ᠬᠡᠰᠢᠭᠲᠡᠨ ᠎ᠦ ᠳᠡᠯᠡᠬᠡᠢ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ ᠤᠯᠠᠨ ᠤᠯᠤᠰ᠎ᠤᠨ ᠬᠣᠯᠪᠣᠭᠠᠲᠤ ᠪᠠᠶ᠋ᠢᠭᠤᠯᠭ᠎ᠠ ᠎ᠶᠢᠨ 《ᠨᠣᠭᠣᠭᠠᠨ ᠲᠡᠮᠳᠡᠭᠳᠦ》 ᠵᠢᠨ ᠭᠡᠷᠡᠴᠢᠯᠡᠯ ᠎ᠢ ᠳᠠᠬᠢᠨᠲᠠ ᠬᠦᠷᠳᠡᠪᠡ
2026-04-30 09:21:08
ᠵᠣᠬᠢᠶᠠᠭ᠍ᠴᠢ᠄
ᠸᠧᠢ ᠨᠠ
ᠣᠩᠱᠢᠭ᠍ᠰᠠᠨ ᠣᠳᠠᠭ᠎ᠠ᠄
★★★☆☆

ᠪᠡᠭᠡᠵᠢᠩ᠎ᠦᠨ ᠴᠠᠭ᠎ᠢᠶᠠᠷ 2026 ᠣᠨ᠎ᠤ 4 ᠰᠠᠷ᠎ᠠ᠎ᠶᠢᠨ 27᠎ᠤ ᠡᠳᠦᠷ᠎ᠦᠨ 22 ᠴᠠᠭ(ᠹᠷᠠᠨᠼᠢ᠎ᠶᠢᠨ ᠲᠤᠬᠠᠶ᠎ᠶᠢᠨ ᠭᠠᠵᠠᠷ᠎ᠤᠨ ᠴᠠᠭ᠎ᠢᠶᠠᠷ 4 ᠰᠠᠷ᠎ᠠ᠎ᠶᠢᠨ 27 ᠎ᠤ ᠡᠳᠦᠷ᠎ᠦᠨ 16 ᠴᠠᠭ)᠎ᠲᠤ᠂ ᠹᠷᠠᠨᠼᠢ᠎ᠶᠢᠨ ᠫᠠᠷᠢᠰ᠎ᠲᠠᠬᠢ ᠣᠯᠠᠨ ᠤᠯᠤᠰ᠎ᠤᠨ ᠬᠣᠯᠪᠣᠭᠠᠲᠤ ᠪᠠᠶ᠋ᠢᠭᠤᠯᠭ᠎ᠠ᠎ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ ᠶᠡᠷᠦᠩᠬᠡᠢ ᠵᠠᠬᠢᠷᠭ᠎ᠠ᠎ᠠᠴᠠ᠂ ᠬᠡᠰᠢᠭᠲᠡᠨ᠎ᠦ ᠳᠡᠯᠡᠬᠡᠶ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ ᠣᠯᠠᠨ ᠤᠯᠤᠰ᠎ᠤᠨ ᠬᠣᠯᠪᠣᠭᠠᠲᠤ ᠪᠠᠶ᠋ᠢᠭᠤᠯᠭ᠎ᠠ᠎ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ᠎ᠶᠢᠨ ᠳᠠᠬᠢᠨ ᠰᠢᠯᠭᠠᠨ ᠪᠠᠲᠤᠯᠠᠯᠲᠠ᠎ᠶᠢ ᠦᠩᠭᠡᠷᠡᠭᠡᠵᠦ᠂ ᠳᠡᠯᠡᠬᠡᠶ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ᠎ᠦᠨ ᠴᠤᠯᠠ ᠵᠢ ᠠᠮᠵᠢᠯᠲᠠ᠎ᠲᠠᠢ᠎ᠪᠠᠷ ᠦᠷᠭᠦᠯᠵᠢᠯᠡᠭᠦᠯᠵᠦ᠂ ᠣᠯᠠᠨ ᠤᠯᠤᠰ᠎ᠤᠨ 《ᠨᠣᠭᠣᠭᠠᠨ ᠲᠡᠮᠳᠡᠭᠳᠦ》 ᠎ᠶᠢᠨ ᠭᠡᠷᠡᠴᠢᠯᠡᠯ ᠤᠯᠤᠭᠰᠠᠨ᠎ᠪᠠᠶᠠᠷ᠎ᠤᠨ ᠴᠢᠮᠡᠭᠡ ᠲᠤᠭᠤᠯᠳᠠᠪᠠ᠃


