ᠣᠢᠷ᠎ᠠ᠎ᠳᠤ᠂ ᠤᠯᠠᠭᠠᠨᠴᠠᠪ ᠬᠣᠲᠠ᠎ᠶ᠋ᠢᠨ ᠯᠢᠶᠠᠩᠴᠧᠩ ᠱᠢᠶᠠᠨ ᠳᠥᠷᠪᠡᠳᠦᠭᠡᠷ ᠤᠳᠠᠭᠠᠨ᠎ᠤ ᠪᠥᠬᠥ᠌ ᠤᠯᠤᠰ ᠤᠨ ᠲᠡᠦᠬᠡ ᠶ᠋ᠢᠨ ᠳᠤᠷᠠᠰᠭᠠᠯᠲᠤ ᠵᠦᠶ᠋ᠯᠡᠰ᠎ᠦᠨ ᠨᠡᠢᠳᠡᠮ ᠪᠠᠢᠴᠠᠭᠠᠯᠲᠠ᠎ᠶ᠋ᠢᠨ ᠣᠷᠳᠣ ᠴᠠᠭᠠᠨ ᠬᠡᠷᠡᠮ ᠢ ᠲᠤᠰᠭᠠᠶ ᠰᠡᠳᠦᠪ᠎ᠢᠶᠡᠷ ᠬᠠᠷᠭᠤᠭᠤᠯᠤᠨ ᠪᠠᠢᠴᠠᠭᠠᠬᠤ ᠠᠵᠢᠯ ᠳᠤᠮᠳᠠ ᠠᠩᠬ᠎ᠠ ᠤᠳᠠᠭ᠎ᠠ ᠤᠮᠠᠷᠠᠲᠤ ᠲᠥᠷᠥ᠎ᠶ᠋ᠢᠨ ᠦᠶ᠎ᠡ᠎ᠶ᠋ᠢᠨ ᠣᠷᠳᠣ ᠴᠠᠭᠠᠨ ᠬᠡᠷᠡᠮ᠎ᠦᠨ ᠦᠯᠡᠳᠡᠭ᠌ᠳᠡᠯ᠎ᠢ ᠢᠯᠡᠷᠡᠭᠦᠯᠵᠦ᠍᠂ ᠣᠷᠣᠨ ᠪᠦᠰᠡ᠎ᠶ᠋ᠢᠨ ᠲᠡᠦᠬᠡ᠎ᠶ᠋ᠢᠨ ᠬᠠᠭᠤᠴᠢ ᠰᠤᠳᠤᠯᠤᠯ᠎ᠤᠨ ᠰᠤᠳᠤᠯᠭᠠᠨ᠎ᠳᠤ ᠬᠣᠪᠣᠷ ᠨᠠᠨᠳᠢᠨ ᠪᠣᠳᠠᠲᠤ ᠪᠣᠳᠠᠰ᠎ᠤᠨ ᠮᠠᠲ᠋ᠧᠷᠢᠶᠠᠯ ᠬᠠᠡᠭᠭᠠᠵᠠᠢ᠃
ᠲᠣᠰ ᠤᠳᠠᠭᠠᠨ᠎ᠤ 《ᠳᠥᠷᠪᠡᠨ ᠲᠦᠭᠡᠮᠡᠯᠵᠢᠭᠦᠯᠦᠯᠲᠡ 》 ᠶ᠋ᠢᠨ ᠠᠵᠢᠯ᠎ᠳᠤ ᠯᠢᠶᠠᠩᠴᠧᠩ ᠱᠢᠶᠠᠨ ᠨᠡᠢᠲᠡ 305 ᠴᠡᠭ ᠬᠡᠰᠡᠭ ᠤᠨ ᠣᠷᠳᠣ ᠴᠠᠭᠠᠨ ᠬᠡᠷᠡᠮ᠎ᠦᠨ ᠲᠤᠰᠭᠠᠶ ᠰᠡᠳᠦᠪᠲᠦ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠬᠠᠷᠭᠤᠭᠤᠯᠤᠨ ᠪᠠᠢᠴᠠᠭᠠᠵᠤ᠂ ᠣᠷᠳᠣ ᠴᠠᠭᠠᠨ ᠬᠡᠷᠡᠮ ᠢ᠋ 73 ᠴᠡᠭ ᠬᠡᠰᠡᠭ ᠱᠢᠨ᠎ᠡ᠎ᠪᠡᠷ ᠢᠯᠡᠷᠡᠭᠦᠯᠦᠨ ᠲᠠᠡᠭᠰᠠᠯᠠᠵᠤ᠂ ᠡᠭᠦᠨ᠎ᠳᠦ ᠼᠤᠤ ᠨᠢᠶᠠᠨ᠎ᠤ ᠮᠠᠨᠵᠤ ᠦᠨᠳᠦᠰᠦᠲᠡᠨ᠎ᠦ ᠱᠢᠶᠠᠩ᠎ᠤᠨ ᠰᠧ ᠳ᠋ᠤᠤ ᠭᠸᠦ ᠲᠣᠰᠭᠣᠨ᠎ᠤ ᠣᠢᠷᠠᠯᠴᠠᠭ᠎ᠠ ᠪᠠᠢᠭ᠎ᠠ ᠮᠠ ᠳᠧᠦ ᠱᠠᠨ ᠲᠣᠭᠣᠷᠢᠭ᠎ᠲᠤ ᠠᠩᠬ᠎ᠠ ᠤᠳᠠᠭ᠎ᠠ ᠤᠮᠠᠷᠠᠲᠤ ᠲᠥᠷᠥ᠎ᠶ᠋ᠢᠨ ᠦᠶ᠎ᠠ ᠵᠢᠨ ᠣᠷᠳᠣ ᠴᠠᠭᠠᠨ ᠬᠡᠷᠡᠮ ᠢ᠋ 6 ᠴᠡᠭ ᠬᠡᠰᠡᠭ ᠢᠯᠡᠷᠡᠭᠦᠯᠵᠦ᠍᠂ ᠲᠤᠰ ᠱᠢᠶᠠᠨ᠎ᠤ ᠬᠡᠪᠴᠢᠶᠡᠨ᠎ᠳᠡᠬᠢ ᠤᠮᠠᠷᠠᠲᠤ ᠲᠥᠷᠥ᠎ᠶ᠋ᠢᠨ ᠣᠷᠳᠣ ᠴᠠᠭᠠᠨ ᠬᠡᠷᠡᠮ᠎ᠦᠨ ᠬᠠᠭᠤᠴᠢ ᠰᠤᠳᠤᠯᠤᠯ ᠥᠬᠡᠶ ᠪᠠᠢᠭ᠍ᠰᠠᠨ ᠬᠤᠭᠤᠰᠤᠨ ᠢ᠋ ᠨᠦᠭᠦᠪᠦᠷᠢᠯᠡᠪᠠ᠃ ᠲᠣᠰ ᠬᠡᠰᠡᠭ ᠣᠷᠳᠣ ᠴᠠᠭᠠᠨ ᠬᠡᠷᠡᠮ ᠨᠢ ᠵᠡᠭᠦᠨᠰᠢ ᠪᠠᠷᠠᠭᠤᠨᠰᠢ ᠴᠢᠭ᠌ᠯᠡᠯ ᠲᠡᠶ ᠪᠠᠢᠷᠢᠰᠢᠵᠤ᠂ 4 ᠺᠢᠯᠣᠮᠧᠲ᠋ᠷ ᠱᠢᠬᠠᠮ ᠦᠷᠭᠦᠯᠵᠢᠯᠡᠵᠦ᠍᠂ ᠴᠢᠯᠠᠭᠤ᠂ ᠱᠢᠷ᠎ᠠ ᠡᠯᠡᠰᠦ ᠪᠡᠷ ᠪᠠᠷᠢᠵᠤ ᠪᠦᠲᠦᠭᠡᠭ᠌ᠰᠡᠨ ᠭᠡᠳᠡᠭ᠎ᠢ ᠬᠠᠢᠨ ᠪᠠᠢᠴᠠᠭᠠᠯᠲᠠ ᠪᠡᠷ ᠢᠯᠡᠷᠡᠬᠦᠯᠦᠭᠰᠡᠨ ᠪᠠᠢᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠮᠡᠷᠭᠡᠵᠢᠯᠲᠡᠳ ᠬᠡᠷᠡᠮ ᠪᠠᠷᠢᠬᠤ ᠠᠷᠭ᠎ᠠ᠂ ᠬᠡᠯᠪᠡᠷᠢ ᠪᠦᠲᠦᠴᠡ ᠪᠣᠯᠤᠨ ᠦᠯᠡᠳᠡᠭ᠌ᠳᠡᠯ᠎ᠦᠨ ᠣᠨᠴᠠᠯᠢᠭ᠎ᠲᠠᠶ ᠤᠶᠠᠯᠳᠤᠭᠤᠯᠤᠨ ᠲᠤᠰᠬᠠᠢ ᠵᠤᠢᠯ ᠤ᠋ᠨ ᠨᠤᠲᠠᠯᠠᠯᠲᠠ ᠬᠢᠬᠦ ᠪᠡᠷ ᠲᠠᠮᠵᠢᠨ ᠤᠮᠠᠷᠠᠲᠤ ᠲᠥᠷᠥ᠎ᠶ᠋ᠢᠨ ᠦᠶ᠎ᠡ᠎ᠳᠦ ᠪᠠᠷᠢᠭ᠍ᠰᠠᠨ ᠴᠠᠭᠠᠨ ᠬᠡᠷᠡᠮ᠎ᠦᠨ ᠦᠯᠡᠳᠡᠭᠳᠡᠯ ᠭᠡᠵᠦ᠍ ᠲᠣᠭ᠍ᠲᠠᠭᠠᠪᠠ᠃ ᠲᠣᠰ ᠤᠳᠠᠭᠠᠨ ᠤ ᠢᠯᠡᠷᠡᠭᠦᠯᠦᠯᠲᠡ ᠨᠢ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠪᠠᠢᠵᠤ᠂ ᠲᠤᠬᠠᠶ ᠶ᠋ᠢᠨ ᠭᠠᠵᠠᠷ ᠤᠨ ᠣᠷᠳᠣ ᠴᠠᠭᠠᠨ ᠬᠡᠷᠡᠮ᠎ᠦᠨ ᠡᠬᠢ ᠪᠠᠶᠠᠯᠢᠭ᠎ᠤᠨ ᠱᠢᠰᠲ᠋ᠧᠮ᠎ᠢ ᠪᠠᠶᠠᠯᠢᠭ᠍ᠵᠢᠭᠤᠯᠤᠭ᠍ᠰᠠᠨ᠎ᠢᠶᠠᠷ ᠪᠠᠷᠠᠬᠤ ᠥᠬᠡᠶ ᠨᠠᠩ ᠴᠤ᠌ ᠡᠷᠲᠡ ᠦᠶ᠎ᠡ᠎ᠶ᠋ᠢᠨ ᠤᠮᠠᠷᠠᠲᠤ ᠣᠷᠣᠨ᠎ᠤ ᠲᠡᠦᠬᠡ᠎ᠶ᠋ᠢ ᠰᠤᠳᠤᠯᠬᠤ᠎ᠳᠤ ᠵᠠᠩᠭᠢᠯᠠᠭ᠎ᠠ᠎ᠶ᠋ᠢᠨ ᠨᠤᠲᠠᠯᠠᠯᠲᠠ ᠬᠠᠩᠭᠠᠭ᠍ᠰᠠᠨ ᠪᠠᠢᠨ᠎ᠠ᠃ ᠯᠢᠶᠠᠩᠴᠧᠩ ᠱᠢᠶᠠᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ᠎ᠶ᠋ᠢᠨ ᠲᠥᠪ᠎ᠦᠨ ᠡᠷᠬᠢᠯᠡᠭ᠌ᠴᠢ ᠹᠠᠩ ᠬᠣᠩ ᠮᠢᠩ ᠄ 《ᠡᠨᠡ ᠨᠢ ᠮᠠᠨ᠎ᠤ ᠱᠢᠶᠠᠨ ᠠᠩᠬ᠎ᠠ ᠤᠳᠠᠭ᠎ᠠ ᠢᠯᠡᠷᠡᠭᠦᠯᠦᠭᠰᠡᠨ ᠤᠮᠠᠷᠠᠲᠤ ᠲᠦᠷᠦ᠍᠎ᠶ᠋ᠢᠨ ᠦᠶ᠎ᠡ᠎ᠶ᠋ᠢᠨ ᠤᠷᠳᠤ ᠴᠠᠭᠠᠨ ᠬᠡᠷᠡᠮ᠎ᠦᠨ ᠦᠯᠡᠳᠡᠭ᠌ᠳᠡᠯ ᠪᠠᠢᠵᠤ᠂ ᠡᠮᠦᠨᠡᠲᠦ ᠤᠮᠠᠷᠠᠲᠤ ᠲᠦᠷᠦ᠍᠎ᠶ᠋ᠢᠨ ᠦᠶ᠎ᠡ᠎ᠶ᠋ᠢᠨ ᠤᠮᠠᠷᠠᠲᠤ ᠣᠷᠣᠨ᠎ᠤ ᠬᠢᠯᠢ ᠬᠢᠵᠠᠭᠠᠷ᠂ ᠤᠯᠤᠰ ᠲᠦᠷᠦ᠍᠂ ᠠᠵᠤ ᠠᠬᠤᠢ᠂ ᠴᠡᠷᠢᠭ ᠦᠨ ᠶᠠᠪᠤᠳᠠᠯ ᠢ ᠰᠤᠳᠤᠯᠬᠤ᠎ᠳᠤ ᠴᠥᠮ ᠴᠢᠬᠤᠯᠠ ᠰᠤᠳᠤᠯᠭᠠᠨ᠎ᠤ ᠦᠨ᠎ᠡ ᠦᠷᠳᠡᠭ᠎ᠲᠡᠶ ᠶᠤᠮ》ᠬᠡᠵᠤ ᠲᠠᠨᠢᠯᠴᠠᠭᠤᠯᠵᠠᠢ᠃