ᠪᠣᠷᠣᠲᠣᠬᠣᠢ ᠶ᠋ᠢᠨ ᠡᠬᠡ ᠭᠠᠵᠠᠷ ᠲᠤ ᠬᠠᠪᠤᠷᠰᠠᠭᠠᠳᠠᠨ᠂ ᠤᠷᠢᠬᠠᠨ ᠰᠠᠯᠬᠢ ᠰᠡᠪᠢᠯᠵᠡᠵᠦ᠂ 《ᠤᠮᠠᠷᠠᠲᠤ ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠬᠠᠳᠤᠨ ᠭᠣᠣᠯ᠎ᠤᠨ 《ᠶᠡᠬᠡ ᠲᠤᠬᠤᠢ ᠤᠷᠤᠨ》 ᠤ᠋ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠳᠠᠭᠠᠷᠢᠯᠲᠠ᠎ᠶ᠋ᠢᠨ ᠪᠦᠷᠢᠢᠡ ᠳᠠᠬᠢᠨᠲᠠ ᠴᠤᠤᠷᠢᠶᠠᠤᠨᠴᠤ᠂ ᠪᠦᠬᠦ᠌ ᠬᠤᠳᠠ᠎ᠶ᠋ᠢᠨ ᠡᠯ᠎ᠡ ᠭᠠᠵᠠᠷ᠎ᠲᠤ ᠮᠠᠰᠢ ᠲᠦᠷᠭᠡᠨ᠎ᠢᠶᠡᠷ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ ᠱᠢᠨ᠎ᠡ ᠬᠠᠯᠠᠭᠤᠨ ᠥᠷᠨᠢᠯᠲᠡ ᠭᠠᠷᠪᠠ᠃
3 ᠰᠠᠷ᠎ᠠ᠎ᠶ᠋ᠢᠨ 31 ᠤ᠋ ᠡᠳᠦᠷ᠂ ᠰᠤᠷᠪᠤᠯᠵᠢᠯᠠᠭ᠍ᠴᠢ ᠬᠠᠩᠭᠢᠨ ᠬᠣᠢᠲᠤ ᠬᠣᠱᠢᠭᠤᠨ᠎ᠤ ᠶᠡᠷᠦᠩᠬᠡᠢᠯᠡᠨ ᠵᠠᠰᠠᠬᠤ ᠲᠣᠭᠣᠷᠢᠭ᠎ᠲᠤ ᠬᠦᠷᠬᠦ᠌᠎ᠳᠦ᠂ 53 ᠨᠠᠰᠤᠲᠠᠶ ᠡᠯᠡᠰᠦ ᠵᠢ ᠵᠠᠰᠠᠬᠤ ᠠᠵᠢᠯᠴᠢᠨ ᠸᠠᠩ ᠵᠢᠨ ᠵᠤ᠌ ᠨᠢᠷᠤᠭᠤ ᠪᠥᠬᠥᠢᠨ ᠲᠤᠲᠤᠷᠭ᠎ᠠ᠎ᠵᠢᠨ ᠰᠦᠷᠡᠯ᠎ᠢ ᠰᠡᠭ᠌ᠰᠦᠷᠦᠨ ᠲᠡᠭ᠌ᠰᠢᠯᠡᠵᠦ᠍᠂ ᠪᠠᠷᠠᠭᠤᠨ ᠬᠥᠯ᠎ᠢᠶᠡᠷ᠎ᠢᠶᠡᠨ ᠲᠡᠮᠦᠷ ᠬᠦᠷᠵᠡ ᠬᠢᠰᠬᠢᠯᠡᠨ ᠡᠯᠡᠰᠤ ᠤᠬᠤᠵᠤ᠂ ᠬᠣᠶᠠᠷ ᠭᠠᠷᠵᠢᠡᠷᠢᠶᠠᠨ ᠨᠢᠭᠡ ᠳᠠᠷᠤᠵᠤ ᠨᠢᠭᠡ ᠤᠷᠪᠠᠭᠤᠯᠤᠭᠠᠳ᠂ ᠲᠤᠲᠤᠷᠭ᠎ᠠ᠎ᠵᠢᠨ ᠰᠦᠷᠡᠯ᠎ᠢ ᠡᠯᠡᠰᠦᠨ᠎ᠳᠦ ᠪᠠᠲᠤ ᠬᠠᠳᠭᠤᠪᠠ᠃ ᠤᠳᠠᠯ ᠥᠬᠡᠶ 1.2 ᠮᠧᠲ᠋ᠷ᠎ᠤᠨ ᠲᠡᠭᠰᠢ ᠲᠦᠷᠪᠡᠯᠵᠢᠯᠡᠨ ᠲᠠᠷᠢᠭᠰᠠᠨ ᠡᠪᠡᠰᠤᠨ ᠬᠠᠰᠢᠯᠭ᠎ᠠ᠎ᠶᠢ ᠡᠯᠡᠰᠦᠨ ᠳᠣᠪᠣᠷᠴᠠᠭ ᠳᠡᠭᠡᠷ᠎ᠡ ᠰᠢᠭᠢᠳᠭᠡᠭᠰᠡᠨ ