4 ᠰᠠᠷ᠎ᠠ᠎ᠶᠢᠨ 28 ᠤ ᠡᠳᠦᠷ᠂ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ 2026 ᠣᠨ᠎ᠤ ᠴᠡᠷᠢᠭ᠎ᠦᠨ ᠠᠯᠪᠠ᠎ᠠᠴᠠ ᠬᠠᠯᠠᠭᠳᠠᠭᠰᠠᠳᠲᠤ᠌ ᠠᠵᠢᠯ ᠣᠯᠭᠣᠬᠤ
ᠦᠢᠯᠡᠴᠢᠯᠡᠭᠡᠨ᠎ᠦ ᠲᠤᠰᠬᠠᠶ ᠠᠵᠢᠯᠯᠠᠭ᠎ᠠ ᠵᠢᠴᠢ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠵᠤ ᠡᠯᠰᠡᠬᠦ᠌ ᠲᠤᠰᠬᠠᠶ ᠴᠤᠭᠯᠠᠭᠠᠨ ᠬᠥᠬᠡᠬᠣᠲᠠ ᠶᠢᠨ
ᠠᠵᠢᠯ ᠮᠡᠷᠭᠡᠵᠢᠯ᠎ᠦᠨ ᠶᠡᠬᠡ ᠰᠤᠷᠭᠠᠭᠤᠯᠢ(ᠥᠪᠥᠷ ᠮᠣᠩᠭᠣᠯ᠎ᠤᠨ ᠴᠡᠷᠢᠭ ᠦᠨ ᠠᠯᠪᠠ᠎ᠠᠴᠠ ᠬᠠᠯᠠᠭᠳᠠᠭᠰᠠᠳ᠎ᠤᠨ
ᠠᠵᠤ ᠦᠢᠯᠡᠰ᠎ᠦᠨ ᠳᠡᠭᠡᠳᠦ ᠰᠤᠷᠭᠠᠭᠤᠯᠢ) ᠳ᠋ᠤ ᠡᠬᠢᠯᠡᠪᠡ᠃

ᠲᠣᠰ ᠤᠳᠠᠭᠠᠨ᠎ᠤ ᠠᠵᠢᠯᠯᠠᠭ᠎ᠠ᠎ᠨᠢ ᠤᠶᠤᠲᠠᠳ ᠤᠨ ᠴᠡᠷᠢᠭ᠎ᠦᠨ
ᠠᠯᠪᠠ᠎ᠠᠴᠠ ᠬᠠᠯᠠᠭᠳᠠᠭᠰᠠᠨ ᠪᠠᠶ᠋ᠢᠯᠳᠤᠭᠴᠢ᠂ ᠴᠡᠷᠢᠭ᠎ᠦᠨ ᠠᠯᠪᠠ᠎ᠠᠴᠠ ᠬᠠᠯᠠᠭᠳᠠᠭᠰᠠᠳ ᠪᠠ ᠴᠡᠷᠢᠭ᠎ᠦᠨ ᠬᠡᠷ
ᠪᠦᠯᠢ᠎ᠳᠦ ᠬᠠᠨᠳᠤᠭᠤᠯᠤᠨ᠂ ᠰᠦᠯᠵᠢᠶᠡᠨ ᠳᠡᠭᠡᠷ᠎ᠡ ᠪᠠ ᠠᠬᠤᠢ ᠳᠠᠯᠠᠪᠠᠢ᠎ᠳᠦ ᠨᠡᠶ᠋ᠢᠲᠡ 500 ᠭᠠᠷᠤᠶ ᠠᠵᠤ ᠠᠬᠤᠶ᠋ᠢᠯᠠᠯ
ᠴᠤᠭᠯᠠᠷᠠᠵᠤ᠂ 8200 ᠭᠠᠷᠤᠶ ᠠᠵᠢᠯ᠎ᠤᠨ ᠪᠠᠶ᠋ᠢᠷᠢ ᠬᠠᠩᠭᠠᠵᠤ᠂ ᠰᠢᠨ᠎ᠡ ᠡᠨᠧᠷᠭᠢ᠂ ᠢᠨᠲ᠋ᠸᠷ ᠰᠦᠯᠵᠢᠶ᠎ᠡ᠂ ᠰᠤᠷᠭᠠᠨ
ᠬᠥᠮᠦᠵᠢᠯ᠂ ᠮᠥᠩᠭᠥᠨ ᠭᠦᠢᠯᠭᠡᠭᠡ᠂ ᠣᠲᠣ ᠦᠶ᠎ᠡ᠎ᠶᠢᠨ ᠦᠢᠯᠡᠴᠢᠯᠡᠭᠡᠨ᠎ᠦ ᠦᠢᠯᠡᠰ ᠵᠡᠷᠭᠡ ᠬᠦᠷᠢᠶ᠎ᠡ᠎ᠶᠢ ᠬᠠᠮᠤᠷᠴᠠᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ
ᠲᠢᠩᠬᠢᠮ ᠪᠣᠯᠤᠨ ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ᠂ ᠥᠪᠥᠷ ᠮᠣᠩᠭᠣᠯ᠎ᠤᠨ ᠭᠠᠯ ᠰᠡᠷᠭᠡᠶ᠋ᠢᠯᠡᠵᠦ᠍
ᠭᠠᠯ ᠤᠨᠲᠠᠷᠠᠭᠠᠬᠤ ᠠᠵᠢᠯ ᠲᠥᠷᠥᠯ᠎ᠦᠨ ᠨᠡᠶ᠋ᠢᠭᠡᠮᠯᠢᠭ ᠵᠡᠷᠭᠡ ᠬᠠᠮᠳᠤᠷᠠᠨ ᠵᠠᠰᠠᠭ ᠠᠵᠤ ᠠᠬᠤᠶ᠋ᠢᠯᠠᠯ᠎ᠤᠨ ᠬᠠᠮᠲᠤᠷᠠᠯᠴᠠᠭᠠᠨ᠎ᠤ
ᠪᠦᠳᠦᠭᠦᠪᠴᠢ ᠵᠥᠪᠯᠡᠯᠴᠡᠭᠡᠷ ᠲᠣᠭᠲᠠᠵᠤ᠂ ᠠᠵᠤ ᠦᠢᠯᠡᠰ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠢ ᠠᠬᠢᠭᠤᠯᠪᠠ᠃
