《ᠡᠨᠡ ᠪᠣᠯ ᠮᠠᠰᠢ ᠰᠠᠢᠬᠠᠨ ᠬᠤᠪᠢᠰᠬᠠᠯ ᠤ᠋ᠨ ᠬᠥᠮᠦᠵᠢᠯ ᠤ᠋ᠨ ᠬᠢᠴᠢᠶᠡᠯ ᠪᠤᠯᠤᠨ᠎ᠠ》
2026-04-30 09:53:14
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

4 ᠰᠠᠷ᠎ᠠ ᠶ᠋ᠢᠨ 28 ᠤ᠋ ᠤᠷᠤᠢ᠂ ᠬᠤᠪᠢᠰᠭᠠᠯ ᠤ᠋ᠨ ᠲᠡᠦᠬᠡ ᠶ᠋ᠢᠨ ᠰᠡᠳᠦᠪᠲᠦ ᠶᠠᠷᠢᠶᠠᠲᠤ ᠵᠦᠴᠦᠭᠡ 《ᠮᠣᠩᠭᠣᠯ ᠲᠥᠪᠡᠳ ᠤ᠋ᠨ ᠰᠤᠷᠭᠠᠭᠤᠯᠢ》 ᠶ᠋ᠢ ᠥᠪᠥᠷ ᠮᠣᠩᠭᠣᠯ ᠤ᠋ᠨ ᠤᠯᠠᠨ ᠲᠦᠮᠡᠨ ᠤ᠋ ᠤᠷᠠᠯᠢᠭ ᠤ᠋ᠨ ᠣᠷᠳᠣᠨ ᠳ᠋ᠦ ᠲᠣᠭ᠍ᠯᠠᠵᠤ᠂ ᠪᠤᠭᠤᠲᠤ ᠬᠤᠳᠠ ᠶ᠋ᠢᠨ ᠤᠷᠠᠯᠢᠭ ᠵᠦᠴᠦᠭᠡ ᠶ᠋ᠢᠨ ᠬᠦᠷᠢᠶᠡᠯᠡᠩ (ᠥᠪᠥᠷ ᠮᠣᠩᠭᠣᠯ ᠤ᠋ᠨ ᠶᠠᠷᠢᠶᠠᠲᠤ ᠵᠦᠴᠦᠭᠡ ᠶ᠋ᠢᠨ ᠬᠦᠷᠢᠶᠡᠯᠡᠩ) ᠤ᠋ᠨ ᠤᠷᠠᠯᠢᠬᠴᠢᠳ ᠦᠪᠡᠷᠮᠢᠴᠡ ᠭᠤᠢᠳᠠ ᠲᠠᠢᠰᠠᠨ ᠤ᠋ ᠤᠷᠠᠯᠢᠭ ᠢ᠋ᠶ᠋ᠠᠷ ᠬᠤᠪᠢᠰᠭᠠᠯ ᠤ᠋ᠨ ᠣᠨ ᠰᠠᠷ᠎ᠠ ᠵᠢ ᠡᠷᠭᠢᠴᠡᠭᠦᠯᠵᠦ᠍᠂ ᠦᠨᠳᠦᠰᠦᠲᠡᠨ ᠤ᠋ ᠪᠦᠯᠬᠦᠮᠳᠡᠯ ᠲᠠᠪᠰᠢᠯᠳᠠ ᠪᠣᠯᠤᠨ ᠤᠯᠤᠰ ᠬᠦᠷᠦᠨ ᠤ᠋ ᠬᠠᠷᠢᠭᠤᠴᠠᠯᠭ᠎ᠠ ᠡᠭᠦᠷᠭᠡᠯᠡᠯ ᠤ᠋ᠨ ᠰᠡᠳᠭᠢᠯ ᠬᠥᠳᠡᠯᠭᠡᠮ᠎ᠡ ᠦᠢᠯᠡ ᠶᠠᠪᠤᠳᠠᠯ ᠢ᠋ ᠮᠠᠭᠳᠠᠨ ᠳᠠᠭᠤᠯᠠᠵᠠᠢ᠃

