4 ᠰᠠᠷ᠎ᠠ᠎ᠶᠢᠨ
28 ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ
ᠮᠡᠳᠡᠭᠡᠨ᠎ᠦ ᠠᠯᠪᠠᠨ ᠭᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠰᠠᠢᠨ ᠣᠷᠣᠨ ᠰᠠᠭᠤᠴᠠ〉 ᠵᠢᠨ ᠪᠦᠲᠦᠭᠡᠨ
ᠪᠠᠢᠭᠤᠯᠤᠯᠲᠠ᠎ᠶᠢ ᠠᠬᠢᠭᠤᠯᠬᠤ ᠠᠵᠢᠯᠯᠠᠭ᠎ᠠ᠎ᠶᠢᠨ ᠲᠥᠰᠥᠯ 》 (ᠳᠣᠷᠣᠭ᠍ᠰᠢ 《ᠠᠵᠢᠯᠯᠠᠭ᠎ᠠ ᠶᠢᠨ ᠲᠥᠰᠥᠯ》 ᠭᠡᠵᠦ
ᠲᠣᠪᠴᠢᠯᠠᠨ᠎ᠠ)᠎ᠤᠨ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ᠎ᠶᠢᠨ ᠰᠣᠨᠢᠨ ᠮᠡᠳᠡᠭᠡ ᠨᠡᠢᠲᠡᠯᠡᠬᠦ ᠬᠤᠷᠠᠯ
ᠬᠢᠪᠡ᠃
《ᠠᠵᠢᠯᠯᠠᠭ᠎ᠠ᠎ᠶᠢᠨ ᠲᠥᠰᠥᠯ》᠎ᠳᠤ ᠲᠠᠭᠤ ᠬᠦᠨᠳᠡᠢᠷᠡᠭᠦᠯᠭᠦ᠂ ᠮᠠᠭᠤᠬᠠᠢ ᠦᠨᠦᠷ ᠤᠷᠤᠬᠤ᠂ ᠤᠰᠤ ᠨᠡᠪᠴᠢᠵᠦ ᠭᠤᠭᠤᠵᠢᠬᠤ
ᠵᠢ ᠰᠡᠷᠭᠡᠢᠯᠡᠨ ᠵᠠᠰᠠᠬᠤ ᠵᠡᠷᠭᠡ ᠶᠠᠰᠤ ᠴᠢᠨᠠᠷ᠎ᠤᠨ ᠠᠰᠠᠭᠤᠳᠠᠯ᠎ᠢ ᠲᠤᠰᠬᠠᠢᠯᠠᠨ ᠳᠤᠷᠠᠳᠴᠠᠢ᠃ 《ᠰᠠᠢᠨ ᠣᠷᠣᠨ ᠰᠠᠭᠤᠴᠠ》᠎ᠶᠢᠨ ᠪᠦᠲᠦᠭᠡᠨ ᠪᠠᠢᠭᠤᠯᠤᠯᠲᠠ᠎ᠳᠤ᠂ ᠥᠪᠥᠷ ᠮᠣᠩᠭᠣᠯ ᠵᠢᠷᠤᠭ ᠲᠥᠯᠥᠪᠯᠡᠭᠡ᠂
ᠪᠠᠷᠢᠯᠭ᠎ᠠ᠂ ᠮᠠᠲᠧᠷᠢᠶᠠᠯ᠂ ᠲᠥᠬᠦᠭᠡᠷᠦᠮᠵᠢ ᠵᠡᠷᠭᠡ ᠳᠥᠷᠪᠡᠨ ᠲᠠᠯ᠎ᠠ ᠡᠴᠡ ᠬᠦᠴᠦᠯᠡᠵᠦ ᠣᠷᠣᠨ
ᠰᠠᠭᠤᠴᠠ ᠶᠢᠨ ᠶᠠᠰᠤ ᠴᠢᠨᠠᠷ᠎ᠢ ᠳᠡᠭᠡᠭᠰᠢᠯᠡᠭᠦᠯᠬᠦ᠎ᠪᠡᠷ ᠪᠣᠶ᠃
ᠤᠷᠤᠨ ᠰᠠᠭᠤᠴᠠ ᠵᠢᠨ
ᠵᠢᠷᠤᠭ ᠲᠦᠯᠦᠪᠯᠡᠭᠡ ᠵᠢᠨ ᠲᠠᠯ᠎ᠠ ᠪᠡᠷ᠂ ᠰᠢᠨ᠎ᠡ᠎ᠪᠡᠷ ᠪᠠᠢᠭᠤᠯᠬᠤ ᠣᠷᠣᠨ ᠰᠠᠭᠤᠴᠠ ᠶᠢᠨ ᠳᠠᠪᠬᠤᠷᠭ᠎ᠠ᠎ᠳᠤ ᠥᠨᠳᠥᠷ᠎ᠦᠨ ᠬᠡᠮᠵᠢᠶ᠎ᠡ᠎ᠶᠢ 3
ᠮᠧᠲᠷ᠎ᠡᠴᠡ ᠳᠣᠣᠷ᠎ᠠ ᠪᠠᠢᠯᠭᠠᠬᠤ ᠦᠭᠡᠢ᠂ 4 ᠳᠠᠪᠬᠤᠷᠭ᠎ᠠ᠎ᠠᠴᠠ ᠳᠡᠭᠡᠭᠰᠢ ᠪᠠᠢᠪᠠᠯ ᠡᠷᠬᠡᠪᠰᠢ ᠴᠠᠬᠢᠯᠭᠠᠨ
ᠱᠠᠲᠤ ᠲᠣᠬᠢᠷᠠᠭᠤᠯᠬᠤ ᠬᠡᠷᠡᠭᠲᠡᠢ᠂ ᠠᠰᠠᠷ᠎ᠤᠨ ᠬᠠᠪᠲᠠᠰᠤ᠎ᠶᠢᠨ ᠲᠠᠭᠤ ᠬᠦᠨᠳᠡᠢᠷᠡᠭᠦᠯᠭᠦ ᠬᠡᠮᠵᠢᠶ᠎ᠡ ᠵᠢ
65 ᠳ᠋ᠧᠼᠢᠪᠧᠯ᠎ᠡᠴᠡ ᠥᠨᠳᠥᠷ ᠪᠠᠢᠯᠭᠠᠬᠤ ᠦᠭᠡᠢ᠂ ᠪᠠᠷᠢᠯᠭ᠎ᠠ᠎ᠶᠢᠨ ᠪᠦᠲᠦᠴᠡ᠎ᠵᠢᠨ ᠵᠢᠷᠤᠭ ᠲᠦᠯᠦᠪᠯᠡᠭᠡ
ᠵᠢᠨ ᠠᠵᠢᠯ᠎ᠤᠨ ᠵᠢᠯ ᠬᠤᠭᠤᠴᠠᠭ᠎ᠠ᠎ᠶᠢ 50 ᠵᠢᠯ᠎ᠡᠴᠡ ᠳᠣᠣᠷ᠎ᠠ ᠪᠠᠢᠯᠭᠠᠬᠤ ᠦᠭᠡᠢ᠂ ᠭᠡᠷ ᠳᠣᠲᠣᠷᠠᠬᠢ ᠤᠰᠤ
ᠭᠤᠭᠤᠵᠢᠬᠤ᠎ᠶᠢ ᠰᠡᠷᠭᠡᠢᠯᠡᠬᠦ ᠵᠢᠷᠤᠭ ᠲᠥᠯᠥᠪᠯᠡᠭᠡ᠎ᠶᠢᠨ ᠵᠢᠯ ᠬᠤᠭᠤᠴᠠᠭ᠎ᠠ ᠶᠢ 25 ᠵᠢᠯ᠎ᠡᠴᠡ ᠳᠣᠣᠷ᠎ᠠ
ᠪᠠᠢᠯᠭᠠᠬᠤ ᠦᠭᠡᠢ ᠵᠡᠷᠭᠡ ᠠᠯᠢ ᠣᠯᠠᠨ ᠲᠣᠳᠣᠷᠬᠠᠢ ᠭᠦᠢᠴᠡᠳᠬᠡᠯ ᠲᠣᠭ᠎ᠠ᠎ᠶᠢ ᠵᠢᠷᠤᠭ ᠲᠦᠯᠦᠪᠯᠡᠭᠡ
ᠵᠢᠨ ᠪᠥᠬᠥ ᠶᠠᠪᠤᠴᠠ᠎ᠳᠤ ᠣᠷᠣᠭᠤᠯᠵᠤ᠂ ᠣᠷᠣᠨ ᠰᠠᠭᠤᠴᠠ᠎ᠶᠢᠨ ᠶᠠᠰᠤ ᠴᠢᠨᠠᠷ᠎ᠤᠨ ᠬᠤᠷᠢᠭ᠎ᠠ ᠱᠤᠭᠤᠮ᠎ᠢ ᠡᠬᠢ
ᠡᠭᠦᠰᠦᠯ᠎ᠡᠴᠡ ᠨᠢ ᠪᠠᠲᠤ ᠴᠤᠬᠴᠠᠯᠠᠨ᠎ᠠ᠃
ᠪᠠᠷᠢᠯᠭ᠎ᠠ᠎ᠶᠢᠨ
ᠭᠣᠭᠴᠣᠭ᠎ᠠ᠎ᠳᠤ ᠳᠠᠭᠤ ᠬᠦᠨᠳᠡᠢᠷᠡᠭᠦᠯᠭᠦ᠂ ᠮᠠᠭᠤᠬᠠᠢ ᠦᠨᠦᠷ ᠤᠷᠤᠬᠤ᠂ ᠤᠰᠤ ᠨᠡᠪᠴᠢᠵᠦ ᠭᠤᠭᠤᠵᠢᠬᠤ ᠵᠡᠷᠭᠡ ᠤᠯᠠᠨ
ᠡᠭᠦᠰᠳᠡᠭ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠣᠷᠣᠨ ᠰᠠᠭᠤᠴᠠ᠎ᠶᠢᠨ ᠪᠠᠷᠢᠯᠭ᠎ᠠ᠎ᠶᠢᠨ
ᠶᠠᠰᠤ ᠴᠢᠨᠠᠷ᠎ᠤᠨ ᠪᠠᠢᠩᠭᠤ ᠲᠣᠬᠢᠶᠠᠯᠳᠤᠳᠠᠭ ᠠᠰᠠᠭᠤᠳᠠᠯ᠎ᠢ ᠰᠡᠷᠭᠡᠢᠯᠡᠨ ᠵᠠᠰᠠᠬᠤ ᠮᠡᠷᠭᠡᠵᠢᠯ᠎ᠢ
ᠳᠡᠯᠭᠡᠷᠡᠭᠦᠯᠦᠨ ᠬᠡᠷᠡᠭᠯᠡᠵᠦ᠂ ᠵᠠᠩᠭᠢᠯᠠᠭ᠎ᠠ᠎ᠶᠢᠨ ᠠᠵᠢᠯ᠎ᠤᠨ ᠳᠠᠷᠠᠭᠠᠯᠠᠯ᠎ᠤᠨ ᠬᠠᠮᠢᠶᠠᠷᠤᠯᠲᠠ
ᠡᠵᠡᠮᠳᠡᠯ᠎ᠢ ᠴᠢᠩᠭᠠᠳᠬᠠᠨ᠎ᠠ᠃ ᠥᠪᠥᠷ ᠮᠣᠩᠭᠣᠯ ᠪᠦᠲᠦᠭᠡᠨ ᠪᠠᠢᠭᠤᠯᠤᠯᠲᠠ᠎ᠳᠤ ᠣᠷᠣᠯᠴᠠᠭᠰᠠᠨ ᠡᠯ᠎ᠡ ᠨᠢᠭᠡᠴᠢ᠎ᠶᠢ ᠶᠠᠰᠤ
ᠴᠢᠨᠠᠷ᠎ᠢ ᠪᠠᠲᠤᠯᠠᠬᠤ ᠰᠢᠰᠲᠧᠮ᠎ᠢ ᠪᠦᠷᠢᠨᠰᠢᠭᠦᠯᠵᠦ᠂ ᠪᠠᠷᠢᠯᠭ᠎ᠠ ᠪᠠᠷᠢᠬᠤ ᠵᠢᠷᠤᠮᠵᠢᠯ ᠪᠠ ᠰᠢᠯᠭᠠᠨ ᠠᠪᠬᠤ
ᠪᠠᠷᠢᠮᠵᠢᠶ᠎ᠠ᠎ᠶᠢ ᠴᠢᠩᠭ᠎ᠠ ᠨᠠᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃
ᠡᠭᠦᠨ᠎ᠦ ᠬᠠᠮᠲᠤ᠂ ᠪᠦᠲᠦᠭᠡᠨ ᠪᠠᠶ᠋ᠢᠭᠤᠯᠬᠤ ᠨᠢᠭᠡᠴᠢ ᠨᠢ ᠪᠠᠷᠢᠯᠭ᠎ᠠ ᠳᠠᠭᠤᠰᠴᠤ ᠰᠢᠯᠭᠠᠨ ᠠᠪᠬᠤ᠎ᠠᠴᠠ
ᠡᠮᠦᠨ᠎ᠡ ᠲᠠᠭᠤ ᠬᠦᠨᠳᠡᠢᠷᠡᠭᠦᠯᠭᠦ᠂ ᠤᠰᠤ ᠨᠡᠪᠴᠢᠵᠦ ᠭᠤᠭᠤᠵᠢᠬᠤ ᠵᠢ ᠰᠡᠷᠭᠡᠢᠯᠡᠬᠦ ᠵᠡᠷᠭᠡ ᠪᠣᠳᠠᠲᠤ
ᠴᠣᠭᠴᠠ᠎ᠶᠢᠨ ᠴᠢᠳᠠᠪᠬᠢ᠎ᠶᠢᠨ ᠰᠢᠯᠭᠠᠨ ᠪᠠᠢᠴᠠᠭᠠᠯᠳᠠ᠎ᠶᠢ ᠵᠣᠬᠢᠶᠠᠨ ᠪᠠᠢᠭᠤᠯᠵᠤ᠂ ᠰᠢᠯᠭᠠᠨ ᠪᠠᠢᠴᠠᠭᠠᠭᠰᠠᠨ
ᠦᠷ᠎ᠡ ᠳ᠋ᠦᠩ ᠢ ᠣᠷᠣᠨ ᠰᠠᠭᠤᠴᠠ᠎ᠶᠢᠨ ᠶᠠᠰᠤ ᠴᠢᠨᠠᠷ᠎ᠤᠨ ᠪᠠᠲᠤᠯᠠᠭ᠎ᠠ᠎ᠶᠢᠨ ᠪᠢᠴᠢᠭ᠎ᠲᠦ ᠣᠷᠣᠭᠤᠯᠵᠤ᠂ ᠣᠷᠣᠨ ᠰᠠᠭᠤᠴᠠ᠎ᠶᠢᠨ ᠶᠠᠰᠤ ᠴᠢᠨᠠᠷ᠎ᠢ
