ᠦᠪᠦᠷ ᠮᠤᠡᠭᠭᠤᠯ ᠵᠤᠬᠢᠶᠠᠮᠠᠯ ᠤᠶᠤᠨ ᠴᠢᠳᠠᠪᠤᠷᠢ ᠶ᠋ᠢᠨ ᠮᠡᠷᠭᠡᠵᠢᠯ ᠵᠢᠡᠷ ᠮᠠᠯ ᠠᠵᠤ ᠠᠬᠤᠢ ᠲᠠᠷᠢᠶᠠᠯᠠᠩ ᠤ᠋ᠨ ᠴᠢᠨᠠᠷ ᠰᠠᠢᠳᠠᠢ ᠬᠦᠭᠵᠢᠯᠳᠡ ᠳ᠋ᠤ ᠬᠦᠴᠦᠨ ᠨᠡᠮᠡᠷᠢᠯᠡᠨ᠎ᠠ
2026-04-30 10:50:27
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠭᠡᠨ ᠤ᠋ ᠠᠯᠪᠠᠨ ᠭᠡᠷ ᠤ᠋ᠨ 4 ᠰᠠᠷ᠎ᠠ ᠶ᠋ᠢᠨ 23 ᠤ᠋ ᠡᠳᠦᠷ ᠬᠤᠷᠠᠯᠳᠤᠭᠤᠯᠤᠭᠰᠠᠨ 《ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ 〈ᠵᠤᠬᠢᠶᠠᠮᠠᠯ ᠤᠶᠤᠨ ᠴᠢᠳᠠᠪᠤᠷᠢ +〉 ᠠᠵᠢᠯᠯᠠᠭ᠎ᠠ ᠶ᠋ᠢᠨ ᠬᠡᠷᠡᠭᠵᠢᠭᠦᠯᠬᠦ ᠲᠦᠰᠦᠯ ( 2026 — 2028 ᠤᠨ)》 ᠤ᠋ᠨ ᠲᠦᠷᠦ ᠶ᠋ᠢᠨ ᠪᠤᠳᠤᠯᠭ᠎ᠠ ᠶ᠋ᠢᠨ ᠲᠠᠢᠯᠤᠮᠵᠢ ᠶ᠋ᠢᠨ ᠰᠤᠨᠢᠨ ᠮᠡᠳᠡᠭᠡ ᠨᠡᠢᠲᠡᠯᠡᠬᠦ ᠬᠤᠷᠠᠯ ᠡᠴᠡ ᠤᠢᠯᠠᠭᠠᠭᠰᠠᠨ ᠶ᠋ᠢᠡᠷ᠂ ᠢᠷᠡᠬᠦ 3 ᠵᠢᠯ ᠳ᠋ᠦ ᠮᠠᠨ ᠤ᠋ ᠤᠷᠤᠨ 4 ᠲᠠᠯ᠎ᠠ ᠶ᠋ᠢᠨ ᠠᠵᠢᠯ ᠢ᠋ ᠴᠢᠡᠭᠭ᠎ᠠ ᠠᠳᠬᠤᠵᠤ᠂ ᠵᠤᠬᠢᠶᠠᠮᠠᠯ ᠤᠶᠤᠨ ᠴᠢᠳᠠᠪᠤᠷᠢ ᠶ᠋ᠢᠨ ᠮᠡᠷᠭᠡᠵᠢᠯ ᠵᠢᠡᠷ ᠮᠠᠯ ᠠᠵᠤ ᠠᠬᠤᠢ ᠲᠠᠷᠢᠶᠠᠯᠠᠩ ᠤ᠋ᠨ ᠴᠢᠨᠠᠷ ᠰᠠᠢᠳᠠᠢ ᠬᠦᠭᠵᠢᠯᠳᠡ ᠳ᠋ᠤ ᠬᠦᠴᠦᠨ ᠨᠡᠮᠡᠷᠢᠯᠡᠬᠦ ᠪᠤᠯᠤᠨ᠎ᠠ᠃