QQ20260430-092207.png

ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ᠎ᠠᠴᠠ ᠳᠡᠯᠡᠬᠡᠶ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ᠎ᠲᠦ ᠦᠶᠡᠯᠡᠯᠲᠦ ᠴᠢᠨᠠᠷᠲᠠᠢ ᠴᠢᠩᠭ᠎ᠠ ᠬᠠᠮᠢᠶᠠᠷᠤᠯᠲᠠ᠎ᠶᠢ ᠬᠡᠷᠡᠭᠵᠢᠭᠦᠯᠵᠦ᠂ 《ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ᠎ᠶᠢᠨ ᠳᠡᠯᠡᠬᠡᠶ ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ᠎ᠦᠨ ᠲᠦᠷᠢᠮ ᠵᠢᠴᠢ ᠠᠵᠢᠯᠯᠠᠭᠠᠨ᠎ᠤ ᠵᠦᠭᠯᠡᠭᠦᠷ》 ᠪᠣᠯᠤᠨ 《ᠳᠡᠯᠡᠬᠡᠶ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ᠎ᠦᠨ ᠬᠠᠮᠢᠶᠠᠷᠤᠯᠲᠠ᠎ᠶᠢᠨ ᠠᠷᠭ᠎ᠠ》᠎ᠶᠢᠨ ᠱᠠᠭᠠᠷᠳᠠᠯᠭ᠎ᠠ ᠶᠣᠰᠣᠭᠠᠷ᠂ ᠳᠡᠯᠡᠬᠡᠶ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ᠎ᠢ ᠳᠥᠷᠪᠡᠨ ᠵᠢᠯ᠎ᠳᠦ ᠨᠢᠭᠡ ᠤᠳᠠᠭ᠎ᠠ ᠳᠠᠭᠢᠵᠤ ᠰᠢᠯᠭᠠᠨ ᠪᠠᠲᠤᠯᠠᠵᠦ ᠪᠠᠢᠳᠠᠭ᠃ ᠲᠤᠰᠬᠠᠶ ᠮᠡᠷᠭᠡᠵᠢᠯᠲᠡᠨ᠎ᠦ ᠳᠤᠭᠤᠶ᠋ᠢᠯᠠᠩ᠎ᠤᠨ ᠲᠤᠬᠠᠶ᠎ᠶᠢᠨ ᠭᠠᠵᠠᠷ᠎ᠤᠨ ᠦᠨᠡᠯᠡᠨ ᠵᠢᠱ᠌ᠢᠬᠦ᠂ ᠳᠡᠯᠡᠬᠡᠶ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ᠎ᠦᠨ ᠬᠡᠷᠡᠭ ᠡᠷᠬᠢᠯᠡᠭᠴᠢᠳ᠎ᠦᠨ ᠬᠤᠷᠠᠯ᠎ᠠᠴᠠ ᠬᠢᠨᠠᠨ ᠵᠥᠪᠯᠡᠵᠦ ᠪᠠᠲᠤᠯᠠᠨ ᠲᠠᠨᠢᠯᠴᠠᠭᠤᠯᠬᠤ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ᠎ᠶᠢᠨ ᠭᠦᠢᠴᠡᠳᠬᠡᠬᠦ ᠲᠣᠪᠴᠢᠶ᠎ᠠ ᠡᠴᠡ ᠦᠨᠡᠯᠡᠨ ᠲᠣᠭᠲᠠᠭᠠᠵᠤ ᠭᠡᠷᠡᠴᠢᠯᠡᠬᠦ ᠵᠡᠷᠭᠡ ᠳᠡᠰ ᠳᠠᠷᠠᠭᠠᠯᠠᠯ᠎ᠢᠶᠠᠷ ᠳᠠᠮᠵᠢᠭᠤᠯᠤᠨ᠂ ᠦᠷᠭᠦᠯᠵᠢᠯᠡᠨ ᠳᠡᠯᠡᠬᠡᠶ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ᠎ᠦᠨ ᠪᠠᠷᠢᠮᠵᠢᠶ᠎ᠠ᠎ᠳᠤ ᠨᠡᠶ᠋ᠢᠴᠡᠵᠦ ᠪᠠᠶ᠋ᠢᠬᠤ ᠡᠰᠡᠬᠦ᠎ᠶᠢ ᠪᠥᠬᠥ ᠲᠠᠯ᠎ᠠ᠎ᠪᠠᠷ ᠬᠢᠨᠠᠨ ᠰᠢᠯᠭᠠᠨ᠎ᠠ᠃


QQ20260430-092218.png


2025 ᠣᠨ᠎ᠤ 7 ᠰᠠᠷ᠎ᠠ᠎ᠶᠢᠨ 6᠎ᠤ ᠡᠳᠦᠷ᠎ᠡᠴᠡ 10᠎ᠤ ᠡᠳᠦᠷ ᠪᠣᠯᠲᠠᠯ᠎ᠠ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ᠎ᠠᠴᠠ ᠭᠷᠧᠭ᠎ᠦᠨ ᠲᠤᠰᠬᠠᠶ ᠮᠡᠷᠭᠡᠵᠢᠯᠲᠡᠨ ᠺᠤᠨᠰᠲ᠋ᠠᠨᠲ᠋ᠢᠨᠠ᠂ ᠮᠠᠯᠠᠶ᠋ᠢᠰᠢᠶ᠎ᠠ᠎ᠶᠢᠨ ᠲᠤᠰᠬᠠᠶ ᠮᠡᠷᠭᠡᠵᠢᠯᠲᠡᠨ ᠯᠠᠰᠨᠦ᠋ᠪᠠᠷᠢ᠎ᠶᠢ ᠲᠣᠮᠢᠯᠠᠨ ᠦᠨᠡᠯᠡᠨ ᠵᠢᠱ᠌ᠢᠬᠦ ᠳᠤᠭᠤᠶ᠋ᠢᠯᠠᠩ ᠪᠠᠶ᠋ᠢᠭᠤᠯᠵᠤ᠂ ᠬᠡᠰᠢᠭᠲᠡᠨ᠎ᠦ ᠳᠡᠯᠡᠬᠡᠶ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ᠎ᠲᠦ 5 ᠡᠳᠦᠷ᠎ᠦᠨ ᠬᠤᠭᠤᠴᠠᠭ᠎ᠠ᠎ᠲᠠᠢ ᠲᠤᠬᠠᠶ᠎ᠶᠢᠨ ᠭᠠᠵᠠᠷ᠎ᠤᠨ ᠦᠨᠡᠯᠡᠨ ᠵᠢᠱ᠌ᠢᠬᠦ ᠠᠵᠢᠯ᠎ᠢ ᠥᠷᠨᠢᠭᠦᠯᠪᠡ᠃ ᠦᠨᠡᠯᠡᠨ ᠵᠢᠱ᠌ᠢᠬᠦ ᠳᠤᠭᠤᠶ᠋ᠢᠯᠠᠩ᠎ᠤᠨ᠎ᠬᠢᠨ ᠴᠡᠴᠡᠷᠯᠢᠭ᠎ᠦᠨ ᠭᠠᠵᠠᠷ ᠰᠢᠨᠵᠢᠯᠡᠭᠡᠨ᠎ᠦ ᠦᠯᠡᠳᠡᠭᠳᠡᠯ ᠎ᠦᠨ ᠬᠠᠮᠠᠭᠠᠯᠠᠯᠲᠠ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ᠂ ᠠᠮᠢ ᠠᠬᠤᠶ᠎ᠶᠢᠨ ᠪᠥᠲᠥᠭᠡᠨ ᠪᠠᠶ᠋ᠢᠭᠤᠯᠤᠯᠲᠠ᠂ ᠨᠡᠶ᠋ᠢᠭᠡᠮ ᠲᠣᠭᠣᠷᠢᠭ᠋᠎ᠤᠨ ᠬᠥᠭᠵᠢᠯᠲᠡ ᠵᠡᠷᠭᠡ ᠪᠠᠶ᠋ᠢᠳᠠᠯ᠎ᠢ ᠪᠥᠬᠥ ᠲᠠᠯ᠎ᠠ ᠎ᠪᠠᠷ ᠬᠠᠷᠭᠤᠭᠤᠯᠤᠨ ᠪᠠᠶ᠋ᠢᠴᠠᠭᠠᠵᠤ᠂ ᠴᠡᠴᠡᠷᠯᠢᠭ᠎ᠦᠨ ᠪᠥᠲᠥᠭᠡᠨ ᠪᠠᠶ᠋ᠢᠭᠤᠯᠤᠯᠲᠠ ᠬᠠᠮᠢᠶᠠᠷᠤᠯᠲᠠ᠎ᠶᠢᠨ ᠦᠷ᠎ᠠ ᠪᠦᠲᠦᠮᠵᠢ᠎ᠶᠢ ᠭᠦᠢᠴᠡᠳ ᠨᠤᠲᠠᠯᠠᠪᠠ᠃


QQ20260430-092227.png


ᠲᠣᠰ ᠤᠳᠠᠭᠠᠨ ᠎ᠤ ᠳᠠᠬᠢᠨ ᠰᠢᠯᠭᠠᠨ ᠪᠠᠲᠤᠯᠠᠬᠤ ᠠᠵᠢᠯ ᠤᠷᠤᠭᠰᠢᠲᠠᠶ ᠪᠠᠲᠤᠯᠠᠭᠳᠠᠭᠰᠠᠨ᠎ᠨᠢ ᠬᠡᠰᠢᠭᠲᠡᠨ ᠎ᠦ ᠳᠡᠯᠡᠬᠡᠶ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ ᠨᠢ ᠭᠠᠵᠠᠷ ᠰᠢᠨᠵᠢᠯᠡᠭᠡᠨ᠎ᠦ ᠦᠯᠡᠳᠡᠭᠳᠡᠯ ᠎ᠢ ᠬᠠᠮᠠᠭᠠᠯᠠᠬᠤ᠂ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠰᠤᠷᠭᠠᠨ ᠬᠥᠮᠦᠵᠢᠯ᠂ ᠦᠷᠭᠦᠯᠵᠢᠯᠡᠬᠦ ᠬᠥᠭᠵᠢᠯᠲᠡ ᠵᠢᠴᠢ ᠣᠯᠠᠨ ᠤᠯᠤᠰ᠎ᠤᠨ ᠬᠠᠮᠲᠤᠷᠠᠯᠴᠠᠭ᠎ᠠ ᠰᠣᠯᠢᠯᠴᠠᠭ᠎ᠠ ᠵᠡᠷᠭᠡ ᠲᠠᠯ᠎ᠠ᠎ᠪᠠᠷ ᠴᠥᠮ ᠣᠯᠠᠨ ᠤᠯᠤᠰ᠎ᠤᠨ ᠪᠠᠷᠢᠮᠵᠢᠶ᠎ᠠ᠎ᠳᠤ ᠭᠦᠷᠦᠭᠰᠡᠨ᠎ᠢ ᠬᠠᠷᠠᠭᠤᠯᠵᠤ᠂ ᠬᠡᠰᠢᠭᠲᠡᠨ᠎ᠦ ᠳᠡᠯᠡᠬᠡᠶ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ᠎ᠦᠨ ᠣᠯᠠᠨ ᠵᠢᠯ᠎ᠦᠨ ᠪᠥᠲᠥᠭᠡᠨ ᠪᠠᠶ᠋ᠢᠭᠤᠯᠤᠯᠲᠠ᠎ᠶᠢᠨ ᠦᠷ᠎ᠠ ᠪᠦᠲᠦᠭᠡᠯ᠎ᠢ ᠮᠡᠳᠡᠷᠡᠭᠰᠡᠨ ᠶᠠᠪᠤᠳᠠᠯ ᠪᠣᠯᠤᠨ᠎ᠠ᠃ ᠥᠪᠥᠷ ᠮᠣᠩᠭᠣᠯ᠎ᠤᠨ ᠴᠢᠬᠤᠯᠠ ᠠᠮᠢ ᠠᠬᠤᠢ᠎ᠶᠢᠨ ᠰᠣᠶᠣᠯ ᠵᠢᠭᠤᠯᠴᠢᠯᠠᠯ᠎ᠤᠨ ᠨᠡᠷ᠎ᠡ᠎ᠶᠢᠨ ᠬᠠᠭᠤᠳᠠᠰᠤ ᠪᠣᠯᠤᠭᠰᠠᠨ᠎ᠤ ᠬᠤᠪᠢ᠎ᠳᠤ᠂ ᠬᠡᠰᠢᠭᠲᠡᠨ ᠎ᠦ ᠳᠡᠯᠡᠬᠡᠢ ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ ᠡᠭᠦᠨ ᠎ᠢᠶᠡᠷ ᠠᠵᠠ ᠲᠣᠬᠢᠶᠠᠯ ᠪᠣᠯᠭᠠᠵᠤ᠂ 《ᠭᠠᠢᠬᠠᠮᠰᠢᠭ᠋ ᠎ᠢ ᠮᠠᠭᠲᠠᠨ ᠳᠠᠭᠤᠯᠠᠵᠤ᠂ ᠣᠷᠣᠨ ᠪᠦᠰᠡ᠎ᠶᠢᠨ ᠥᠨᠢ ᠤᠳᠠᠭᠠᠨ ᠬᠥᠭᠵᠢᠯᠲᠡ᠎ᠶᠢ ᠡᠷᠢᠯᠬᠢᠯᠡᠬᠦ》 ᠣᠶ᠋ᠢᠯᠠᠭᠠᠭᠳᠠᠬᠤᠨ᠎ᠢ ᠦᠷᠭᠦᠯᠵᠢᠯᠡᠨ ᠪᠠᠷᠢᠮᠲᠠᠯᠠᠵᠤ᠂ ᠭᠠᠵᠠᠷ ᠰᠢᠨᠵᠢᠯᠡᠭᠡᠨ᠎ᠦ ᠬᠠᠮᠠᠭᠠᠯᠠᠯᠲᠠ ᠪᠣᠯᠤᠨ ᠰᠢᠨᠵᠢᠯᠡᠬᠦ ᠤᠬᠠᠭᠠᠨ᠎ᠤ ᠲᠦᠭᠡᠮᠡᠯᠵᠢᠭᠦᠯᠦᠯᠲᠡ᠎ᠶᠢᠨ ᠰᠢᠨ᠎ᠡ᠎ᠶᠢ ᠡᠭᠦᠳᠬᠦ᠎ᠶᠢ ᠭᠦᠨᠵᠡᠭᠡᠶ᠋ᠢᠷᠡᠭᠦᠯᠵᠦ᠂ 《ᠭᠠᠵᠠᠷ ᠰᠢᠨᠵᠢᠯᠡᠭᠡ + ᠠᠮᠢ ᠠᠬᠤᠢ + ᠰᠣᠶᠣᠯ ᠵᠢᠭᠤᠯᠴᠢᠯᠠᠯ》 ᠎ᠤᠨ ᠭᠦᠨᠵᠡᠭᠡᠢ ᠠᠭᠤᠰᠤᠯᠴᠠᠯ ᠎ᠢ ᠠᠬᠢᠭᠤᠯᠵᠤ᠂ ᠳᠡᠯᠡᠬᠡᠢ᠎ᠶᠢᠨ ᠲᠡᠷᠢᠭᠦᠨ ᠵᠡᠷᠭᠡ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ ᠎ᠢ ᠪᠦᠬᠦ ᠬᠦᠴᠦᠨ᠎ᠢᠶᠡᠷ ᠪᠠᠶ᠋ᠢᠭᠤᠯᠵᠤ᠂ ᠮᠠᠨ᠎ᠤ ᠤᠯᠤᠰ᠎ᠤᠨ ᠳᠡᠯᠡᠬᠡᠢ᠎ᠶᠢᠨ ᠭᠠᠵᠠᠷ ᠰᠢᠨᠵᠢᠯᠡᠭᠡᠨ ᠎ᠦ ᠴᠡᠴᠡᠷᠯᠢᠭ ᠎ᠦᠨ ᠴᠢᠨᠠᠷ ᠰᠠᠶ᠋ᠢᠲᠠᠢ ᠬᠥᠭᠵᠢᠯᠲᠡ᠎ᠳᠦ《ᠬᠡᠰᠢᠭᠲᠡᠨ᠎ᠦ ᠬᠦᠴᠦᠨ》᠎ᠢ ᠨᠡᠮᠡᠷᠢᠯᠡᠬᠦ ᠪᠤᠯᠤᠨ᠎ᠡ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号