ᠮᠥᠷᠳᠡᠵᠦ ᠪᠣᠯᠬᠤ᠂ ᠪᠠᠲᠤᠯᠠᠭ᠎ᠠ᠎ᠲᠠᠢ ᠪᠣᠯᠭᠠᠨ᠎ᠠ᠃
ᠶᠠᠰᠤ ᠴᠢᠨᠠᠷ᠎ᠤᠨ ᠬᠡᠮ
ᠰᠣᠭᠣᠭ ᠢ ᠡᠬᠢ ᠡᠭᠦᠰᠦᠯ᠎ᠡᠴᠡ ᠨᠢ ᠬᠣᠷᠢᠭ᠍ᠯᠠᠬᠤ᠎ᠶᠢᠨ ᠲᠥᠯᠥᠭᠡ᠂ ᠥᠪᠥᠷ ᠮᠣᠩᠭᠣᠯ ᠪᠠᠷᠢᠯᠭ᠎ᠠ᠎ᠶᠢᠨ
ᠮᠠᠲᠧᠷᠢᠶᠠᠯ ᠢ ᠤᠷᠢᠳ᠎ᠢᠶᠠᠷ ᠪᠠᠢᠴᠠᠭᠠᠵᠤ ᠳᠠᠷᠠᠭ᠎ᠠ ᠨᠢ ᠬᠡᠷᠡᠭᠯᠡᠬᠦ ᠳᠦᠷᠢᠮ᠎ᠢ ᠴᠢᠩᠭ᠎ᠠ
ᠬᠡᠷᠡᠭᠵᠢᠭᠦᠯᠵᠦ᠂ ᠲᠠᠭᠤ ᠬᠦᠨᠳᠡᠢᠷᠡᠭᠦᠯᠭᠦ᠂ ᠤᠰᠤ ᠨᠡᠪᠴᠢᠵᠦ ᠭᠤᠭᠤᠵᠢᠬᠤ ᠵᠢ ᠰᠡᠷᠭᠡᠢᠯᠡᠬᠦ ᠦᠷ᠎ᠡ
ᠪᠦᠲᠦᠮᠵᠢ᠎ᠶᠢ ᠨᠥᠯᠥᠭᠡᠯᠡᠬᠦ ᠵᠠᠩᠭᠢᠯᠠᠭ᠎ᠠ᠎ᠶᠢᠨ ᠮᠠᠲᠧᠷᠢᠶᠠᠯ᠎ᠳᠤ᠂ ᠦᠨᠡᠮᠯᠡᠯ᠎ᠢ ᠨᠢ ᠪᠠᠢᠴᠠᠭᠠᠵᠤ ᠭᠡᠷᠡᠴᠢ
ᠠᠪᠬᠤ ᠳᠦᠷᠢᠮ᠎ᠢ ᠨᠠᠢᠳᠠᠪᠤᠷᠢᠵᠢᠭᠤᠯᠤᠨ᠎ᠠ᠃ ᠡᠭᠦᠳᠡ ᠴᠣᠩᠬᠣ᠌᠂ ᠭᠠᠵᠠᠷ ᠳᠡᠭᠡᠷᠡᠬᠢ ᠤᠰᠤ ᠭᠣᠭᠣᠵᠢᠭᠤᠷ᠂
ᠤᠰᠤᠨ ᠡᠴᠡ ᠰᠡᠷᠭᠡᠢᠯᠡᠬᠦ ᠮᠠᠲᠧᠷᠢᠶᠠᠯ ᠵᠡᠷᠭᠡ ᠤᠰᠤ ᠨᠡᠪᠴᠢᠵᠦ ᠭᠣᠭᠣᠵᠢᠬᠤ᠂ ᠮᠠᠭᠤᠬᠠᠢ ᠦᠨᠦᠷ ᠤᠷᠤᠬᠤ
