ᠸᠠᠩ ᠸᠧᠶ ᠵᠥᠩ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠤ ᠵᠠᠩ ᠶᠠᠨ ᠺᠦᠨ ᠱ᠌ᠢ ᠭᠤᠸᠠᠩ ᠬᠤᠢ ᠣᠷᠣᠯᠴᠠᠵᠠᠢ
4 ᠰᠠᠷ᠎ᠠ᠎ᠶ᠋ᠢᠨ 29᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠥᠬᠥ᠌ ᠣᠷᠣᠨ᠎ᠤ ᠭᠤᠤᠯᠳᠠᠯᠭ᠎ᠠ᠎ᠲᠠᠶ ᠠᠵᠢᠯ᠎ᠤᠨ ᠲᠣᠬᠢᠷᠠᠭᠤᠯᠤᠯᠲᠠ᠎ᠶ᠋ᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠬᠦ᠌ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ 4 ᠰᠠᠷ᠎ᠠ᠎ᠶ᠋ᠢᠨ 28 ᠤ᠋ ᠡᠳᠦᠷ᠎ᠦᠨ ᠨᠠᠮ᠎ᠤᠨ ᠲᠦᠪ ᠬᠤᠷᠢᠶ᠎ᠠ ᠵᠢᠨ ᠤᠯᠤᠰ ᠲᠥᠷᠥ᠎ᠶ᠋ᠢᠨ ᠲᠣᠪᠴᠢᠶᠠᠨ᠎ᠤ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠬᠣᠶᠠᠳᠤᠭᠠᠷ ᠤᠯᠠᠷᠢᠯ᠎ᠤᠨ ᠠᠵᠤ ᠠᠬᠤᠶ᠎ᠶ᠋ᠢᠨ ᠠᠵᠢᠯ ᠪᠠ 《5·1》 ᠤ᠋ ᠠᠮᠠᠷᠠᠯᠲᠠ᠎ᠶ᠋ᠢᠨ ᠬᠤᠭᠤᠴᠠᠭᠠᠨ᠎ᠤ ᠠᠶᠤᠯᠭᠦᠶ ᠦᠶ᠋ᠯᠡᠳᠪᠦᠷᠢᠯᠡᠯ ᠵᠡᠷᠭᠡ ᠭᠤᠤᠯᠳᠠᠯᠭ᠎ᠠ᠎ᠲᠠᠶ ᠠᠵᠢᠯ᠎ᠢ ᠰᠠᠢᠲᠤᠷ ᠬᠢᠬᠦ᠌ ᠲᠤᠬᠠᠶ ᠳᠠᠬᠢᠨ ᠪᠠᠢᠷᠢᠯᠠᠭᠤᠯᠵᠤ ᠳᠠᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶ᠎ᠠ ᠵᠢᠨ ᠱᠦᠵᠢ ᠱ᠌ᠢ ᠭᠤᠸᠠᠩ ᠬᠣᠶ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶ᠋ᠢᠨ ᠵᠥᠪᠯᠡᠯᠭᠡᠨ᠎ᠦ ᠬᠣᠯᠪᠣᠭ᠍ᠳᠠᠯ ᠪᠥᠬᠥᠶ ᠤᠳᠤᠷᠢᠳᠭᠤ ᠨᠥᠬᠥᠳ ᠬᠤᠷᠠᠯ᠎ᠳᠤ ᠣᠷᠣᠯᠴᠠᠵᠠᠶ᠃
ᠸᠠᠩ ᠸᠧᠢ ᠵᠦᠩ ᠶᠠᠷᠢᠶᠠᠨ᠎ᠳᠠᠭᠠᠨ᠂ ᠵᠢᠯ᠎ᠤᠨ ᠡᠬᠢᠨ᠎ᠡᠴᠡ ᠨᠠᠭᠠᠰᠢ᠂ ᠣᠷᠣᠨ ᠳᠠᠶᠠᠭᠠᠷ᠎ᠢᠶᠡᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ᠎ᠤᠨ ᠠᠮᠤᠷ ᠲᠦᠪᠱᠢᠨ ᠪᠠ ᠨᠡᠢᠭᠡᠮ᠎ᠦᠨ ᠲᠣᠭ᠍ᠲᠠᠭᠤᠨ᠎ᠢ ᠪᠦᠬᠦ᠌ ᠬᠦᠴᠦᠨ᠎ᠢᠶᠡᠷ ᠬᠠᠮᠠᠭᠠᠯᠠᠵᠤ᠂ ᠲᠦᠷᠦᠭᠦᠦ ᠤᠯᠠᠷᠢᠯ᠎ᠳᠤ ᠪᠦᠬᠦ᠌ ᠣᠷᠣᠨ᠎ᠤ ᠠᠵᠤ ᠠᠬᠤᠢ᠎ᠶ᠋ᠢᠨ ᠡᠷᠭᠢᠯᠲᠡ ᠶᠡᠷᠦᠩᠬᠡᠢ᠎ᠳᠡᠭᠡᠨ ᠲᠣᠭ᠍ᠲᠠᠭᠤᠨ ᠪᠠᠢᠵᠤ᠂ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠪᠡ᠃ ᠬᠥᠭ᠌ᠵᠢᠯᠲᠡ ᠪᠠ ᠠᠮᠤᠷ ᠲᠦᠪᠱᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ ᠬᠥᠭ᠌ᠵᠢᠯᠲᠡ᠎ᠶ᠋ᠢ ᠠᠳᠭᠤᠬᠤ᠂ ᠲᠣᠭ᠍ᠲᠠᠭᠤᠨ᠎ᠢ ᠪᠠᠲᠤᠯᠠᠬᠤ ᠬᠠᠷᠢᠭᠤᠴᠠᠯᠭᠠᠲᠤ ᠰᠡᠳᠭᠢᠯᠭᠡ ᠪᠠ ᠲᠤᠯᠭᠠᠮ ᠪᠤᠳᠤᠯ᠎ᠢᠶᠠᠨ ᠦᠨᠡᠨ ᠬᠦ᠌ ᠴᠢᠩᠭᠠᠳᠭᠠᠵᠤ᠂ ᠰᠠᠢ᠌ᠨ ᠬᠠᠨᠳᠤᠰᠢ᠎ᠶ᠋ᠢ ᠪᠡᠬᠢᠵᠢᠭᠦᠯᠵᠦ᠍᠂ ᠠᠨᠠᠢ ᠲᠠᠯ᠎ᠠ᠎ᠶ᠋ᠢ ᠨᠥᠬᠥᠪᠥᠷᠢᠯᠡᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭ᠌ᠲᠡᠢ ᠭᠡᠵᠤ ᠬᠡᠯᠡᠪᠡ᠃
ᠸᠠᠩ ᠸᠧᠢ ᠵᠦᠩ᠂ ᠭᠣᠣᠯᠳᠠᠯᠭ᠎ᠠ᠎ᠲᠠᠶ ᠬᠦᠷᠢᠶ᠎ᠡ ᠵᠢ ᠴᠢᠩᠭ᠎ᠠ ᠠᠩᠬᠠᠷᠴᠤ ᠲᠥᠪᠯᠡᠷᠡᠭᠦᠯᠦᠨ ᠪᠣᠭᠣᠮᠲᠠ ᠱᠢᠪᠲᠤᠯᠵᠤ᠂ ᠨᠡᠩ ᠶᠡᠬᠡ ᠡᠷᠴᠢᠮ ᠪᠣᠯᠤᠨ ᠨᠡᠩ ᠪᠣᠳᠠᠲᠠᠢ ᠠᠷᠭ᠎ᠠ ᠬᠡᠮᠵᠢᠢ᠎ᠡ᠎ᠪᠡᠷ ᠬᠣᠶᠠᠳᠤᠭᠠᠷ ᠤᠯᠠᠷᠢᠯ᠎ᠤᠨ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌ ᠬᠡᠷᠡᠭ᠌ᠲᠡᠢ᠃ ᠴᠢᠬᠤᠯᠠ ᠶᠡᠬᠡ ᠲᠥᠷᠥᠯ ᠵᠦᠶ᠋ᠯ᠎ᠦᠨ ᠬᠣᠯᠪᠣᠭᠠᠯᠠᠨ ᠬᠢᠨᠠᠵᠤ ᠬᠣᠯᠪᠣᠭᠠᠯᠠᠨ ᠵᠥᠪᠱᠢᠶᠡᠷᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠠᠬᠢᠴᠠ᠎ᠶ᠋ᠢ ᠲᠦᠷᠭᠡᠳᠭᠡᠨ᠂ ᠤᠰᠤᠨ ᠲᠤᠤᠷ᠂ ᠱᠢᠨ᠎ᠡ ᠬᠡᠯᠪᠡᠷᠢ᠎ᠶ᠋ᠢᠨ ᠴᠠᠬᠢᠯᠭᠠᠨ ᠲᠤᠤᠷ᠂ ᠪᠤᠳᠤᠯᠲᠠ ᠵᠢᠨ ᠬᠦᠴᠦᠨ᠎ᠦ ᠲᠤᠤᠷ᠂ ᠱᠢᠨ᠎ᠡ ᠨᠢᠭᠡ ᠦᠶ᠎ᠡ᠎ᠶ᠋ᠢᠨ ᠴᠢᠮᠡᠭᠡ ᠬᠣᠯᠪᠣᠭᠠᠨ᠎ᠤ ᠲᠤᠤᠷ᠂ ᠬᠣᠲᠠ᠎ᠶ᠋ᠢᠨ ᠭᠠᠵᠠᠷ ᠳᠤᠤᠷᠠᠬᠢ ᠬᠣᠭᠣᠯᠠᠶ᠎ᠶ᠋ᠢᠨ ᠲᠤᠤᠷ᠂ ᠪᠠᠷᠠᠭᠠᠨ᠎ᠤ ᠭᠦᠶ᠋ᠯᠭᠡᠭᠡ᠎ᠵᠢᠨ ᠲᠤᠤᠷ ᠵᠡᠷᠭᠡ᠎ᠶ᠋ᠢᠨ ᠲᠥᠯᠥᠪᠵᠢᠭᠦᠯᠭᠡ ᠪᠥᠲᠥᠭᠡᠨ ᠪᠠᠢᠭᠤᠯᠤᠯᠲᠠ᠎ᠶ᠋ᠢ ᠰᠠᠢᠲᠤᠷ ᠠᠳᠭᠤᠵᠤ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠬᠥᠲᠥᠯᠦᠨ ᠳᠠᠭᠠᠭᠤᠯᠬᠤ ᠦᠶ᠋ᠯᠡᠳᠦᠯ᠎ᠢ ᠠᠱᠢᠭ᠍ᠯᠠᠨ ᠠᠷᠠᠯᠵᠢᠶᠠᠴᠢᠨ ᠤᠷᠢᠵᠤ ᠪᠠᠯᠠ ᠮᠦᠩᠭᠦ ᠤᠷᠤᠭᠤᠯᠤᠨ ᠠᠪᠴᠢᠷᠠᠬᠤ᠎ᠶ᠋ᠢ ᠶᠡᠬᠡ ᠪᠡᠷ ᠠᠳᠭᠤᠵᠤ᠂ ᠪᠠᠯᠠ ᠣᠷᠣᠭᠤᠯᠤᠯᠲᠠ᠎ᠶ᠋ᠢᠨ ᠲᠣᠭ᠍ᠲᠠᠭᠤᠨ᠎ᠢᠶᠠᠷ ᠨᠡᠮᠡᠭ᠌ᠳᠡᠬᠦ᠌᠎ᠶ᠋ᠢ ᠪᠠᠲᠤᠯᠠᠬᠤ ᠬᠡᠷᠡᠭᠲᠡᠢ᠃ ᠡᠨᠧᠷᠭᠢ᠂ ᠥᠩᠭᠡᠲᠦ ᠲᠡᠮᠦᠷᠯᠢᠭ᠂ ᠬᠢᠮᠢ᠎ᠶ᠋ᠢᠨ ᠠᠵᠤ ᠦᠶ᠋ᠯᠡᠳᠪᠦᠷᠢ᠂ ᠬᠣᠪᠣᠷ ᠱᠢᠷᠣᠶ ᠵᠡᠷᠭᠡ ᠬᠦᠷᠢᠶ᠎ᠡ᠎ᠶ᠋ᠢᠨ ᠭᠤᠤᠯᠳᠠᠯᠭ᠎ᠠ᠎ᠲᠠᠶ ᠠᠵᠤ ᠠᠬᠤᠢᠯᠠᠯ᠎ᠢ ᠬᠥᠲᠥᠯᠦᠨ ᠵᠢᠯᠣᠭᠣᠳᠴᠤ᠌ ᠪᠠᠢᠭᠠᠳ ᠦᠶ᠋ᠯᠡᠳᠪᠦᠷᠢᠯᠡᠯ᠎ᠢᠶᠡᠨ ᠲᠣᠭ᠍ᠲᠠᠪᠤᠷᠢᠵᠢᠭᠤᠯᠤᠨ ᠪᠦᠬᠦ ᠬᠦᠴᠦᠨ᠎ᠢᠶᠡᠷ᠎ᠢᠶᠡᠨ ᠦᠶ᠋ᠯᠡᠳᠪᠦᠷᠢᠯᠡᠵᠦ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠮᠠᠯ ᠠᠵᠤ ᠠᠬᠤᠶ᠎ᠲᠠᠷᠢᠶᠠᠯᠠᠩ᠎ᠤᠨ ᠮᠠᠱᠢᠨ ᠮᠧᠬᠠᠨᠢᠭ᠂ ᠣᠶᠤᠨᠴᠢ ᠦᠶ᠋ᠯᠡᠳᠭᠡᠯ ᠵᠡᠷᠭᠡ ᠲᠡᠷᠢᠭᠦᠨ᠎ᠦ ᠦᠶ᠋ᠯᠡᠳᠬᠦ᠌ ᠦᠶ᠋ᠯᠡᠰ᠎ᠢ ᠶᠡᠬᠡ ᠪᠡᠷ ᠬᠥᠭ᠌ᠵᠢᠭᠦᠯᠦᠨ᠂ 《ᠵᠣᠬᠢᠶᠠᠮᠠᠯ ᠣᠶᠤᠨ ᠴᠢᠳᠠᠪᠤᠷᠢ +》 ᠠᠵᠢᠯᠯᠠᠭ᠎ᠠ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠳᠣᠭᠢᠷᠠᠭᠤᠯᠤᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠦ᠍᠂ ᠠᠵᠤ ᠦᠶ᠋ᠯᠡᠳᠪᠦᠷᠢ᠎ᠶ᠋ᠢᠨ ᠬᠤᠷᠳᠤᠴᠠ᠎ᠶ᠋ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠬᠡᠷᠡᠭᠲᠡᠢ᠃ ᠦᠢᠯᠡᠴᠢᠯᠡᠭᠡᠨ᠎ᠦ ᠦᠢᠯᠡᠰ᠎ᠦᠨ ᠴᠢᠳᠠᠮᠵᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠦ᠂ ᠬᠡᠷᠡᠭᠯᠡᠭᠡᠨ᠎ᠦ ᠵᠦᠢᠯ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ᠎ᠶᠢ ᠶᠡᠬᠡ ᠪᠡᠷ ᠠᠬᠢᠭᠤᠯᠵᠤ᠂ ᠭᠡᠷ ᠭᠠᠵᠠᠷ ᠤᠨ ᠬᠥᠷᠥᠩᠭᠡ᠎ᠶᠢᠨ ᠵᠠᠬ᠎ᠠ ᠳᠡᠯᠭᠡᠭᠦᠷ᠎ᠢ ᠴᠢᠷᠮᠠᠢᠨ ᠲᠣᠭᠲᠠᠪᠤᠷᠢᠵᠢᠭᠤᠯᠵᠤ᠂ 《ᠬᠠᠮᠤᠭ᠎ᠤᠨ ᠭᠤᠢᠳᠠ ᠰᠢᠵᠢᠷ ᠠᠯᠲᠠᠨ ᠤᠯᠠᠷᠢᠯ·ᠥᠪᠥᠷ ᠮᠣᠩᠭᠣᠯ᠎ᠢᠶᠠᠷ ᠳᠠᠪᠠᠳᠠᠢ ᠠᠶᠠᠯᠠᠬᠤᠢ》 ᠬᠡᠷᠡᠭᠯᠡᠭᠡ᠎ᠶᠢ ᠠᠬᠢᠭᠤᠯᠬᠤ ᠠᠵᠢᠯᠯᠠᠭ᠎ᠠ᠎ᠶᠢ ᠰᠠᠢᠲᠤᠷ ᠤᠬᠠᠭᠠᠯᠠᠵᠤ ᠲᠦᠯᠦᠪᠯᠡᠨ ᠬᠡᠷᠡᠭᠵᠢᠭᠦᠯᠵᠦ᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠬᠡᠷᠡᠭᠵᠢᠭᠦᠯᠬᠦ᠎ᠶᠢᠨ ᠲᠣᠭᠣᠷᠢᠨ᠎ᠳᠤ ᠠᠮᠢᠳᠤᠷᠠᠯ᠎ᠤᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠦᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠤ᠂ ᠦᠢᠯᠡᠴᠢᠯᠡᠭᠡᠨ᠎ᠦ ᠦᠢᠯᠡᠰ᠎ᠦᠨ ᠲᠦᠷᠭᠡᠨ ᠬᠥᠭᠵᠢᠬᠦ᠎ᠶᠢ ᠠᠬᠢᠭᠤᠯᠬᠤ ᠬᠡᠷᠡᠭᠳᠡᠢ᠃ ᠮᠠᠯ ᠠᠵᠤ ᠠᠬᠤᠢ ᠲᠠᠷᠢᠶᠠᠯᠠᠩ᠎ᠤᠨ ᠦᠢᠯᠡᠳᠪᠦᠷᠢᠯᠡᠯ᠎ᠢ ᠥᠴᠥᠬᠡᠨ ᠴᠦ᠍ ᠰᠤᠯᠠᠷᠠᠭᠤᠯᠤᠯ ᠦᠭᠡᠢ ᠰᠠᠢᠲᠤᠷ ᠠᠳᠬᠤᠵᠤ᠂ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ᠎ᠦᠨ ᠬᠠᠩᠭᠠᠯᠭ᠎ᠠ᠂ ᠲᠠᠷᠢᠶᠠᠯᠠᠩ᠎ᠤᠨ ᠵᠢᠭᠡᠯᠡᠯᠭᠡ ᠲᠠᠯᠪᠢᠬᠤ ᠵᠡᠷᠭᠡ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠡᠪᠡᠰᠦ ᠪᠣᠷᠳᠣᠭ᠎ᠠ ᠵᠢᠨ ᠬᠠᠩᠭᠠᠯᠭ᠎ᠠ᠎ᠶᠢ ᠳᠡᠭᠡᠭᠰᠢᠯᠡᠭᠦᠯᠬᠦ᠂ ᠮᠢᠬᠠᠨ᠎ᠤ ᠦᠬᠡᠷ ᠮᠢᠬᠠᠨ᠎ᠤ ᠬᠣᠨᠢᠨ᠎ᠤ ᠭᠠᠷᠤᠯᠲᠠᠪᠡ ᠦᠷ᠎ᠡ ᠠᠰᠢᠭ᠋᠎ᠢ ᠨᠡᠮᠡᠭᠳᠡᠭᠦᠯᠬᠦ᠂ ᠰᠦ᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ 《ᠭᠤᠷᠪᠠᠨ ᠠᠵᠢᠯᠯᠠᠭ᠎ᠠ》 ᠶ᠋ᠢ ᠨᠠᠷᠢᠨ ᠨᠢᠮᠪᠠᠢ ᠵᠣᠬᠢᠶᠠᠨ ᠪᠠᠢᠭᠤᠯᠤᠨ ᠬᠡᠷᠡᠭᠵᠢᠭᠦᠯᠬᠦ ᠬᠡᠷᠡᠭᠳᠡᠢ᠃ ᠠᠮᠢ ᠠᠬᠤᠢ᠎ᠶᠢᠨ ᠪᠦᠳᠦᠭᠡᠨ ᠪᠠᠢᠭᠤᠯᠤᠯᠲᠠ᠎ᠶᠢ ᠠᠬᠢᠭᠤᠯᠵᠤ᠂《ᠤᠮᠠᠷᠠᠲᠤ᠎ᠶᠢᠨ ᠭᠤᠷᠪᠠᠨ ᠣᠷᠣᠨ》᠎ᠤ᠋ ᠢᠨᠵᠧᠨᠧᠷᠢᠩ᠎ᠦᠨ ᠪᠤᠭᠤᠮᠳᠠ ᠰᠢᠪᠲᠤᠯᠬᠤ ᠳᠠᠢᠯᠠᠯᠳᠤᠭᠠᠨ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠬᠦ ᠬᠡᠷᠡᠭᠳᠡᠢ᠃ ᠨᠡᠩ ᠥᠨᠳᠥᠷ ᠲᠡᠰ ᠳᠠᠪᠬᠤᠷᠭ᠎ᠠ᠎ᠶᠢᠨ ᠨᠡᠭᠡᠭᠡᠯᠲᠡᠲᠤ ᠬᠡᠯᠪᠡᠷᠢ᠎ᠶᠢᠨ ᠠᠵᠤ ᠠᠬᠤᠢ᠎ᠶᠢ ᠬᠥᠭᠵᠢᠭᠦᠯᠵᠦ᠂ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠵᠡᠷᠭᠡ ᠡᠯ᠎ᠡ ᠲᠦᠷᠦᠯ᠎ᠦᠨ ᠲᠠᠪᠴᠠᠩ᠎ᠤᠨ ᠪᠠᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠬᠤᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠎ᠶᠢ ᠶᠡᠬᠡ ᠪᠡᠷ ᠬᠥᠭᠵᠢᠭᠦᠯᠵᠦ᠂ ᠭᠠᠳᠠᠭᠠᠳᠤ ᠠᠷᠠᠯᠵᠢᠶᠠᠨ᠎ᠤ ᠬᠡᠪᠴᠢᠶ᠎ᠡ᠎ᠶᠢ ᠥᠷᠭᠡᠳᠬᠡᠵᠦ᠂ ᠳᠣᠲᠣᠭᠠᠳᠤ ᠬᠠᠮᠲᠤᠷᠠᠯᠴᠠᠭ᠎ᠠ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠪᠦᠬᠦ ᠣᠷᠣᠨ ᠪᠦᠰᠡ᠎ᠶᠢᠨ ᠨᠡᠭᠡᠭᠡᠯᠲᠡᠲᠤ ᠲᠠᠪᠴᠠᠩ᠎ᠢ ᠪᠠᠢᠭᠤᠯᠬᠤ ᠬᠡᠷᠡᠭᠳᠡᠢ ᠭᠡᠵᠤ ᠴᠢᠬᠤᠯᠠᠴᠢᠯᠠᠪᠠ᠃
ᠸᠠᠩ ᠸᠧᠢ ᠵᠥᠩ᠂ ᠪᠠᠶᠠᠷ ᠳᠤᠷᠠᠰᠬᠠᠯ ᠠᠮᠠᠷᠠᠯᠳᠠ ᠵᠢᠨ ᠡᠳᠦᠷ᠎ᠦᠨ ᠡᠮᠦᠨ᠎ᠡ ᠬᠣᠢᠨ᠎ᠠ ᠪᠣᠯ ᠡᠨᠳᠡᠯ ᠬᠡᠷᠡᠭ ᠠᠮᠠᠷᠬᠠᠨ ᠪᠥᠭᠡᠳ ᠣᠯᠠᠨ ᠭᠠᠷᠳᠠᠭ ᠬᠤᠭᠤᠴᠠᠭ᠎ᠠ ᠪᠣᠯᠣᠨ᠎ᠠ᠃ 《5·1》 ᠤ᠋ ᠠᠮᠠᠷᠠᠯᠲᠠ᠎ᠶᠢᠨ ᠡᠮᠦᠨ᠎ᠡ ᠬᠣᠢᠨᠠᠬᠢ ᠠᠮᠤᠷ ᠲᠦᠪᠰᠢᠨ᠎ᠦ ᠰᠡᠷᠭᠡᠢᠯᠡᠯᠲᠡ᠎ᠶᠢᠨ ᠠᠵᠢᠯ᠎ᠢ ᠴᠢᠩᠭᠠᠳᠬᠠᠵᠤ᠂ ᠬᠠᠷᠢᠭᠤᠴᠠᠯᠭ᠎ᠠ᠎ᠶᠢ ᠪᠣᠳᠠᠲᠠᠢᠵᠢᠭᠤᠯᠬᠤ ᠪᠠ ᠮᠥᠨ ᠴᠢᠨᠠᠷ᠎ᠤᠨ ᠠᠮᠤᠷ ᠲᠦᠪᠰᠢᠨ᠎ᠢ ᠳᠡᠭᠡᠭᠰᠢᠯᠡᠭᠦᠯᠬᠦ᠎ᠪᠡᠷ ᠳᠠᠮᠵᠢᠨ ᠡᠯ᠎ᠡ ᠵᠦᠢᠯ᠎ᠦᠨ ᠠᠵᠢᠯ᠎ᠢ ᠨᠠᠷᠢᠯᠢᠭᠵᠢᠭᠤᠯᠵᠤ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ ᠪᠠ ᠨᠡᠢᠭᠡᠮ᠎ᠦᠨ ᠲᠣᠭᠲᠠᠭᠤᠨ᠎ᠢ ᠬᠠᠮᠠᠭᠠᠯᠠᠬᠤ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ᠂ ᠠᠭᠤᠷᠬᠠᠢ᠂ ᠠᠵᠤ ᠦᠢᠯᠡᠳᠪᠦᠷᠢ ᠠᠷᠠᠯᠵᠢᠶ᠎ᠠ᠂ ᠠᠶᠤᠯᠲᠠᠢ ᠬᠢᠮᠢ᠎ᠶᠢᠨ ᠪᠦᠲᠦᠭᠡᠭᠳᠡᠭᠦᠨ᠂ ᠢᠳᠡᠭᠡᠨ ᠪᠠ ᠡᠮ᠎ᠤᠨ ᠵᠦᠢᠯᠡᠰ ᠵᠡᠷᠭᠡ ᠭᠣᠣᠯᠳᠠᠯᠭ᠎ᠠ᠎ᠲᠠᠢ ᠠᠵᠢᠯ ᠲᠥᠷᠥᠯ᠎ᠦᠨ ᠬᠦᠷᠢᠶᠡᠨ᠎ᠤ ᠠᠮᠤᠷ ᠲᠦᠪᠰᠢᠨ᠎ᠢ ᠰᠡᠷᠭᠡᠢᠯᠡᠨ ᠡᠵᠡᠮᠳᠡᠬᠦ᠎ᠶᠢ ᠴᠢᠩᠭᠠᠳᠬᠠᠵᠤ᠂ ᠲᠣᠮᠣ᠌ ᠬᠡᠯᠪᠡᠷᠢ᠎ᠶᠢᠨ ᠶᠡᠷᠦᠩᠬᠡᠢᠯᠡᠭᠰᠡᠨ ᠴᠣᠭᠴᠠ᠂ ᠬᠣᠭᠣᠯᠠ ᠤᠮᠳᠠ ᠬᠣᠨᠣᠭ ᠪᠠᠭᠤᠳᠠᠯ᠂ ᠵᠢᠭᠤᠯᠴᠢᠯᠠᠯ᠎ᠤᠨ ᠦᠵᠡᠮᠵᠢ᠎ᠶᠢᠨ ᠣᠷᠣᠨ᠂ ᠲᠡᠤᠬᠡ ᠵᠢᠨ ᠲᠤᠷᠠᠰᠬᠠᠯᠲᠤ ᠵᠦᠢᠯᠡᠰ ᠮᠦᠽᠧᠢ ᠵᠤᠭ᠎ᠠ ᠴᠡᠨᠭᠬᠡᠭᠦᠨ᠂ ᠨᠠᠰᠤᠵᠢᠯ᠎ᠤᠨ ᠠᠰᠠᠷᠠᠮᠵᠢ᠎ᠶᠢᠨ ᠪᠠᠢᠭᠤᠯᠤᠮᠵᠢ ᠵᠡᠷᠭᠡ ᠬᠥᠮᠥᠨ ᠣᠯᠠᠨ ᠴᠤᠭᠯᠠᠷᠠᠬᠤ ᠭᠠᠵᠠᠷ᠎ᠤᠨ ᠭᠠᠯ᠎ᠢ ᠰᠡᠷᠭᠡᠢᠯᠡᠬᠦ ᠠᠮᠤᠷ ᠲᠦᠪᠰᠢᠨ᠎ᠦ ᠪᠠᠢᠴᠠᠭᠠᠯᠲᠠ᠎ᠶᠢ ᠴᠢᠩᠭᠠᠳᠬᠠᠵᠤ᠂ ᠬᠦᠨᠳᠦ ᠣᠨᠴᠠ ᠶᠡᠬᠡ ᠡᠨᠳᠡᠯ ᠬᠡᠷᠡᠭ ᠭᠠᠷᠬᠤ᠎ᠶᠢ ᠡᠷᠡᠰ ᠬᠣᠷᠢᠭ᠍ᠯᠠᠵᠤ᠂ ᠡᠩ᠎ᠦᠨ ᠡᠨᠳᠡᠯ ᠬᠡᠷᠡᠭ᠎ᠢ ᠪᠠᠭᠠᠰᠬᠠᠬᠤ ᠬᠡᠷᠡᠭᠳᠡᠢ᠃ ᠣᠢ ᠱᠢᠭᠤᠶ ᠨᠤᠲᠤᠭ ᠪᠡᠯᠴᠢᠭᠡᠷ᠎ᠦᠨ ᠭᠠᠯ᠎ᠤᠨ ᠭᠠᠮᠱᠢᠭ ᠪᠠ ᠦᠶᠡᠷ᠎ᠦᠨ ᠬᠤᠭᠤᠴᠠᠭᠠᠨ᠎ᠤ ᠠᠮᠤᠷ ᠲᠦᠪᠱᠢᠨ᠎ᠦ ᠰᠡᠷᠭᠡᠢᠯᠡᠯᠲᠡ᠎ᠶ᠋ᠢ ᠰᠠᠢᠲᠤᠷ ᠬᠢᠵᠦ᠍᠂ ᠲᠣᠨᠣᠭ ᠲᠥᠬᠥᠭᠡᠷᠦᠮᠵᠢ᠂ ᠡᠳ᠋ ᠪᠣᠳᠠᠰ ᠪᠠ ᠬᠦᠴᠦᠨ ᠴᠢᠳᠠᠯ᠎ᠢ ᠡᠷᠲᠡᠬᠡᠨ ᠪᠡᠯᠡᠳᠭᠡᠬᠦ ᠬᠡᠷᠡᠭᠳᠡᠢ᠃ ᠨᠡᠢᠭᠡᠮ᠎ᠦᠨ ᠠᠮᠤᠷ᠎ᠢ ᠬᠠᠮᠠᠭᠠᠯᠠᠬᠤ ᠪᠦᠬᠦᠯᠢ ᠴᠣᠭ᠍ᠴᠠ᠎ᠶ᠋ᠢᠨ ᠰᠡᠷᠭᠡᠢᠯᠡᠨ ᠡᠵᠡᠮᠳᠡᠬᠦ᠌ ᠱᠢᠰᠲ᠋ᠧᠮ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠵᠥᠷᠢᠴᠡᠯ ᠵᠠᠭᠤᠷᠠᠯᠳᠤᠭᠠᠨ᠎ᠢ ᠦᠨᠳᠦᠰᠦᠨ ᠱᠠᠲᠤᠨ᠎ᠳᠤ ᠱᠢᠢᠳᠪᠦᠷᠢᠯᠡᠵᠦ᠍᠂ ᠲᠤᠬᠠᠢ᠎ᠶ᠋ᠢᠨ ᠭᠠᠵᠠᠷ᠎ᠲᠤ ᠨᠢ ᠱᠢᠢᠳᠪᠦᠷᠢᠯᠡᠵᠦ᠍᠂ ᠴᠤᠬᠤᠢᠵᠤ ᠪᠠᠢᠬᠤ᠎ᠳᠤᠨᠢ ᠱᠢᠢᠳᠪᠦᠷᠢᠯᠡᠬᠦ ᠬᠡᠷᠡᠭᠳᠡᠢ ᠭᠡᠵᠦ ᠵᠢᠭᠠᠵᠤ ᠭᠠᠷᠭᠠᠪᠠ᠃
ᠸᠠᠩ ᠸᠧᠢ ᠵᠦᠩ᠂ ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂ ᠬᠥᠭ᠌ᠵᠢᠯᠲᠡ᠎ᠶ᠋ᠢ ᠠᠳᠭᠤᠬᠤ᠂ ᠲᠣᠭ᠍ᠲᠠᠭᠤᠨ᠎ᠢ ᠪᠠᠲᠤᠯᠠᠬᠤ ᠬᠠᠷᠢᠭᠤᠴᠠᠯᠭ᠎ᠠ᠎ᠶ᠋ᠢ ᠦᠨᠡᠨ ᠬᠦ᠌ ᠪᠠᠲᠤ ᠡᠭᠦᠷᠭᠡᠯᠡᠵᠦ᠍᠂ ᠬᠠᠷᠢᠭᠤᠴᠠᠯᠭ᠎ᠠ ᠪᠣᠯᠤᠨ ᠳᠠᠷᠤᠯᠲᠠ᠎ᠶ᠋ᠢ ᠦᠨᠳᠦᠰᠦᠨ ᠱᠠᠳᠤ ᠪᠣᠯᠤᠨ ᠡᠮᠦᠨ᠎ᠡ ᠹᠷᠣᠨᠲ᠎ᠲᠤ ᠳᠠᠮᠵᠢᠭᠤᠯᠬᠤ ᠬᠡᠷᠡᠭ᠌ᠲᠡᠢ᠃ ᠡᠯᠧᠮᠧᠨ᠋ᠲ᠎ᠦᠨ ᠪᠠᠲᠤᠯᠠᠭ᠎ᠠ᠎ᠶ᠋ᠢ ᠴᠢᠩᠭᠠᠳᠭᠠᠵᠤ᠂ 《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠣᠨ》 ᠤ᠋ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠠᠵᠤ ᠠᠬᠤᠢᠯᠠᠯ᠎ᠳᠤ ᠥᠷᠢᠲᠦᠵᠦ᠍ ᠪᠠᠢᠭ᠎ᠠ ᠵᠣᠭᠣᠰ᠎ᠢ ᠲᠦᠷᠭᠡᠪᠴᠢᠯᠡᠨ ᠳᠥᠯᠥᠵᠦ᠍᠂ ᠡᠯ᠎ᠡ ᠲᠥᠷᠥᠯ᠎ᠦᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠪᠠᠯᠠ ᠬᠤᠷᠠᠮᠳᠤᠭᠤᠯᠬᠤ ᠬᠡᠷᠡᠭ᠌ᠴᠡᠭᠡ᠎ᠶ᠋ᠢ ᠨᠠᠩ ᠰᠠᠢᠨ ᠪᠠᠲᠤᠯᠠᠬᠤ ᠬᠡᠷᠡᠭᠳᠡᠢ᠃ ᠵᠣᠬᠢᠴᠠᠭᠤᠯᠵᠤ ᠬᠣᠯᠪᠣᠭᠠᠯᠠᠨ ᠬᠥᠳᠡᠯᠦᠯᠴᠡᠬᠦ᠌ ᠪᠠᠨ ᠴᠢᠩᠭᠠᠳᠭᠠᠵᠤ᠂ ᠵᠠᠰᠠᠭ᠎ᠤᠨ ᠠᠵᠢᠯ᠎ᠤᠨ ᠪᠦᠳᠦᠮᠵᠢ᠎ᠶᠢᠨ ᠳᠤᠬᠠᠢ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠭᠦᠨᠵᠡᠭᠡᠶ ᠥᠷᠨᠢᠭᠦᠯᠵᠦ᠍᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶ᠋ᠢ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠥᠨᠳᠥᠷ ᠲᠦᠪᠱᠢᠨ ᠪᠥᠬᠥᠶ ᠠᠮᠤᠷ ᠲᠦᠪᠱᠢᠨ᠎ᠢ ᠪᠠᠲᠤᠯᠠᠬᠤ ᠪᠣᠳᠠᠲᠤ ᠦᠷ᠎ᠡ ᠪᠦᠲᠦᠮᠵᠢ ᠪᠣᠯᠭᠠᠨ ᠤᠨᠳᠤᠤᠰᠢᠭᠤᠯᠬᠤ ᠬᠡᠷᠡᠭᠳᠡᠢ᠃ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠢᠩᠭ᠎ᠠ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠢᠯᠡ᠎ᠪᠡᠷ ᠪᠠᠢᠴᠠᠭᠠᠵᠤ ᠨᠢᠭᠤᠴᠠ ᠪᠡᠷ ᠰᠤᠷᠪᠤᠯᠵᠢᠯᠠᠬᠤ ᠡᠷᠴᠢᠮ᠎ᠢᠶᠡᠨ ᠴᠢᠩᠭᠠᠷᠠᠭᠤᠯᠵᠤ᠂ ᠰᠤᠷᠲᠠᠯ ᠢᠯᠵᠢᠷᠡᠯ᠎ᠢ ᠬᠠᠮᠲᠤᠳᠤᠨᠢ ᠪᠠᠢᠴᠠᠭᠠᠬᠤ᠎ᠶ᠋ᠢ ᠭᠦᠨᠵᠡᠭᠡᠢᠷᠡᠭᠦᠯᠵᠦ᠍᠂ ᠲᠦᠷᠢᠮ᠎ᠡᠴᠡ ᠵᠥᠷᠢᠴᠡᠨ ᠢᠳᠡᠵᠦ᠍ ᠤᠤᠭᠤᠬᠤ᠂ ᠲᠦᠷᠢᠮ᠎ᠡᠴᠡ ᠵᠥᠷᠢᠴᠡᠨ ᠪᠡᠯᠡᠭ ᠰᠡᠯᠲᠡ ᠪᠡᠯᠡᠭ᠎ᠦᠨ ᠵᠣᠭᠣᠰ ᠬᠤᠷᠢᠶᠠᠵᠤ ᠬᠦᠷᠭᠡᠬᠦ᠌ ᠵᠡᠷᠭᠡ ᠲᠥᠪ ᠪᠤᠰᠤ ᠰᠤᠷᠲᠠᠯ᠎ᠢ ᠡᠷᠡᠰ ᠵᠠᠯᠠᠷᠠᠭᠤᠯᠤᠨ ᠵᠠᠰᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠥᠬᠥᠶ ᠤᠳᠤᠷᠢᠳᠭᠤ ᠨᠥᠬᠥᠳ᠂ ᠡᠯ᠎ᠡ ᠠᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠦᠭᠡ ᠬᠡᠯᠡᠵᠡᠶ᠃
ᠬᠤᠷᠠᠯ᠎ᠢ ᠸᠢᠳᠢᠣ᠋ ᠬᠡᠯᠪᠡᠷᠢ᠎ᠪᠡᠷ ᠬᠤᠷᠠᠯᠳᠤᠭᠤᠯᠵᠤ᠂ ᠡᠯ᠎ᠡ ᠠᠢᠮᠠᠭ ᠬᠤᠳᠠ ᠪᠣᠯᠤᠨ ᠮᠠᠨᠵᠤᠤᠷ ᠬᠤᠳᠠ᠂ ᠡᠷᠢᠶᠡᠨ ᠬᠤᠳᠠ᠎ᠳᠤ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠪᠠ᠃