ᠶᠠᠷᠢᠶᠠᠲᠤ ᠵᠦᠴᠦᠭᠡ 《ᠮᠣᠩᠭᠣᠯ ᠲᠥᠪᠡᠳ ᠤ᠋ᠨ ᠰᠤᠷᠭᠠᠭᠤᠯᠢ》 ᠪᠤᠯ 2026 ᠤᠨ ᠤ᠋ ᠥᠪᠥᠷ ᠮᠣᠩᠭᠣᠯ ᠤ᠋ᠨ ᠰᠣᠶᠣᠯ ᠤ᠋ᠨ ᠠᠵᠢᠯᠯᠠᠭ᠎ᠠ ᠶ᠋ᠢᠨ ᠤᠯᠠᠷᠢᠯ ᠤ᠋ᠨ ᠱᠢᠷᠢᠰ ᠲᠣᠭ᠍ᠯᠠᠯᠲᠠ ᠶ᠋ᠢᠨ ᠨᠢᠭᠡ ᠪᠤᠯᠤᠨ᠎ᠠ᠃ ᠲᠤᠰ ᠵᠦᠴᠦᠬᠡ ᠨᠢ 1920 ᠤᠨ ᠳ᠋ᠦ ᠪᠸᠢ᠌ᠫᠢᠩ ᠳ᠋ᠦ ᠪᠠᠢᠭᠤᠯᠤᠭᠰᠠᠨ ᠮᠣᠩᠭᠣᠯ ᠲᠥᠪᠡᠳ ᠤ᠋ᠨ ᠰᠤᠷᠭᠠᠭᠤᠯᠢ ᠶ᠋ᠢᠨ ᠬᠤᠪᠢᠰᠭᠠᠯ ᠤ᠋ᠨ ᠬᠥᠭ᠌ᠵᠢᠯᠲᠡ ᠶ᠋ᠢᠨ ᠲᠡᠦᠬᠡ ᠪᠡᠷ ᠭᠣᠣᠯ ᠰᠢᠵᠢᠮ ᠪᠤᠯᠭᠠᠨ ᠮᠣᠩᠭᠣᠯ ᠦᠨᠳᠦᠰᠦᠲᠡᠨ ᠤ᠋ ᠠᠬᠠᠮᠠᠳ ᠬᠤᠪᠢᠰᠭᠠᠯᠴᠢᠳ ᠤ᠋ᠨ ᠦᠢᠯᠡ ᠶᠠᠪᠤᠳᠠᠯ ᠢ᠋ᠶ᠋ᠡᠷ ᠭᠤᠤᠯ ᠪᠤᠯᠭᠠᠵᠤ᠂ ᠣᠷᠴᠢᠨ ᠦᠶ᠎ᠡ ᠶ᠋ᠢᠨ ᠮᠣᠩᠭᠣᠯ ᠦᠨᠳᠦᠰᠦᠲᠡᠨ ᠤ᠋ ᠵᠠᠯᠠᠭᠤᠴᠤᠳ ᠬᠦᠯᠢᠶᠡᠰᠦᠯᠡᠯ ᠬᠡᠪᠰᠢᠯ ᠢ᠋ ᠡᠪᠳᠡᠨ᠂ ᠦᠨᠡᠨ ᠶᠣᠰᠣ ᠵᠢ ᠡᠷᠢᠯᠬᠢᠯᠡᠵᠦ᠍᠂ ᠰᠡᠬᠡᠭᠡᠷᠡᠨ ᠤᠬᠠᠭᠠᠷᠠᠵᠤ ᠡᠰᠡᠷᠭᠦᠴᠡᠨ ᠲᠡᠮᠡᠴᠡᠭ᠌ᠰᠡᠨ ᠥᠩᠭᠡᠷᠡᠯᠲᠡ ᠵᠢ ᠠᠮᠢᠳᠤᠯᠢᠭ ᠢ᠋ᠶ᠋ᠠᠷ ᠢᠯᠡᠷᠡᠭᠦᠯᠵᠦ᠍᠂ ᠦᠨᠳᠦᠰᠦᠲᠡᠨ ᠨᠤᠭᠦᠳ ᠤ᠋ᠨ ᠬᠥᠪᠡᠭᠦᠳ ᠥᠬᠢᠳ ᠤ᠋ᠨ ᠰᠡᠳᠭᠢᠯ ᠨᠢᠭᠡᠳᠦᠨ ᠨᠠᠮ ᠎ᠤᠨ ᠤᠢᠯᠡᠰ ᠲᠤ᠌ ᠬᠤᠪᠢᠰᠭᠠᠯᠲᠤ ᠳᠤᠷᠠᠰᠤᠮᠵᠢ ᠵᠢ ᠬᠣᠯᠪᠣᠵᠠᠢ᠃ ᠲᠣᠭ᠍ᠯᠠᠯᠲᠠ ᠨᠢ ᠱᠢᠯᠦᠭ᠌ᠴᠢᠯᠡᠭ᠌ᠰᠡᠨ ᠤᠷᠠᠯᠢᠭ ᠤ᠋ᠨ ᠠᠷᠭ᠎ᠠ ᠵᠢ ᠬᠡᠷᠡᠭ᠌ᠯᠡᠵᠦ᠍᠂ ᠮᠣᠩᠭᠣᠯ ᠲᠥᠪᠡᠳ ᠤ᠋ᠨ ᠰᠤᠷᠭᠠᠭᠤᠯᠢ ᠶ᠋ᠢᠨ ᠲᠡᠦᠬᠡ ᠶ᠋ᠢᠨ ᠳᠦᠷᠰᠦ ᠪᠠᠢᠳᠠᠯ ᠢ᠋ ᠤᠷᠠᠨ ᠢ᠋ᠶ᠋ᠠᠷ ᠲᠡᠭᠢᠨ ᠱᠤᠭᠤᠪᠠ᠃ ᠡᠷᠲᠡᠨ ᠤ᠋ ᠪᠣᠷᠣᠭ᠍ᠵᠢᠭᠤᠨ ᠪᠠᠷᠢᠯᠭ᠎ᠠ ᠶ᠋ᠢᠨ ᠦᠵᠡᠮᠵᠢ ᠨᠢ ᠲᠠᠢᠰᠠᠨ ᠤ᠋ ᠬᠡᠷᠡᠯ ᠰᠡᠭᠦᠳᠡᠷ ᠯᠤᠭᠡ ᠠᠭᠤᠰᠤᠯᠴᠠᠨ᠂ ᠡᠷᠲᠡᠨ ᠤ᠋ ᠬᠥᠭ ᠠᠶᠠᠰ ᠨᠢ ᠲᠤᠬᠠᠢ ᠶ᠋ᠢᠨ ᠴᠠᠭ ᠦᠶ᠎ᠡ ᠶ᠋ᠢᠨ ᠠᠬᠤᠢ ᠪᠠᠢᠳᠠᠯ᠎ᠢ ᠬᠠᠷᠠᠭᠤᠯᠵᠦ᠂ ᠦᠵᠡᠭᠴᠢᠳ ᠲᠦ᠍ ᠬᠦᠨ ᠬᠦᠨᠵᠡᠬᠡᠢ ᠪᠡᠶᠡᠴᠢ ᠤᠢᠯᠠᠭᠠᠯᠳᠠ ᠶ᠋ᠢᠨ ᠲᠦᠷᠦᠭᠳᠡᠯ ᠦᠭᠴᠠᠢ᠃

ᠤᠷᠪᠠᠭᠠᠨ ᠬᠥᠷᠪᠡᠭᠡᠨ ᠲᠡᠶ ᠵᠦᠴᠦᠭᠡ ᠶ᠋ᠢᠨ ᠦᠢᠯᠡ ᠶᠠᠪᠤᠳᠠᠯ ᠨᠢ ᠦᠵᠡᠭ᠌ᠴᠢᠳ ᠢ᠋ ᠬᠦᠳᠦᠯᠦᠨ ᠲᠡᠷᠡ ᠬᠦ᠌ ᠬᠦᠴᠢᠷ ᠵᠤᠪᠠᠭᠤᠷᠢᠳᠠᠢ ᠬᠤᠪᠢᠰᠭᠠᠯ ᠤ᠋ᠨ ᠣᠨ ᠰᠠᠷ᠎ᠠ ᠳ᠋ᠤ ᠠᠬᠠᠮᠠᠳ ᠬᠤᠪᠢᠰᠭᠠᠯᠴᠢᠳ ᠤ᠋ᠨ ᠢᠲᠡᠭᠡᠯ ᠪᠢᠱᠢᠷᠡᠯ ᠢ᠋ᠶ᠋ᠡᠨ ᠪᠠᠲᠤ ᠰᠠᠬᠢᠵᠤ᠂ ᠦᠨᠡᠨ ᠶᠤᠰᠤᠨ ᠤ᠋ ᠲᠦᠯᠦᠬᠡ ᠠᠮᠢ ᠪᠡᠶ᠎ᠡ ᠪᠡᠨ ᠴᠦᠯᠡᠭᠰᠡᠨ ᠡᠷᠬᠢᠮ ᠳᠡᠭᠡᠳᠦ ᠵᠣᠷᠢᠭ ᠰᠠᠨᠠᠭ᠎ᠠ ᠵᠢ ᠮᠡᠳᠡᠷᠡᠬᠦᠯᠦᠨ᠎ᠠ᠃ ᠦᠪᠦᠷ ᠮᠤᠨᠭᠭᠤᠯ ᠤ᠋ᠨ ᠶᠠᠷᠢᠶᠠᠲᠦ ᠵᠦᠴᠦᠭᠡ ᠵᠢᠨ ᠲᠤᠬᠯᠠᠬᠴᠢ ᠳ᠋ᠢᠩ ᠸᠧᠨ ᠬᠤᠢ᠄ 《ᠡᠨᠡ ᠤᠳᠠᠭ᠎ᠠ ᠵᠢᠨ ᠲᠤᠭᠯᠠᠯᠳᠠ ᠪᠡᠷ ᠪᠢ ᠬᠤᠪᠢᠰᠬᠠᠯᠴᠢᠳ ᠤ᠋ᠨ ᠢᠳᠡᠭᠡᠯ ᠪᠢᠰᠢᠷᠡᠯ ᠦᠨᠡᠨ ᠶᠤᠰᠤᠨ ᠤ᠋ ᠲᠦᠯᠦᠬᠡ ᠠᠯᠬᠤᠮ ᠠᠯᠬᠤᠮ ᠢ᠋ᠶ᠋ᠡᠷ ᠬᠦᠴᠢᠷ ᠢ᠋ ᠲᠤᠭᠤᠯᠤᠨ ᠪᠡᠷᠭᠡ ᠵᠢ ᠳᠠᠪᠠᠭᠰᠠᠨ ᠪᠠᠢᠳᠠᠯ ᠢ᠋ ᠰᠡᠳᠬᠢᠯ ᠢ᠋ᠶ᠋ᠡᠷ ᠢ᠋ᠶ᠋ᠡᠨ ᠮᠡᠳᠡᠷᠡᠯ᠎ᠠ》 ᠭᠡᠵᠦ ᠰᠡᠳᠭᠢᠯ ᠲᠤᠭᠳᠤᠯᠤᠨ ᠬᠡᠯᠡᠨ᠎ᠠ᠃ ᠲᠠᠢᠰᠠᠨ ᠳᠡᠭᠡᠷ᠎ᠡ ᠲᠣᠭ᠍ᠯᠠᠭ᠍ᠴᠢᠳ ᠭᠣᠢᠳᠠ ᠰᠠᠢᠬᠠᠨ ᠲᠣᠭ᠍ᠯᠠᠯᠲᠠ ᠪᠠᠷ ᠢ᠋ᠶ᠋ᠠᠨ ᠬᠤᠪᠢᠰᠭᠠᠯᠴᠢᠳ ᠤ᠋ᠨ ᠲᠦᠷᠢ ᠵᠢ ᠪᠦᠳᠦᠭᠡᠵᠦ᠂ ᠦᠨᠳᠦᠰᠦᠲᠡᠨ ᠨᠤᠭᠦᠳ ᠤ᠋ᠨ ᠠᠷᠠᠳ ᠲᠦᠮᠡᠨ ᠤ᠋ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠮᠥᠷᠥ᠍ ᠵᠡᠷᠭᠡᠴᠡᠨ ᠤᠷᠤᠭ᠍ᠰᠢᠯᠠᠬᠤ ᠭᠦᠨ ᠵᠤᠵᠠᠭᠠᠨ ᠨᠥᠬᠥᠷᠯᠡᠯ ᠢ᠋ ᠭᠦᠨᠵᠡᠭᠡᠢ ᠲᠠᠢᠯᠪᠤᠷᠢᠯᠠᠵᠤ᠂ ᠬᠤᠪᠢᠰᠭᠠᠯ ᠤ᠋ᠨ ᠦᠯᠢᠭᠡᠷ ᠢ᠋ ᠬᠥᠮᠦᠰ ᠤ᠋ᠨ ᠰᠡᠳᠭᠢᠯ ᠳ᠋ᠦ ᠬᠦᠷᠭᠡᠪᠡ᠃ 《ᠡᠨᠡ ᠪᠣᠯ ᠮᠠᠰᠢ ᠰᠠᠢᠬᠠᠨ ᠬᠤᠪᠢᠰᠬᠠᠯ ᠤ᠋ᠨ ᠬᠥᠮᠦᠵᠢᠯ ᠤ᠋ᠨ ᠬᠢᠴᠢᠶᠡᠯ ᠪᠤᠯᠤᠨ᠎ᠠ᠂ ᠪᠢ ᠬᠣᠶᠠᠳᠠᠬᠢ ᠤᠳᠠᠭ᠎ᠠ ᠦᠵᠡᠵᠦ᠍ ᠪᠠᠢᠨ᠎ᠠ》 ᠭᠡᠵᠦ᠍ ᠦᠵᠡᠭ᠌ᠴᠢ ᠯᠢᠦ ᠵᠢᠶᠦ᠋ᠨ ᠤᠷᠮᠠᠳᠠᠢ ᠬᠡᠯᠡᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号