ᠬᠥᠬᠡᠬᠣᠲᠠ᠎ᠶᠢᠨ ᠲᠥᠮᠥᠰᠥ ᠵᠢ ᠠᠩᠬ᠎ᠠ ᠤᠳᠠᠭ᠎ᠠ ᠭᠠᠳᠠᠭᠠᠳᠤ᠎ᠳᠤ ᠭᠠᠷᠭᠠᠬᠤ ᠪᠤᠯᠤᠨ᠎ᠠ
2026-04-30 10:14:28
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠰᠠᠢᠬᠠᠨ ᠪᠣᠭᠣᠮᠲᠠ᠎ᠶᠢᠨ ᠬᠢᠨ ᠬᠠᠷᠢᠶ᠎ᠠ ᠣᠷᠣᠨ᠎ᠤ ᠠᠵᠤ ᠠᠬᠤᠢᠯᠠᠯ ᠎ᠤᠨ ᠮᠡᠳᠡᠭᠦᠯᠦᠭᠰᠡᠨ 25 ᠪᠦᠯᠦᠭ ᠤᠳᠠᠭᠠᠨ ᠎ᠤ ᠶᠡᠷᠦᠩᠬᠡᠢ ᠬᠦᠨᠳᠦ ᠨᠢ 700 ᠲᠣᠨ᠂ 17.5 ᠲᠦᠮᠡᠨ ᠳ᠋ᠣᠯᠯᠠᠷ᠎ᠤᠨ ᠦᠨ᠎ᠡ ᠪᠦᠬᠦᠢ ᠲᠥᠮᠥᠰᠥ ᠎ᠶᠢ ᠲᠤᠬᠠᠢ᠎ᠶᠢᠨ ᠲᠠᠯᠠᠪᠤᠷ᠎ᠲᠤ ᠪᠠᠢᠴᠠᠭᠠᠨ ᠰᠢᠯᠭᠠᠬᠤ ᠪᠠ ᠥᠯᠢᠭᠡᠷ ᠠᠪᠴᠤ ᠪᠠᠢᠴᠠᠭᠠᠯᠲᠠ᠎ᠳᠤ ᠬᠦᠷᠭᠡᠬᠦ ᠠᠵᠢᠯ ᠦᠷᠨᠢᠭᠦᠯᠪᠡ᠃ ᠡᠲᠡᠭᠡᠷ ᠲᠥᠮᠥᠰᠥ᠎ᠪᠤᠯ ᠺᠢᠷᠬᠢᠽᠰᠲ᠋ᠠᠨ᠎ᠳᠤ ᠭᠠᠷᠭᠠᠬᠤ ᠪᠡᠷ ᠪᠤᠢ ᠲᠦᠮᠦᠰᠦ ᠶᠤᠮ᠂ ᠡᠨᠡ ᠨᠢ ᠬᠥᠬᠡᠬᠣᠲᠠ᠎ᠶᠢᠨ ᠲᠥᠮᠥᠰᠥ᠎ᠶᠢ ᠠᠩᠬ᠎ᠠ ᠤᠳᠠᠭ᠎ᠠ ᠭᠠᠳᠠᠭᠠᠳᠤ᠎ᠳᠤ ᠭᠠᠷᠭᠠᠬᠤ ᠭᠡᠵᠤ ᠪᠠᠢᠭ᠎ᠠ ᠶᠠᠪᠤᠳᠠᠯ ᠪᠣᠯᠣᠨ᠎ᠠ᠃

ᠬᠠᠷᠢᠶ᠎ᠠ ᠣᠷᠣᠨ᠎ᠤ ᠲᠥᠮᠥᠰᠥ᠎ᠶᠢ ᠤᠯᠤᠰ᠎ᠤᠨ ᠡᠭᠦᠳᠡ᠎ᠪᠡᠷ ᠭᠠᠷᠭᠠᠬᠤ᠎ᠶᠢ ᠬᠠᠪᠰᠤᠷᠤᠨ ᠠᠬᠢᠭᠤᠯᠬᠤ᠎ᠶᠢᠨ ᠲᠤᠰᠠᠳᠠ᠂ ᠰᠠᠢᠬᠠᠨ ᠪᠣᠭᠣᠮᠲᠠ ᠵᠢᠨ ᠬᠢᠨ ᠠᠵᠤ ᠠᠬᠤᠢᠯᠠᠯ᠎ᠤᠨ ᠬᠡᠷᠡᠭᠴᠡᠭᠡ ᠱᠠᠭᠠᠷᠳᠠᠯᠭ᠎ᠠ᠎ᠯᠤᠭ᠎ᠠ ᠤᠨᠤᠴᠠᠳᠠᠢ ᠵᠣᠯᠭᠠᠭᠤᠯᠵᠤ᠂ ᠲᠡᠷᠡ ᠳᠠᠷᠤᠢ ᠳ᠋ᠤᠨᠢ ᠲᠤᠰᠬᠠᠢ ᠬᠥᠮᠥᠨ ᠲᠣᠮᠢᠯᠠᠨ ᠠᠵᠤ ᠠᠬᠤᠢᠯᠠᠯ᠎ᠢ ᠬᠠᠪᠰᠤᠷᠤᠨ ᠶᠠᠰᠤ ᠴᠢᠨᠠᠷ᠎ᠤᠨ ᠬᠠᠮᠢᠶᠠᠷᠤᠯᠲᠠ᠎ᠶᠢᠨ ᠰᠢᠰᠲᠧᠮ᠎ᠢ ᠲᠡᠭᠦᠯᠳᠡᠷᠵᠢᠭᠦᠯᠵᠦ᠂ ᠬᠥᠨᠥᠭᠡᠯᠲᠡᠢ ᠠᠮᠢᠳᠤ ᠪᠣᠳᠠᠰ᠎ᠢ ᠬᠢᠨᠠᠨ ᠰᠢᠨᠵᠢᠬᠦ ᠪᠠ ᠬᠥᠮᠥᠷᠭᠡᠯᠡᠨ ᠬᠠᠳᠠᠭᠠᠯᠠᠵᠤ ᠬᠢᠵᠢᠭ᠎ᠢ ᠰᠡᠷᠭᠡᠢᠯᠡᠬᠦ ᠳᠦᠷᠢᠮ ᠠᠷᠭ᠎ᠠ ᠬᠡᠮᠵᠢᠶ᠎ᠡ ᠵᠢ ᠪᠠᠢᠭᠤᠯᠤᠨ ᠪᠦᠷᠢᠨᠰᠢᠭᠦᠯᠵᠦ᠂ ᠪᠣᠭᠣᠮᠲᠠ᠎ᠪᠠᠷ ᠥᠩᠭᠡᠷᠡᠭᠦᠯᠬᠦ ᠶᠠᠪᠤᠴᠠ᠂ ᠭᠠᠳᠠᠭᠠᠳᠤ ᠎ᠠᠴᠠ ᠣᠷᠣᠭᠤᠯᠬᠤ ᠤᠯᠤᠰ᠎ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠮᠡᠷᠭᠡᠵᠢᠯ ᠠᠷᠠᠯᠵᠢᠶᠠᠨ᠎ᠤ ᠠᠷᠭ᠎ᠠ ᠬᠡᠮᠵᠢᠶ᠎ᠡ ᠵᠡᠷᠭᠡ ᠲᠥᠷᠥ᠎ᠶᠢᠨ ᠪᠣᠳᠣᠯᠭ᠎ᠠ᠎ᠶᠢᠨ ᠯᠠᠪᠯᠠᠭ᠎ᠠ ᠬᠠᠩᠭᠠᠪᠠ᠃ ᠰᠠᠭᠠᠳ ᠦᠭᠡᠢ ᠨᠡᠪᠲᠡᠷᠡᠬᠦ ᠵᠠᠮ᠎ᠢ ᠨᠠᠪᠲᠠᠷᠡᠭᠦᠯᠵᠦ᠂ ᠥᠯᠢᠭᠡᠷ ᠠᠪᠬᠤ᠂ ᠲᠤᠷᠰᠢᠯᠲᠠ᠎ᠶᠢᠨ ᠲᠠᠰᠤᠭ᠎ᠲᠤ ᠰᠢᠯᠭᠠᠨ ᠪᠠᠢᠴᠠᠭᠠᠬᠤ ᠵᠡᠷᠭᠡ ᠡᠯ᠎ᠡ ᠭᠣᠭᠴᠣᠭ᠎ᠠ ᠎ᠶᠢ ᠨᠢᠭ᠍ᠲᠠ ᠵᠣᠯᠭᠠᠭᠤᠯᠵᠤ᠂ ᠪᠣᠭᠣᠮᠲᠠ᠎ᠪᠠᠷ ᠥᠩᠭᠡᠷᠡᠭᠦᠯᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠂ ᠲᠣᠰ ᠭᠠᠵᠠᠷ᠎ᠤᠨ ᠴᠢᠨᠠᠷ ᠰᠠᠢᠲᠠᠢ ᠲᠥᠮᠥᠰᠥ᠎ᠶᠢᠨ ᠣᠯᠠᠨ ᠤᠯᠤᠰ᠎ᠤᠨ ᠵᠠᠬ᠎ᠠ ᠳᠡᠯᠭᠡᠭᠦᠷ᠎ᠢ ᠨᠡᠭᠡᠭᠡᠬᠦ᠎ᠶᠢ ᠪᠠᠲᠤᠯᠠᠪᠠ᠃

ᠣᠢᠷ᠎ᠠ᠎ᠶᠢᠨ ᠵᠢᠯ᠎ᠦᠨ ᠲᠤᠷᠰᠢ᠂ ᠰᠠᠢᠬᠠᠨ ᠪᠣᠭᠣᠮᠲᠠ ᠨᠢ ᠬᠥᠬᠡᠬᠣᠲᠠ᠎ᠶᠢᠨ ᠲᠠᠷᠢᠶᠠᠯᠠᠩ᠎ᠤᠨ ᠪᠦᠲᠦᠭᠡᠭᠳᠡᠬᠦᠨ᠎ᠦ ᠭᠠᠳᠠᠭᠠᠳᠤ ᠭᠠᠷᠭᠠᠯᠲᠠ ᠵᠢᠴᠢ ᠬᠠᠮᠢᠶ᠎ᠠ ᠪᠦᠬᠦᠢ ᠠᠵᠤ ᠦᠢᠯᠡᠰ᠎ᠦᠨ ᠬᠥᠭᠵᠢᠯᠲᠡ᠎ᠶᠢ ᠢᠳᠡᠪᠬᠢᠲᠡᠢ ᠳᠡᠮᠵᠢᠵᠦ᠂ ᠪᠣᠭᠣᠮᠲᠠ᠎ᠶᠢᠨ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ ᠎ᠶᠢᠨ ᠤᠬᠠᠭᠤᠯᠭ᠎ᠠ᠎ᠶᠢ ᠰᠠᠢᠲᠤᠷ ᠬᠢᠵᠦ᠂ ᠠᠵᠤ ᠠᠬᠤᠢᠯᠠᠯ᠎ᠢ ᠵᠢᠯᠣᠭᠣᠳᠤᠨ ᠡᠬᠢ ᠡᠭᠦᠰᠦᠯ᠎ᠡᠴᠡ ᠨᠢ ᠬᠠᠮᠢᠶᠠᠷᠤᠨ ᠡᠵᠡᠮᠳᠡᠬᠦ᠎ᠶᠢ ᠰᠠᠢᠲᠤᠷ ᠬᠢᠵᠦ᠂ 《ᠤᠷᠢᠳᠴᠢᠯᠠᠨ ᠪᠣᠯᠵᠣᠵᠤ᠂ ᠤᠷᠢᠳ᠎ᠢᠶᠠᠷ ᠪᠠᠢᠴᠠᠭᠠᠬᠤ》ᠵᠡᠷᠭᠡ ᠦᠢᠯᠡᠴᠢᠯᠡᠭᠡᠨ᠎ᠦ ᠠᠷᠭ᠎ᠠ ᠬᠡᠮᠵᠢᠶ᠎ᠡ ᠠᠪᠴᠤ ᠪᠣᠭᠣᠮᠲᠠ ᠥᠩᠭᠡᠷᠡᠭᠦᠯᠬᠦ ᠬᠤᠭᠤᠴᠠᠭ᠎ᠠ᠎ᠶᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠬᠠᠵᠤ᠂ ᠠᠵᠤ ᠠᠬᠤᠢᠯᠠᠯ᠎ᠤᠨ ᠭᠠᠳᠠᠭᠠᠳᠤ᠎ᠶᠢᠨ ᠵᠠᠬ᠎ᠠ ᠳᠡᠯᠭᠡᠭᠦᠷ᠎ᠢ ᠵᠠᠪᠳᠤᠨ ᠡᠵᠡᠯᠡᠬᠦ᠎ᠳᠦ ᠬᠦᠴᠦᠨ ᠨᠡᠮᠡᠷᠢᠯᠡᠪᠡ᠃ 2025 ᠣᠨ᠎ᠠᠴᠠ ᠤᠳᠤ ᠪᠣᠯᠲᠠᠯ᠎ᠠ᠂ ᠰᠠᠢᠬᠠᠨ ᠪᠣᠭᠣᠮᠲᠠ ᠬᠠᠷᠢᠶ᠎ᠠ ᠣᠷᠣᠨ᠎ᠤ ᠠᠵᠤ ᠠᠬᠤᠢᠯᠠᠯ᠎ᠳᠦ ᠦᠢᠯᠡᠴᠢᠯᠡᠵᠤ ᠪᠠᠢᠭᠠᠳ 1800 ᠲᠣᠨ ᠰᠢᠬᠠᠮ ᠬᠥᠯᠳᠡᠭᠡᠭᠰᠡᠨ ᠲᠥᠮᠥᠰᠥᠨ ᠵᠦᠰᠦᠮ ᠎ᠢ ᠭᠠᠳᠠᠭᠠᠳᠤ᠎ᠳᠤ ᠭᠠᠷᠭᠠᠵᠤ᠂ ᠪᠠᠷᠠᠭᠠᠨ᠎ᠤ ᠦᠷᠳᠡᠭ ᠨᠢ 170 ᠲᠦᠮᠡᠨ ᠳ᠋ᠣᠯᠯᠠᠷ᠂ 4300 ᠲᠣᠨ ᠲᠦᠮᠦᠰᠦᠨ ᠴᠠᠷᠳᠠᠭᠤᠯ᠎ᠢ ᠭᠠᠳᠠᠭᠠᠳᠤ᠎ᠳᠤ ᠭᠠᠷᠭᠠᠵᠤ᠂ ᠪᠠᠷᠠᠭᠠᠨ᠎ᠤ ᠦᠷᠳᠡᠭ ᠨᠢ 400 ᠲᠦᠮᠡᠨ ᠳ᠋ᠣᠯᠯᠠᠷ᠎ᠪᠤᠯᠤᠨ᠎ᠠ᠃


ᠢᠷᠡᠯᠲᠡ᠄ ᠬᠥᠬᠡᠬᠣᠲᠠ᠎ᠶᠢᠨ ᠡᠳᠦᠷ᠎ᠦᠨ ᠰᠣᠨᠢᠨ 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号