ᠡᠭᠦᠯᠳᠡᠷ ᠪᠤᠢᠵᠢᠭᠤᠯᠬᠤ ᠲᠠᠯ᠎ᠠ ᠪᠡᠷ᠂ ᠲᠤᠮᠤ ᠳ᠋ᠠᠢᠲ᠋ᠠ ᠪᠠ ᠳᠤᠮᠤ ᠪᠤᠳᠤᠯᠲᠠ ᠶ᠋ᠢᠨ ᠬᠦᠴᠦᠨ ᠢ᠋ ᠰᠠᠢᠳᠤᠷ ᠠᠰᠢᠭᠯᠠᠵᠤ᠂ ᠨᠡᠡᠭ ᠤᠯᠠᠨ ᠰᠠᠢᠨ ᠡᠭᠦᠯᠳᠡᠷ ᠢ᠋ ᠪᠤᠢᠵᠢᠭᠤᠯᠤᠨ᠎ᠠ᠃ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠬᠠᠮᠢᠶ᠎ᠠ ᠪᠦᠬᠦᠢ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠠᠢᠭᠤᠯᠤᠮᠵᠢ ᠪᠠ ᠠᠵᠤ ᠠᠬᠤᠢᠯᠠᠯ ᠢ᠋ ᠬᠥᠲᠥᠯᠥᠨ ᠵᠢᠯᠣᠭᠣᠳᠴᠤ᠌ ᠪᠠᠢᠭᠠᠳ ᠵᠣᠬᠢᠶᠠᠮᠠᠯ ᠣᠶᠤᠨ ᠴᠢᠳᠠᠪᠤᠷᠢ ᠶ᠋ᠢᠨ ᠮᠡᠷᠭᠡᠵᠢᠯ ᠤ᠋ᠨ ᠬᠡᠷᠡᠭᠯᠡᠭᠡ ᠵᠢ ᠴᠢᠩᠭᠠᠷᠠᠭᠤᠯᠤᠨ᠂ ᠣᠳᠣ ᠶ᠋ᠢᠨ ᠪᠠᠢᠭ᠎ᠠ 8 ᠲᠦᠮᠡᠨ ᠬᠤᠪᠢ ᠲᠠᠷᠢᠮᠠᠯ ᠤ᠋ᠨ ᠪᠠ 15.7 ᠲᠦᠮᠡᠨ ᠬᠤᠪᠢ ᠮᠠᠯ ᠵᠢᠭᠦᠷᠲᠡᠨ ᠤ᠋ ᠤᠳᠤᠮᠯᠠᠯ ᠤ᠋ᠨ ᠮᠠᠲ᠋ᠧᠷᠢᠶᠠᠯ ᠤ᠋ᠨ ᠲᠤᠭᠠᠴᠢᠯᠠᠭᠰᠠᠨ ᠳᠠᠩᠰᠠ ᠡᠪᠬᠡᠮᠡᠯ ᠢ᠋ ᠪᠠᠢᠭᠤᠯᠵᠤ᠂ ᠵᠣᠬᠢᠶᠠᠮᠠᠯ ᠣᠶᠤᠨ ᠴᠢᠳᠠᠪᠤᠷᠢ ᠶ᠋ᠢᠨ ᠮᠡᠷᠭᠡᠵᠢᠯ ᠢ᠋ ᠠᠱᠢᠭ᠍ᠯᠠ ᠥᠨᠳᠥᠷ ᠤᠨᠠᠯᠲᠠ ᠲᠠᠶ᠂ ᠡᠪᠡᠳᠴᠢᠨ ᠢ᠋ ᠡᠰᠡᠷᠭᠦᠴᠡᠬᠦ᠌ ᠴᠢᠳᠠᠪᠤᠷᠢ ᠪᠡᠷ ᠰᠠᠢᠨ᠂ ᠬᠦᠢᠲᠡᠨ ᠳ᠋ᠤ ᠲᠡᠰᠪᠦᠷᠢᠲᠡᠶ ᠴᠢᠨᠠᠷ ᠰᠠᠢᠲᠠᠶ ᠭᠧᠨ ᠢ᠋ ᠠᠭᠤᠳᠠᠯᠤᠨ᠂ ᠡᠭᠦᠯᠳᠡᠷ ᠰᠣᠩᠭᠣᠨ ᠪᠣᠢᠵᠢᠭᠤᠯᠬᠤ ᠦᠶᠡᠯᠡᠯ ᠤ᠋ᠨ ᠬᠤᠭᠤᠴᠠᠭ᠎ᠠ ᠵᠢ 30% — 50% ᠪᠡᠷ ᠪᠣᠭᠣᠨᠢᠰᠭᠠᠵᠤ᠂ 3 ᠵᠢᠯ ᠤ᠋ᠨ ᠳᠣᠲᠣᠷ᠎ᠠ ᠦᠪᠤᠷ ᠮᠤᠩᠭᠤᠯ ᠳ᠋ᠦ ᠲᠣᠬᠢᠷᠠᠮᠵᠢᠲᠠᠶ ᠴᠢᠨᠠᠷ ᠰᠠᠢᠲᠠᠶ ᠥᠨᠳᠥᠷ ᠤᠨᠠᠯᠲᠠ ᠲᠠᠶ ᠲᠠᠷᠢᠮᠠᠯ ᠤ᠋ᠨ ᠱᠢᠨ᠎ᠡ ᠡᠭᠦᠯᠳᠡᠷ ᠢ᠋ 30 ᠡᠴᠡ ᠳᠡᠭᠡᠭ᠌ᠰᠢ ᠪᠣᠢᠵᠢᠭᠤᠯᠬᠤ ᠪᠡᠷ ᠴᠢᠷᠮᠠᠢᠨ᠎ᠠ᠃

ᠲᠠᠷᠢᠮᠠᠯ ᠤ᠋ᠨ ᠲᠠᠯ᠎ᠠ ᠪᠡᠷ᠂ ᠤᠶᠤᠨᠴᠢ ᠲᠠᠷᠢᠶᠠᠯᠠᠩ ᠤ᠋ᠨ ᠮᠠᠱᠢᠨ ᠪᠠ ᠪᠠᠷᠠᠭ᠎ᠠ ᠶ᠋ᠢᠨ ᠰᠦᠯᠵᠢᠶᠡᠨ ᠤ᠋ ᠲᠣᠨᠣᠭ ᠲᠥᠬᠥᠭᠡᠷᠦᠮᠵᠢ ᠶ᠋ᠢᠨ ᠬᠡᠷᠡᠭᠯᠡᠭᠡ ᠵᠢ ᠲᠦᠷᠭᠡᠳᠭᠡᠵᠦ᠍᠂ ᠦᠶ᠋ᠯᠡᠳᠪᠦᠷᠢᠯᠡᠯ ᠤ᠋ᠨ ᠦᠷ᠎ᠡ ᠪᠦᠲᠦᠮᠵᠢ ᠵᠢ ᠳᠡᠭᠡᠭ᠌ᠰᠢᠯᠡᠭᠦᠯᠦᠨ᠎ᠡ᠃ ᠪᠦᠬᠦ ᠤᠷᠤᠨ ᠳ᠋ᠤ ᠳᠤᠬᠢᠭᠤᠷ ᠳᠤᠯᠤᠭᠠᠨ ᠤᠳᠤ ᠵᠠᠮᠴᠢᠯᠠᠭ᠎ᠠ ᠶ᠋ᠢᠨ ᠰᠢᠰᠲ᠋ᠸᠮ ᠢ᠋ ᠤᠭᠰᠠᠷᠠᠭᠰᠠᠨ ᠲᠠᠷᠢᠶᠠᠯᠠᠡᠭ ᠤ᠋ᠨ ᠮᠠᠰᠢᠨ ᠢ᠋ 6 