ᠮᠤᠷᠢᠳᠤ ᠴᠠᠬᠳᠠᠭᠠᠨ᠎ᠤ ᠠᠩᠬᠢ ᠪᠤᠯᠤᠨ ᠪᠦᠬᠡᠲᠡᠮᠦᠷ ᠨᠦᠬᠦᠷ 《ᠤᠮᠠᠷᠠᠲᠤ᠌ ᠬᠢᠯᠢ᠎ᠶᠢᠨ ᠵᠢᠱ᠌ᠢᠶᠡᠴᠢ》 ᠵᠢᠨ ᠴᠣᠯᠠ ᠬᠦᠷᠳᠡᠪᠡ
2026-04-30 16:43:54
ᠵᠣᠬᠢᠶᠠᠭ᠍ᠴᠢ᠄
ᠬᠤᠤ ᠵᠢᠶᠠ ᠯᠢ
ᠣᠩᠱᠢᠭ᠍ᠰᠠᠨ ᠣᠳᠠᠭ᠎ᠠ᠄
★★★☆☆

4 ᠰᠠᠷ᠎ᠠ᠎ᠶᠢᠨ 29 ᠎ᠦ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ 《ᠤᠮᠠᠷᠠᠲᠤ᠌ ᠬᠢᠯᠢ᠎ᠶᠢᠨ ᠵᠢᠱ᠌ᠢᠶᠡᠴᠢ》ᠵᠢᠨ ᠲᠡᠷᠢᠭᠦᠨ᠎ᠦ ᠦᠢᠯᠡ ᠠᠵᠢᠯᠯᠠᠭ᠎ᠠ᠎ᠶᠢ ᠨᠡᠶ᠋ᠢᠲᠡᠯᠡᠬᠦ᠌ ᠬᠤᠷᠠᠯ ᠬᠢᠵᠦ᠍᠂ ᠤᠯᠠᠭᠠᠶ ᠬᠠᠮᠢᠶᠠᠷᠤᠯᠲᠠ᠎ᠶᠢᠨ ᠣᠷᠣᠨ᠎ᠤ ᠬᠢᠯᠢ᠎ᠶᠢᠨ ᠬᠠᠮᠢᠶᠠᠷᠤᠯᠲᠠ᠎ᠶᠢᠨ ᠶᠡᠬᠡ ᠠᠩᠭᠢ᠎ᠶᠢᠨ ᠮᠣᠷᠢᠲᠤ᠌ ᠴᠠᠭᠳᠠᠭᠠᠨ᠎ᠤ ᠠᠩᠭᠢ ᠵᠢᠨ᠎ᠬᠠᠮᠲᠤ᠌ ᠪᠤᠯᠤᠨ ᠪᠦᠬᠡᠲᠠᠮᠦᠷ ᠨᠥᠬᠥᠷ᠎ᠲᠦ᠍《ᠤᠮᠠᠷᠠᠲᠤ᠌ ᠬᠢᠯᠢ᠎ᠶᠢᠨ ᠵᠢᠱ᠌ᠢᠶᠡᠴᠢ》 ᠵᠢᠨ ᠴᠣᠯᠠ ᠣᠯᠭᠣᠪᠠ᠃


QQ20260430-164624.png


ᠤᠯᠠᠭᠠᠶ ᠬᠠᠮᠢᠶᠠᠷᠤᠯᠲᠠ᠎ᠶᠢᠨ ᠣᠷᠣᠨ ᠎ᠤ ᠬᠢᠯᠢ ᠎ᠶᠢᠨ ᠬᠠᠮᠢᠶᠠᠷᠤᠯᠲᠠ᠎ᠶᠢᠨ ᠶᠡᠬᠡ ᠠᠩᠭᠢ᠎ᠶᠢᠨ ᠮᠣᠷᠢᠳᠤ ᠴᠠᠭᠳᠠᠭᠠᠨ᠎ᠤ ᠠᠩᠭᠢ ᠨᠢ ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠶ᠋ᠢᠴᠠᠭᠠᠬᠤ ᠶᠡᠷᠦᠩᠬᠡᠶ ᠥᠷᠲᠡᠭᠡ᠎ᠶᠢᠨ ᠰᠢᠯᠢ᠎ᠶᠢᠨ ᠭᠤᠤᠯ᠎ᠤᠨ ᠬᠢᠯᠢ᠎ᠶᠢᠨ ᠬᠠᠮᠢᠶᠠᠷᠤᠯᠲᠠ᠎ᠶᠢᠨ ᠰᠠᠯᠪᠤᠷᠢ ᠠᠩᠭᠢ᠎ᠳᠤ ᠬᠠᠷᠢᠶᠠᠯᠠᠭᠳᠠᠵᠤ᠂ 2019 ᠣᠨ᠎ᠤ 6 ᠰᠠᠷ᠎ᠠ᠎ᠳᠤ ᠪᠠᠶ᠋ᠢᠭᠤᠯᠤᠭᠳᠠᠬᠤ᠎ᠶᠢᠨ ᠬᠠᠮᠲᠤ᠌ ᠦᠢᠯᠡᠴᠢᠯᠡᠭᠡᠨ᠎ᠦ ᠠᠵᠢᠯ᠎ᠢᠶᠠᠨ ᠡᠬᠢᠯᠡᠭᠦᠯᠪᠡ᠃ ᠴᠠᠭᠳᠠᠭᠠᠨ᠎ᠤ ᠠᠩᠭᠢ᠎ᠳᠤ ᠣᠲᠣ 10 ᠭᠡᠰᠢᠭᠦᠨ᠎ᠲᠡᠶ᠂ ᠳᠤᠮᠳᠠᠴᠢ ᠨᠠᠰᠤ ᠨᠢ 30᠂ ᠴᠠᠭᠳᠠᠭᠠᠨ᠎ᠤ ᠮᠣᠷᠢ 10 ᠪᠠᠢᠵᠤ᠂ ᠭᠤᠤᠯᠳᠠᠭᠤ ᠬᠠᠷᠢᠶᠠᠲᠤ᠌ ᠣᠷᠣᠨ᠎ᠤ ᠭᠠᠵᠠᠷ᠎ᠤᠨ ᠪᠠᠶ᠋ᠢᠴᠠ ᠨᠢ ᠪᠤᠳᠤᠯᠢᠶᠠᠨᠲᠠᠶ᠂ ᠲᠡᠷᠭᠡ ᠨᠡᠪᠲᠡᠷᠡᠬᠦ᠌᠎ᠳᠦ ᠬᠦᠴᠢᠷ ᠣᠷᠣᠨ᠎ᠤ ᠬᠢᠯᠢ᠎ᠶᠢᠨ ᠲᠠᠩᠨᠠᠨ ᠪᠠᠶ᠋ᠢᠴᠠᠭᠠᠯᠳᠠ᠂ ᠣᠷᠣᠨ ᠪᠦᠰᠡ᠎ᠶᠢᠨ ᠵᠢᠭᠰᠠᠭᠠᠨ ᠪᠠᠶ᠋ᠢᠴᠠᠭᠠᠯᠳᠠ᠂ ᠴᠠᠭᠳᠠᠨ ᠲᠣᠭᠣᠷᠢᠵᠤ ᠰᠤᠷᠪᠤᠯᠵᠢᠯᠠᠬᠤ᠂ ᠪᠠᠴᠢᠮ ᠪᠠᠶ᠋ᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠵᠢᠴᠢ ᠴᠠᠭᠳᠠᠨ ᠡᠵᠡᠮᠳᠡᠬᠦ᠌ ᠵᠡᠷᠭᠡ ᠣᠯᠠᠨ ᠶᠠᠩᠵᠤ᠎ᠶᠢᠨ ᠡᠭᠦᠷᠭᠡ᠎ᠶᠢ ᠡᠭᠦᠷᠭᠡᠯᠡᠵᠤ ᠪᠤᠢ᠃ ᠲᠠᠳᠠ ᠮᠣᠷᠢᠨ ᠨᠢᠷᠤᠭᠤ᠎ᠪᠡᠷ ᠬᠠᠷᠠᠭᠤᠯ᠎ᠤᠨ ᠪᠠᠢᠷᠢ ᠪᠤᠯᠭᠠᠵᠤ᠂ ᠲᠠᠯ᠎ᠠ ᠨᠤᠲᠤᠭ᠎ᠢᠶᠠᠷ ᠬᠡᠷ᠎ᠢᠶᠡᠨ ᠪᠣᠯᠭᠠᠵᠤ᠂ ᠵᠣᠬᠢᠶᠠᠨ ᠪᠠᠶ᠋ᠢᠭᠤᠯᠤᠭᠳᠠᠭᠰᠠᠨ᠎ᠠᠴᠠ ᠨᠠᠭᠠᠰᠢ᠂ ᠮᠠᠯᠴᠢᠳ᠎ᠤᠨ ᠵᠠᠭᠤᠷᠠᠯᠳᠤᠭᠠᠨ᠎ᠢ ᠬᠦᠯᠢᠴᠡᠩᠭᠦᠶ᠎ᠪᠡᠷ ᠨᠠᠮᠳᠠᠭᠤᠯᠵᠤ᠂ ᠪᠣᠶ᠋ᠢᠳᠠ ᠪᠦᠭᠯᠡᠭᠦᠦ ᠮᠠᠯᠵᠢᠬᠤ ᠣᠷᠣᠨ᠎ᠳᠤ ᠡᠳ᠋ ᠪᠣᠳᠠᠰ ᠵᠥᠭᠡᠭᠡᠪᠦᠷᠢᠯᠡᠨ ᠥᠭᠴᠦ᠍᠂ ᠬᠠᠤᠯᠢ ᠪᠡᠷ ᠵᠠᠰᠠᠬᠤ ᠤᠬᠠᠭᠤᠯᠭ᠎ᠠ ᠵᠡᠷᠭᠡ ᠠᠵᠢᠯ᠎ᠢ ᠭᠦᠨᠵᠡᠭᠡᠶ ᠥᠷᠨᠢᠭᠦᠯᠵᠦ᠍᠂ ᠲᠤᠶ᠋ᠢᠯ᠎ᠤᠨ ᠮᠠᠭᠤ ᠴᠠᠭ ᠠᠭᠤᠷ᠎ᠤᠨ ᠪᠠᠢᠳᠠᠯ ᠳᠤᠤᠷ᠎ᠠ᠂ ᠣᠯᠠᠨ ᠤᠳᠠᠭ᠎ᠠ ᠠᠶᠤᠯ᠎ᠠᠴᠠ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠪᠡ᠃ ᠲᠠᠳᠠ ᠡᠬᠡ ᠤᠯᠤᠰ᠎ᠤᠨ ᠤᠮᠠᠷᠠᠲᠤ᠎ᠶᠢᠨ ᠠᠮᠤᠷ ᠲᠣᠭᠲᠠᠭᠤᠨ᠎ᠢ ᠰᠠᠬᠢᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ᠎ᠪᠠᠨ ᠦᠨᠡᠨᠴᠢ ᠰᠢᠳᠤᠷᠭᠤ᠎ᠪᠠᠷ ᠦᠢᠯᠡᠳᠦᠯᠭᠡᠵᠢᠭᠦᠯᠵᠦ᠍᠂《ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶᠢ ᠳᠡᠭᠡᠳᠦᠯᠡᠬᠦ᠌》 ᠲᠥᠪ ᠴᠢᠩᠭ᠎ᠠ ᠠᠮᠠᠯᠠᠯᠲᠠ᠎ᠵᠢ ᠦᠢᠯᠡᠳᠦᠯᠭᠡᠵᠢᠭᠦᠯᠵᠠᠢ᠃


QQ20260430-164632.png


ᠪᠦᠬᠡᠲᠠᠮᠦᠷ ᠪᠣᠯ ᠵᠡᠪᠰᠡᠭᠲᠦ᠍ ᠴᠠᠭᠳᠠᠭ᠎ᠠ᠎ᠶᠢᠨ ᠪᠠᠶᠠᠨᠨᠠᠭᠤᠷ ᠰᠠᠯᠪᠤᠷᠢ ᠠᠩᠬᠢ᠎ᠶᠢᠨ ᠳᠡᠳ᠋ ᠱᠲ᠋ᠠᠪ᠎ᠤᠨ ᠳᠠᠷᠤᠭ᠎ᠠ ᠪᠣᠯᠤᠨ᠎ᠠ᠃ ᠴᠡᠷᠢᠭ᠎ᠲᠦ᠍ ᠣᠷᠣᠭᠰᠠᠨ 20 ᠵᠢᠯ᠎ᠦᠨ ᠲᠤᠷᠰᠢ᠂ ᠲᠡᠷᠡ ᠢᠮᠠᠭᠲᠠ ᠬᠠᠷᠠᠭᠤᠯ᠎ᠤᠨ ᠪᠠᠶ᠋ᠢᠷᠢ᠎ᠪᠠᠨ ᠪᠠᠲᠤ᠌ ᠰᠠᠬᠢᠵᠤ᠂ ᠠᠶᠤᠯ ᠲᠦᠭᠰᠢᠭᠦᠷᠢ᠎ᠶᠢᠨ ᠳᠤᠮᠳᠠ ᠭᠠᠪᠰᠢᠭᠠᠶ᠋ᠢᠯᠠᠨ᠂ ᠡᠬᠡᠯ ᠵᠢᠷ ᠎ᠦᠨ ᠳᠤᠮᠳᠠ ᠬᠤᠪᠢ ᠨᠡᠮᠡᠷᠢ ᠦᠵᠡᠭᠦᠯᠵᠦ᠍᠂ ᠴᠡᠷᠢᠭ ᠪᠣᠯᠪᠠᠰᠤᠷᠠᠭᠤᠯᠤᠨ ᠲᠡᠶ᠋ᠢᠨ᠎ᠳᠦ ᠪᠡᠯᠡᠳᠬᠡᠬᠦ᠌᠂ ᠠᠶᠤᠯ᠎ᠠᠴᠠ ᠠᠪᠤᠷᠠᠨ ᠲᠤᠰᠠᠯᠠᠬᠤ ᠳᠤᠮᠳᠠ ᠭᠡᠰᠡᠨ ᠥᠬᠡᠶ᠂ ᠬᠢᠯᠢ ᠬᠢᠵᠠᠭᠠᠷ᠎ᠢ ᠲᠣᠭᠲᠠᠪᠤᠷᠢᠵᠢᠭᠤᠯᠵᠤ ᠬᠢᠯᠢ ᠬᠢᠵᠠᠭᠠᠷ᠎ᠢ ᠴᠢᠨᠡᠭᠡᠯᠢᠭᠵᠢᠭᠦᠯᠭᠦ᠂ ᠣᠯᠠᠨ ᠲᠦᠮᠡᠨ᠎ᠳᠦ ᠦᠢᠯᠡᠴᠢᠯᠡᠬᠦ᠌ ᠳᠤᠮᠳᠠ ᠴᠤ᠌ ᠭᠡᠰᠡᠨ ᠥᠬᠡᠶ ᠢᠮᠠᠭᠲᠠ ᠬᠣᠰᠢᠭᠤᠴᠢᠯᠠᠨ ᠬᠦᠨᠳᠦ ᠡᠭᠦᠷᠭᠡ᠎ᠶᠢ ᠡᠭᠦᠷᠭᠡᠯᠡᠵᠦ᠍᠂ ᠬᠢᠯᠢ ᠬᠢᠵᠠᠭᠠᠷ᠎ᠤᠨ ᠠᠮᠤᠷ ᠲᠣᠭᠲᠠᠭᠤᠨ᠎ᠢ ᠰᠠᠬᠢᠨ ᠬᠠᠮᠠᠭᠠᠯᠠᠬᠤ᠂ ᠠᠷᠠᠳ ᠢᠷᠭᠡᠳ᠎ᠲᠦ᠍ ᠪᠤᠶᠠᠨ ᠦᠢᠯᠡᠳᠬᠦ᠌᠎ᠳᠦ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号