ᠲᠠᠢ ᠰᠢᠭᠤᠳ ᠬᠣᠯᠪᠣᠭᠳᠠᠬᠤ ᠮᠠᠲᠧᠷᠢᠶᠠᠯ ᠳᠤ ᠴᠢᠭᠯᠡᠭᠦᠯᠦᠨ᠂ ᠰᠤᠭᠤᠴᠢᠨ ᠪᠠᠢᠴᠠᠭᠠᠬᠤ ᠬᠠᠷᠢᠴᠠᠯ᠎ᠢ
ᠵᠣᠬᠢᠬᠤ ᠬᠡᠮᠵᠢᠶ᠎ᠡ᠎ᠪᠡᠷ ᠨᠡᠮᠡᠭᠳᠡᠭᠦᠯᠵᠦ᠂ ᠬᠢᠷᠢ ᠲᠡᠩᠴᠡᠬᠦ ᠦᠭᠡᠢ ᠦᠢᠯᠡᠳᠬᠦᠨ᠎ᠢ ᠣᠯᠵᠤ ᠮᠡᠳᠡᠪᠡᠯ᠂ ᠪᠠᠷᠢᠯᠭ᠎ᠠ᠎ᠶᠢᠨ
ᠭᠠᠵᠠᠷ᠎ᠠᠴᠠ ᠬᠠᠤᠯᠢ ᠶᠣᠰᠣᠭᠠᠷ ᠴᠡᠪᠡᠷᠯᠡᠨ ᠭᠠᠷᠭᠠᠬᠤ᠎ᠶᠢᠨ ᠬᠠᠮᠲᠤ ᠴᠢᠩᠭ᠎ᠠ ᠬᠠᠷᠢᠭᠤᠴᠠᠯᠭ᠎ᠠ
ᠨᠡᠬᠡᠮᠵᠢᠯᠡᠵᠦ᠂ ᠪᠠᠷᠢᠯᠭ᠎ᠠ᠎ᠶᠢᠨ ᠮᠠᠲᠧᠷᠢᠶᠠᠯ᠎ᠤᠨ ᠶᠠᠰᠤ ᠴᠢᠨᠠᠷ᠎ᠤᠨ ᠪᠠᠷᠢᠮᠵᠢᠶ᠎ᠠ᠎ᠳᠤ ᠬᠦᠷᠬᠦ ᠵᠢ
ᠦᠨᠡᠨᠬᠦ ᠪᠠᠲᠤᠯᠠᠨ᠎ᠠ᠃
ᠲᠣᠨᠣᠭ
ᠲᠥᠬᠦᠭᠡᠷᠦᠮᠵᠢ᠎ᠶᠢᠨ ᠲᠣᠬᠢᠷᠠᠭᠤᠯᠤᠯᠲᠠ᠎ᠶᠢᠨ ᠲᠠᠯ᠎ᠠ᠎ᠪᠠᠷ᠂ ᠥᠪᠥᠷ ᠮᠣᠩᠭᠣᠯ ᠣᠶᠤᠨᠯᠢᠭ᠋᠂ ᠥᠨᠳᠥᠷ
ᠪᠦᠲᠦᠮᠵᠢᠲᠡᠶ᠂ ᠪᠣᠬᠢᠷᠲᠤᠯ ᠦᠭᠡᠢ ᠲᠣᠨᠣᠭ ᠲᠥᠬᠦᠭᠡᠷᠦᠮᠵᠢ᠎ᠶᠢᠨ ᠰᠢᠰᠲᠧᠮ᠎ᠢ ᠰᠣᠩᠭᠣᠨ ᠬᠡᠷᠡᠭᠯᠡᠬᠦ᠎ᠶᠢ
ᠵᠣᠷᠢᠭ᠍ᠵᠢᠭᠤᠯᠵᠤ᠂ ᠣᠷᠣᠨ
ᠰᠠᠭᠤᠴᠠ᠎ᠶᠢᠨ ᠲᠠᠭᠠᠯᠠᠮᠵᠢᠲᠠᠢ ᠪᠠᠢᠬᠤ ᠬᠡᠮᠵᠢᠶ᠎ᠡ ᠪᠠ ᠪᠥᠬᠡᠯᠢᠭ ᠴᠢᠨᠠᠷ᠎ᠢ ᠤᠯᠠᠮ ᠨᠢᠭᠡ ᠠᠯᠬᠤᠮ
ᠳᠡᠭᠡᠭᠰᠢᠯᠡᠭᠦᠯᠦᠨ᠎ᠡ᠃