ᠲᠦᠮᠡᠨ ᠰᠠᠭᠤᠷᠢ ᠡᠴᠡ ᠳᠠᠪᠠᠭᠤᠯᠤᠨ᠂ ᠤᠰᠤ ᠪᠤᠷᠳᠤᠭᠤᠷ ᠢ᠋ ᠨᠢᠭᠡ ᠴᠤᠭᠴᠠᠵᠢᠭᠤᠯᠤᠭᠰᠠᠨ ᠮᠡᠷᠭᠡᠵᠢᠯ ᠤ᠋ᠨ ᠬᠡᠷᠡᠭᠯᠡᠭᠡ ᠶ᠋ᠢᠨ ᠲᠠᠯᠠᠪᠠᠢ ᠵᠢ 4000 ᠲᠦᠮᠡᠨ ᠮᠦ᠍ ᠡᠴᠡ ᠳᠠᠪᠠᠭᠤᠯᠵᠤ᠂ ᠡᠪᠡᠳᠴᠢᠨ ᠬᠤᠷᠤᠬᠠᠢ ᠶ᠋ᠢᠨ ᠬᠦᠨᠦᠭᠡᠯ ᠢ᠋ ᠬᠢᠨᠡᠨ ᠰᠢᠨᠵᠢᠬᠦ ᠦᠷᠲᠡᠭᠡ ᠵᠢ 310 ᠡᠴᠡ ᠳᠠᠪᠠᠭᠤᠯᠤᠨ᠂ ᠡᠪᠡᠳᠴᠢᠨ ᠬᠤᠷᠤᠬᠠᠢ ᠶ᠋ᠢᠨ ᠬᠦᠨᠦᠭᠡᠯ ᠢ᠋ ᠤᠨᠤᠴᠠᠲᠠᠢ ᠬᠢᠨᠡᠨ ᠰᠢᠨᠵᠢᠵᠤ ᠰᠡᠷᠡᠮᠵᠢᠯᠡᠭᠦᠯᠬᠦ ᠵᠢ ᠪᠡᠶᠡᠯᠡᠭᠦᠯᠦᠨ᠎ᠡ᠃ ᠲᠠᠷᠢᠬᠤ᠂ ᠬᠤᠷᠢᠶᠠᠬᠤ᠂ ᠤᠰᠤᠯᠠᠬᠤ᠂ ᠪᠤᠷᠳᠤᠭᠤᠷ ᠤᠷᠤᠭᠤᠯᠬᠤ᠂ ᠡᠮ ᠰᠦᠷᠴᠢᠬᠦ ᠵᠡᠷᠭᠡ ᠦᠢᠯᠡᠳᠪᠦᠷᠢᠯᠡᠯ ᠬᠠᠮᠢᠶᠠᠷᠤᠯᠲᠠ ᠶ᠋ᠢᠨ ᠪᠦᠬᠦ ᠶᠠᠪᠤᠴᠠ ᠳ᠋ᠦ ᠵᠤᠬᠢᠶᠠᠮᠠᠯ ᠤᠶᠤᠨ ᠴᠢᠳᠠᠪᠤᠷᠢ ᠵᠢᠨ ᠮᠡᠷᠬᠡᠵᠢᠯ ᠢ᠋ ᠬᠡᠷᠡᠭᠯᠡᠨ᠎ᠡ᠃

ᠲᠡᠵᠢᠭᠡᠨ ᠦᠷᠡᠵᠢᠭᠦᠯᠬᠦ᠌ ᠲᠠᠯ᠎ᠠ ᠪᠡᠷ᠂ ᠤᠶᠤᠨᠴᠢ ᠮᠠᠯᠵᠢᠯ ᠤ᠋ᠨ ᠲᠠᠯᠠᠪᠠᠢ ᠶ᠋ᠢᠨ ᠪᠦᠲᠦᠭᠡᠨ ᠪᠠᠢᠭᠤᠯᠤᠯᠲᠠ ᠵᠢ ᠲᠦᠷᠭᠡᠳᠭᠡᠵᠦ᠍᠂ ᠮᠠᠯ ᠠᠵᠤ ᠠᠬᠤᠢ ᠶ᠋ᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠱᠢᠭᠦᠯᠬᠦ᠌ ᠵᠢ ᠠᠬᠢᠭᠤᠯᠤᠨ᠎ᠠ᠃ ᠡᠨᠡ ᠵᠢᠯ ᠮᠠᠨ ᠤ᠋ ᠤᠷᠤᠨ ᠮᠢᠬᠠᠨ ᠤ᠋ ᠦᠬᠡᠷ ᠮᠢᠬᠠᠨ ᠤ᠋ ᠬᠣᠨᠢ ᠶ᠋ᠢᠨ ᠣᠶᠤᠨᠴᠢ ᠮᠠᠯᠵᠢᠯ ᠤ᠋ᠨ ᠲᠠᠯᠠᠪᠠᠶ ᠵᠢ 120 ᠡᠴᠡ ᠳᠡᠭᠡᠭ᠌ᠰᠢ ᠪᠦᠳᠦᠬᠡᠨ ᠪᠠᠢᠭᠤᠯᠬᠤ ᠪᠡᠷ ᠲᠥᠯᠥᠪᠯᠡᠵᠦ᠍᠂ ᠲᠡᠵᠢᠭᠡᠨ ᠠᠷᠠᠴᠢᠯᠠᠬᠤ ᠬᠠᠮᠢᠶᠠᠷᠤᠯᠲᠠ᠂ ᠡᠪᠡᠰᠦ ᠪᠤᠷᠳᠤᠭ᠎ᠠ ᠪᠤᠯᠪᠠᠰᠤᠷᠠᠭᠤᠯᠬᠤ᠂ ᠣᠷᠴᠢᠨ ᠨᠦᠬᠦᠴᠡᠯ ᠢ᠋ ᠬᠢᠨᠠᠨ ᠡᠵᠡᠮᠳᠡᠬᠦ᠌ ᠵᠡᠷᠭᠡ ᠭᠣᠭ᠍ᠴᠣᠭ᠎ᠠ ᠪᠠ ᠮᠡᠷᠭᠡᠵᠢᠯ ᠶ᠋ᠢᠡᠷ ᠭᠤᠤᠯᠳᠠᠯᠭ᠎ᠠ ᠪᠣᠯᠭᠠᠨ ᠦᠪᠤᠷ ᠮᠤᠩᠭᠤᠯ ᠳ᠋ᠤ ᠳᠣᠭᠢᠷᠠᠬᠤ ᠣᠶᠤᠨᠴᠢ ᠮᠠᠯᠵᠢᠯ ᠤ᠋ᠨ ᠲᠣᠨᠣᠭ᠍ᠯᠠᠯ ᠢ᠋ ᠳᠡᠯᠭᠡᠷᠡᠭᠦᠯᠵᠦ᠍᠂ ᠲᠡᠵᠢᠭᠡᠨ ᠦᠷᠡᠵᠢᠭᠦᠯᠬᠦ᠌ ᠭᠣᠭ᠍ᠴᠣᠭ᠎ᠠ ᠶ᠋ᠢᠨ ᠤᠶᠤᠨᠴᠢᠯᠠᠯᠲᠠ ᠪᠠ ᠪᠠᠷᠢᠮᠵᠢᠶᠠᠵᠢᠭᠤᠯᠤᠯᠲᠠ ᠵᠢ ᠪᠡᠶᠡᠯᠡᠭᠦᠯᠦᠨ᠎ᠡ᠃ ᠵᠣᠬᠢᠶᠠᠮᠠᠯ ᠣᠶᠤᠨ ᠴᠢᠳᠠᠪᠤᠷᠢ ᠶ᠋ᠢᠨ ᠮᠡᠷᠭᠡᠵᠢᠯ ᠵᠢᠡᠷ ᠠᠮᠢᠲᠠᠨ ᠤ᠋ ᠭᠡᠮ ᠬᠢᠵᠢᠭ ᠢ᠋ ᠣᠨᠣᠱᠢᠯᠠᠨ ᠡᠮᠨᠡᠬᠦ᠌ ᠳ᠋ᠤ ᠲᠤᠰᠠᠯᠠᠬᠤ ᠵᠢ ᠠᠬᠢᠭᠤᠯᠵᠤ᠂ ᠠᠮᠢᠲᠠᠨ ᠤ᠋ ᠬᠦᠨᠳᠦ ᠶᠡᠬᠡ ᠬᠡᠮ ᠬᠢᠵᠢᠭ ᠤ᠋ᠨ ᠡᠭᠡᠯᠢᠯᠡᠭᠡ ᠶ᠋ᠢᠨ ᠲᠠᠷᠢᠯᠭ᠎ᠠ ᠬᠢᠭᠰᠡᠨ ᠨᠢᠭᠲᠠᠴᠠ ᠵᠢ 90% ᠵᠢ ᠳᠠᠪᠠᠭᠤᠯᠤᠨ᠎ᠠ᠃

ᠬᠢᠨᠠᠯᠲᠠ ᠬᠠᠮᠢᠶᠠᠷᠤᠯᠲᠠ ᠶ᠋ᠢᠨ ᠲᠠᠯ᠎ᠠ ᠪᠡᠷ᠂ ᠪᠥᠬᠥ᠌ ᠬᠡᠯᠬᠢᠶ᠎ᠠ ᠵᠢᠨ ᠲᠣᠭᠠᠴᠢᠯᠠᠭ᠍ᠰᠠᠨ ᠬᠢᠨᠠᠯᠲᠠ ᠬᠠᠮᠢᠶᠠᠷᠤᠯᠲᠠ ᠶ᠋ᠢᠨ ᠰᠦᠯᠵᠢᠶ᠎ᠡ ᠵᠢ ᠰᠠᠢᠲᠤᠷ ᠬᠡᠷᠡᠭ᠌ᠯᠡᠨ᠎ᠡ᠃ ᠤᠳᠤ ᠦᠪᠤᠷ ᠮᠤᠩᠭᠤᠯ ᠤ᠋ᠨ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠶᠠᠰᠤ ᠴᠢᠨᠠᠷ ᠤ᠋ᠨ ᠠᠮᠤᠷ ᠲᠦᠪᠱᠢᠨ ᠤ᠋ ᠲᠣᠮᠣ ᠳ᠋ᠠᠢᠲ᠋ᠠ ᠶ᠋ᠢᠨ ᠲᠠᠪᠴᠠᠩ ᠳ᠋ᠤ ᠨᠢᠭᠡᠨᠲᠡ 2.1 ᠲᠦᠮᠡᠨ ᠭᠤᠤᠯ ᠴᠣᠭ᠍ᠴᠠ ᠳᠠᠩᠰᠠᠯᠠᠭᠤᠯᠵᠤ᠂ ᠨᠡᠢᠲᠡ 44.2 ᠲᠦᠮᠡᠨ ᠡᠯᠧᠺᠲ᠋ᠷᠣᠨ ᠬᠢᠷᠢ ᠲᠡᠩᠴᠡᠭ᠌ᠰᠡᠨ ᠦᠨᠡᠮᠯᠡᠯ ᠬᠠᠩᠭᠠᠪᠠ᠃ ᠲᠠᠷᠠᠭᠠᠴᠢ ᠪᠡᠷ ᠲᠤᠰ ᠲᠠᠪᠴᠠᠩ ᠢ᠋ ᠦᠷᠬᠦᠯᠵᠢᠯᠡᠨ ᠳᠡᠯᠭᠡᠷᠡᠭᠦᠯᠦᠨ ᠬᠡᠷᠡᠭ᠌ᠯᠡᠵᠦ᠍᠂ ᠲᠣᠭᠠᠴᠢᠯᠠᠭ᠍ᠰᠠᠨ ᠬᠢᠨᠠᠯᠲᠠ ᠬᠠᠮᠢᠶᠠᠷᠤᠯᠲᠠ ᠶ᠋ᠢᠨ ᠪᠦᠷᠬᠦᠴᠡ ᠵᠢ ᠴᠢᠨᠠᠭᠰᠢᠳᠠ ᠦᠷᠭᠡᠳᠭᠡᠬᠦ ᠵᠢᠨ ᠬᠠᠮᠳᠤ ᠲᠠᠪᠴᠠᠩ ᠤ᠋ᠨ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠌ ᠵᠢ ᠠᠬᠢᠭᠤᠯᠤᠨ᠂ ᠦᠪᠤᠷ ᠮᠤᠩᠭᠤᠯ ᠤ᠋ᠨ ᠢᠳᠡᠭᠡᠨ ᠤ᠋ ᠠᠮᠤᠷ ᠲᠦᠪᠱᠢᠨ ᠤ᠋ ᠮᠦᠷᠲᠡᠯᠲᠡ ᠶ᠋ᠢᠨ ᠲᠠᠪᠴᠠᠩ ᠯᠤᠭ᠎ᠠ ᠵᠣᠯᠭᠠᠭᠤᠯᠵᠤ᠂ ᠬᠢᠨᠠᠯᠲᠠ ᠬᠠᠮᠢᠶᠠᠷᠤᠯᠲᠠ ᠶ᠋ᠢᠨ ᠮᠡᠳᠡᠭᠡ ᠵᠠᠩᠭᠢ ᠵᠢ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭ᠌ᠯᠡᠬᠦ᠌ ᠵᠢ ᠪᠡᠶᠡᠯᠡᠭᠦᠯᠦᠨ᠎ᠡ᠃ ᠡᠳ᠋ ᠪᠤᠳᠠᠰ ᠤ᠋ᠨ ᠤᠷᠤᠭᠤᠯᠤᠯᠲᠠ ᠶ᠋ᠢᠨ ᠬᠢᠨᠠᠯᠲᠠ ᠬᠠᠮᠢᠶᠠᠷᠤᠯᠲᠠ᠂ ᠮᠠᠯ ᠵᠢᠭᠦᠷᠲᠡᠨ ᠤ᠋ ᠬᠢᠵᠢᠭ ᠢ᠋ ᠪᠠᠢᠴᠠᠭᠠᠬᠤ ᠵᠡᠷᠭᠡ ᠠᠵᠢᠯ ᠤ᠋ᠨ ᠲᠣᠭᠠᠴᠢᠯᠠᠭ᠍ᠰᠠᠨ ᠲᠡᠢᠰᠢ ᠬᠡᠯᠪᠡᠷᠢ ᠪᠡᠨ ᠬᠤᠪᠢᠷᠠᠭᠤᠯᠬᠤ ᠵᠢ ᠲᠦᠷᠭᠡᠳᠬᠡᠨ᠂ ᠢᠳᠡᠭᠡᠨ ᠤ᠋ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠠᠮᠤᠷ ᠲᠦᠪᠱᠢᠨ ᠤ᠋ ᠰᠡᠷᠭᠡᠢᠯᠡᠯᠲᠡ ᠶ᠋ᠢᠨ ᠱᠤᠭᠤᠮ ᠢ᠋ ᠪᠠᠲᠤ ᠴᠣᠭ᠍ᠴᠠᠯᠠᠵᠤ᠂ ᠠᠷᠠᠳ ᠣᠯᠠᠨ ᠤ᠋《ᠢᠳᠡᠭᠡᠨ ᠤᠮᠳᠠᠭᠠᠨ ᠤ᠋ ᠠᠮᠤᠷ ᠲᠦᠪᠱᠢᠨ》 ᠢ᠋ ᠡᠷᠡᠰ ᠰᠠᠬᠢᠨ ᠬᠠᠮᠠᠭᠠᠯᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号