4 ᠰᠠᠷ᠎ᠠ᠎ᠶᠢᠨ 28 ᠤ ᠡᠳᠦᠷ᠎ᠡᠴᠡ 9 ᠰᠠᠷ᠎ᠠ᠎ᠶᠢᠨ
ᠰᠡᠭᠦᠯᠴᠢ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ
ᠠᠵᠢᠯ ᠣᠯᠵᠤ ᠦᠢᠯᠡᠰ ᠪᠤᠰᠬᠠᠬᠤ ᠮᠡᠳᠡᠭᠡ ᠵᠠᠩᠭᠢ᠎ᠶᠢᠨ ᠦᠢᠯᠡᠴᠢᠯᠡᠭᠡᠨ᠎ᠦ ᠰᠢᠰᠲ᠋ᠧᠮ ᠰᠦᠯᠵᠢᠶᠡᠨ ᠳᠡᠭᠡᠷ᠎ᠡ
ᠠᠵᠢᠯᠲᠠᠨ ᠡᠯᠰᠡᠬᠦ᠌ ᠲᠤᠰᠬᠠᠶ ᠲᠣᠭᠣᠷᠢᠭ ᠭᠠᠷᠭᠠᠵᠤ᠂ ᠰᠦᠯᠵᠢᠶ᠎ᠡ᠎ᠪᠡᠷ ᠠᠵᠢᠯᠲᠠᠨ ᠡᠯᠰᠡᠬᠦ᠌᠂ ᠰᠢᠭᠤᠳ ᠨᠡᠪᠲᠡᠷᠡᠭᠦᠯᠭᠡ᠎ᠪᠡᠷ
ᠠᠵᠢᠯ᠎ᠤᠨ ᠪᠠᠶ᠋ᠢᠷᠢ ᠲᠠᠢᠴᠢᠯᠠᠬᠤ ᠶᠢ ᠪᠠᠶ᠋ᠢᠩᠭᠤ ᠥᠷᠨᠢᠭᠦᠯᠦᠨ᠎ᠡ᠃ 5 ᠰᠠᠷ᠎ᠠ᠎ᠶᠢᠨ 8 ᠤ ᠡᠳᠦᠷ᠎ᠡᠴᠡ ᠡᠬᠢᠯᠡᠨ᠂
ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠢ ᠵᠣᠬᠢᠶᠠᠨ ᠪᠠᠶ᠋ᠢᠭᠤᠯᠵᠤ ᠠᠩᠬᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ
ᠲᠥᠪ᠎ᠦᠨ ᠠᠵᠤ ᠠᠬᠤᠶ᠋ᠢᠯᠠᠯ᠎ᠤᠨ ᠲᠤᠰᠬᠠᠶ ᠠᠵᠢᠯᠲᠠᠨ ᠡᠯᠰᠡᠬᠦ᠌ ᠠᠵᠢᠯᠯᠠᠭ᠎ᠠ᠎ᠳᠤ ᠣᠷᠣᠯᠴᠠᠭᠤᠯᠬᠤ ᠪᠤᠯᠤᠨ᠎ᠠ᠃
ᠲᠣᠰ ᠤᠳᠠᠭ᠎ᠠ᠎ᠶᠢᠨ ᠠᠵᠢᠯᠯᠠᠭ᠎ᠠ᠎ᠶᠢ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠢᠩᠬᠢᠮ᠎ᠡᠴᠡ ᠭᠤᠤᠯᠯᠠᠨ
ᠡᠷᠭᠢᠯᠡᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠬᠥᠮᠦᠨ ᠦ
ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ᠂ ᠤᠯᠤᠰ ᠤᠨ ᠥᠮᠴᠢᠯᠡᠯ ᠦᠨ ᠡᠳ᠋
ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠵᠡᠷᠭᠡ
ᠰᠠᠯᠠᠭ᠎ᠠ ᠮᠥᠴᠢᠷ ᠳᠡᠮᠵᠢᠵᠦ᠍᠂ ᠬᠥᠬᠡᠬᠣᠲᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠳᠠᠭᠠᠭᠠᠴᠢᠯᠠᠨ
ᠡᠷᠭᠢᠯᠡᠪᠡ᠃
ᠢᠷᠡᠯᠳᠠ᠄ ᠰᠢᠨᠬᠤᠸᠠ ᠰᠦᠯᠵᠢᠶ᠎ᠠ ᠵᠢᠨ ᠦᠪᠦᠷ ᠮᠤᠡᠭᠭᠤᠯ ᠰᠤᠪᠠᠭ