ᠲᠥᠮᠡᠨ ᠮᠸ᠋ ᠰᠤᠩᠬᠢᠨ᠎ᠠ ᠵᠢᠨ ᠲᠠᠷᠢᠶᠠᠨ ᠡᠴᠡ ᠪᠠᠶᠠᠵᠢᠯ ᠎ᠤᠨ ᠵᠠᠮ ᠵᠤᠷᠠᠢᠨ᠎ᠠ
2026-04-30 09:27:16
ᠵᠣᠬᠢᠶᠠᠭ᠍ᠴᠢ᠄
ᠪᠦᠦ ᠴᠢᠩ ᠱᠧᠩ ᠢᠳᠡᠷᠡᠭᠥᠨ
ᠣᠩᠱᠢᠭ᠍ᠰᠠᠨ ᠣᠳᠠᠭ᠎ᠠ᠄
★★★☆☆


4 ᠰᠠᠷ᠎ᠠ᠎ᠶᠢᠨ 28᠎ᠤ ᠡᠳᠦᠷ᠂ ᠲᠦᠩᠯᠢᠶᠣᠣ ᠬᠤᠳᠠ᠎ᠶᠢᠨ ᠬᠣᠷᠴᠢᠨ ᠲᠣᠭᠣᠷᠢᠭ᠋᠎ᠤᠨ ᠮᠡᠯᠡᠬᠡᠢᠳᠥ ᠪᠠᠯᠭᠠᠰᠤᠨ᠎ᠤ ᠵᠡᠭᠥᠨ ᠬᠠᠢᠯᠠᠰᠤᠲᠠᠢ ᠭᠠᠴᠠᠭᠠᠨ ᠎ᠤ ᠲᠦᠮᠡᠨ ᠮᠦ᠍ ᠰᠣᠩᠭᠢᠨ᠎ᠠ ᠲᠠᠷᠢᠬᠤ ᠰᠠᠭᠤᠷᠢᠨ ᠎ᠳᠤ᠂ 20 ᠭᠠᠷᠤᠢ ᠠᠵᠢᠯᠴᠢᠨ ᠴᠢᠬᠢ ᠪᠤᠢᠵᠢᠭᠤᠯᠬᠤ ᠬᠥᠯᠡᠮᠵᠢ ᠡᠴᠡ ᠰᠠᠶᠢᠬᠠᠨ ᠳᠠᠭᠡᠭᠡᠪᠥᠷᠢᠯᠡᠨ ᠠᠪᠴᠢᠷᠠᠬᠰᠠᠨ ᠰᠣᠩᠭᠢᠨ᠎ᠠ ᠵᠢᠨ ᠴᠢᠬᠢ ᠵᠢ ᠵᠠᠢᠯᠠᠵᠤ ᠶᠠᠭᠠᠷᠠᠯᠳᠤᠨ᠎ᠠ᠃  


QQ20260430-092823.png   

QQ20260430-092833.png



QQ20260430-092844.png


ᠣᠢᠷ᠎ᠠ᠎ᠶᠢᠨ ᠵᠢᠯ ᠎ᠦᠨ ᠲᠤᠷᠰᠢ᠂ ᠮᠡᠯᠡᠬᠡᠢᠳᠥ ᠪᠠᠯᠭᠠᠰᠤ᠎ᠶᠢᠨ ᠵᠡᠭᠥᠨ ᠬᠠᠢᠯᠠᠰᠥᠳᠠᠢ ᠭᠠᠴᠠᠭᠠᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠢᠨ ᠲᠥᠷᠥᠭᠥᠯᠡᠨ ᠡᠷᠬᠢᠯᠡᠭᠰᠡᠡ ᠺᠠᠩ ᠶᠢᠩ ᠲᠠᠷᠢᠵᠦ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠨᠢ《ᠨᠠᠮ᠎ᠤᠨ ᠡᠭᠦᠷ +  ᠲᠤᠰᠬᠠᠢ ᠬᠤᠷᠰᠢᠶ᠎ᠠ + ᠳᠠᠭᠠᠭᠤᠯᠤᠭ᠍ᠴᠢ ᠠᠵᠤ ᠠᠬᠤᠢᠯᠠᠯ + ᠲᠠᠷᠢᠶᠠᠴᠢᠨ ᠡᠷᠦᠬᠡ》 ᠵᠢᠨ ᠬᠥᠭᠵᠢᠯᠲᠡ᠎ᠶᠢᠨ ᠵᠠᠭᠪᠤᠷ ᠎ᠢ ᠰᠦᠪᠡᠭᠴᠢᠯᠡᠵᠤ᠂ ᠥᠪᠥᠷ ᠮᠣᠩᠭᠣᠯ᠎ᠤᠨ ᠵᠢᠦ ᠰᠢᠨ ᠲᠠᠷᠢᠶᠠᠯᠠᠩ᠎ᠤᠨ ᠬᠥᠭᠵᠢᠯᠲᠡ᠎ᠶᠢᠨ ᠬᠢᠵᠠᠭᠠᠷᠲᠤ ᠺᠣᠮᠫᠠᠨᠢ᠎ᠲᠠᠢ ᠬᠠᠮᠲᠤᠷᠠᠯᠴᠠᠨ᠂ ᠲᠥᠪᠯᠡᠷᠡᠭᠦᠯᠦᠨ ᠴᠢᠬᠢ ᠪᠣᠢᠵᠢᠭᠤᠯᠬᠤ᠂ ᠲᠠᠷᠢᠶᠠᠨ ᠠᠵᠢᠯ᠎ᠤᠨ ᠬᠠᠮᠢᠶᠠᠷᠤᠯᠲᠠ ᠬᠢᠬᠦ᠂ ᠨᠢᠭᠡᠳᠥᠯᠳᠠᠢ ᠪᠣᠷᠣᠯᠠᠭᠤᠯᠬᠤ ᠵᠡᠷᠭᠡ ᠭᠣᠭᠴᠣᠭ᠎ᠠ᠎ᠶᠢᠨ ᠪᠦᠬᠦ ᠶᠠᠪᠤᠴᠠ᠎ᠶᠢ ᠬᠤᠷᠰᠢᠶ᠎ᠠ᠎ᠠᠴᠠ ᠬᠠᠷᠢᠭᠤᠴᠠᠵᠤ᠂ ᠣᠨᠴᠠᠯᠢᠭ᠍ᠲᠤ ᠲᠠᠷᠢᠮᠠᠯ᠎ᠤᠨ ᠦᠢᠯᠡᠰ᠎ᠢ ᠶᠡᠬᠡᠪᠡᠷ ᠬᠥᠭᠵᠢᠭᠦᠯᠵᠥ ᠢᠷᠡᠪᠡ᠃ ᠡᠨᠡ ᠵᠢᠯ ᠲᠤᠰ ᠬᠤᠷᠰᠢᠶ᠎ᠠ 10260 ᠮᠦ᠍ ᠰᠣᠩᠭᠢᠨ᠎ᠠ ᠳᠠᠷᠢᠵᠤ᠂ ᠵᠢᠱ᠌ᠢᠯᠲᠡ᠎ᠪᠡᠷ 7.5 ᠲᠦᠮᠡᠨ ᠲᠣᠨ ᠰᠣᠩᠭᠢᠨ᠎ᠠ ᠬᠤᠷᠢᠶᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号