠣᠷᠣᠭ᠍ᠴᠢ ᠵᠢᠨᠲᠠᠢᠺᠢᠨᠳᠤᠤ ᠶᠢᠨ ᠬᠣᠯᠪᠣᠭᠠᠲᠤ ᠤᠷᠤᠯᠳᠤᠭᠠᠨ ᠵᠡᠷᠭᠡ ᠤᠯᠤᠰ᠎ᠤᠨ
ᠲᠠᠰ᠎ᠤᠨ ᠨᠠᠷᠠᠲᠤ ᠲᠥᠷᠥᠯ ᠲᠡᠮᠳᠡᠭ ᠤᠨ ᠤᠷᠤᠯᠳᠤᠭᠠᠨ ᠵᠡᠷᠭᠡ᠎ᠶᠢ ᠪᠠᠭᠲᠠᠭᠠᠵᠠᠢ᠃
ᠪᠥᠬᠥ ᠣᠷᠣᠨ᠎ᠤ ᠴᠢᠨᠠᠷᠲᠠᠢ ᠤᠷᠤᠯᠳᠤᠭᠠᠨ᠎ᠳᠤ 2026 ᠣᠨ᠎ᠤ ᠲᠠᠪᠤᠳᠤᠭᠠᠷ ᠬᠤᠭᠤᠴᠠᠭᠠᠨ᠎ᠤ
ᠳᠤᠮᠳᠠᠳᠤ ᠤᠯᠤᠰ᠎ᠤᠨ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ(ᠥᠪᠥᠷ ᠮᠣᠩᠭᠣᠯ᠎ᠤᠨ
ᠤᠷᠤᠯᠳᠤᠭᠠᠨ᠎ᠤ ᠲᠣᠭᠣᠷᠢᠭ᠋)᠂ ᠠᠩᠬᠠᠳᠤᠭᠠᠷ ᠬᠤᠭᠤᠴᠠᠭᠠᠨ ᠤ《ᠱᠠᠨ ᠴᠢ ᠬᠤᠨᠳᠠᠭᠠᠲᠤ》ᠬᠡᠭᠡᠷᠡᠯᠡᠬᠦ ᠴᠡᠨᠡᠯᠡᠯᠲᠡ᠎ᠶᠢᠨ
ᠤᠷᠢᠯᠭ᠎ᠠ᠎ᠶᠢᠨ ᠤᠷᠤᠯᠳᠤᠭᠠᠨ᠂ ᠥᠪᠥᠷ ᠮᠣᠩᠭᠣᠯ᠎ᠤᠨ ᠬᠡᠪᠳᠡᠭᠡ ᠦᠬᠡᠷ᠎ᠤᠨ ᠲᠤᠬᠤᠢ ᠵᠢᠨ 100 ᠺᠢᠯᠣᠮᠧᠲᠷ᠎ᠦᠨ
ᠬᠡᠭᠡᠷᠡᠯᠡᠨ ᠭᠦᠶᠦᠬᠦ ᠤᠷᠤᠯᠳᠤᠭᠠᠨ ᠵᠡᠷᠭᠡ ᠪᠠᠭᠲᠠᠨ᠎ᠠ᠃
ᠲᠣᠰ ᠤᠳᠠᠭᠠᠨ᠎ᠤ 《ᠤᠷᠤᠯᠳᠤᠭᠠᠨ ᠳᠠᠭᠠᠵᠤ
ᠵᠢᠭᠤᠯᠴᠢᠯᠠᠬᠤ》 ᠭᠣᠣᠯᠳᠠᠯᠭ᠎ᠠ᠎ᠲᠠᠢ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠠᠵᠢᠯᠯᠠᠭ᠎ᠠ᠎ᠶᠢᠨ ᠨᠡᠷᠡᠰ᠎ᠢ
ᠨᠡᠢᠲᠡᠯᠡᠭᠰᠡᠨ᠎ᠦ ᠵᠣᠷᠢᠯᠭ᠎ᠠ ᠨᠢ ᠬᠡᠷᠡᠭᠯᠡᠭᠡ᠎ᠶᠢ ᠬᠥᠭᠵᠢᠭᠡᠬᠦ ᠲᠤᠬᠠᠢ ᠨᠠᠮ᠎ᠤᠨ ᠲᠥᠪ ᠬᠣᠷᠢᠶ᠎ᠠ᠂ ᠲᠥᠷᠥ᠎ᠶᠢᠨ
ᠶᠠᠪᠤᠳᠠᠯ᠎ᠤᠨ ᠬᠤᠷᠢᠶ᠎ᠠ ᠵᠢᠨ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠤᠨ
ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ ᠤᠨ ᠣᠷᠳᠣᠨ ᠤ ᠠᠵᠢᠯ ᠤᠨ
ᠱᠠᠭᠠᠷᠳᠠᠯᠭ᠎ᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ ᠪᠡᠶ᠎ᠡ᠎ᠶᠢᠨ ᠲᠠᠮᠢᠷ ᠤᠨ ᠤᠷᠤᠯᠳᠤᠭᠠᠨ᠎ᠤ ᠬᠡᠷᠡᠭᠯᠡᠭᠡ᠎ᠶᠢ
ᠳᠠᠢᠴᠢᠯᠠᠬᠤ᠂ ᠬᠥᠳᠡᠭᠡ ᠲᠣᠰᠬᠣᠨ ᠢ ᠬᠥᠭᠵᠢᠭᠦᠯᠦᠨ ᠮᠠᠨᠳᠤᠭᠤᠯᠬᠤ ᠪᠠ ᠰᠣᠶᠣᠯ ᠵᠢᠭᠤᠯᠴᠢᠯᠠᠯ᠎ᠤᠨ ᠶᠠᠰᠤ ᠴᠢᠨᠠᠷ᠎ᠢ
ᠳᠡᠭᠡᠭᠰᠢᠯᠡᠭᠦᠯᠬᠦ ᠳᠤ ᠡᠨᠧᠷᠭᠢ ᠤᠯᠭᠤᠬᠤ ᠶᠡᠷᠦᠩᠬᠡᠢᠯᠡᠭᠰᠡᠨ ᠦᠷ᠎ᠡ ᠨᠥᠯᠥᠭᠡ᠎ᠶᠢ ᠭᠦᠢᠴᠡᠳ ᠪᠠᠳᠠᠷᠠᠭᠤᠯᠵᠤ᠂
ᠲᠠᠷᠢᠶᠠᠯᠠᠩ ᠮᠠᠯ ᠠᠵᠤ ᠠᠬᠤᠢ ᠰᠣᠶᠣᠯ ᠪᠡᠶ᠎ᠡ᠎ᠶᠢᠨ ᠲᠠᠮᠢᠷ ᠵᠢᠭᠤᠯᠴᠢᠯᠠᠯᠬᠤᠳᠠᠯᠳᠤᠭᠠ ᠵᠢᠨ ᠭᠦᠨᠵᠡᠭᠡᠢ
ᠠᠭᠤᠰᠤᠯᠴᠠᠯ᠎ᠢ ᠠᠬᠢᠭᠤᠯᠵᠤ᠂ ᠬᠡᠷᠡᠭᠯᠡᠭᠡᠨ᠎ᠦ ᠳᠠᠯᠳᠠ ᠬᠦᠴᠦᠨ᠎ᠢ ᠲᠠᠰᠤᠷᠠᠯᠲᠠ ᠦᠭᠡᠢ ᠥᠷᠭᠡᠳᠬᠡᠬᠦ᠎ᠶᠢᠨ ᠲᠥᠯᠥᠭᠡ
ᠶᠤᠮ᠃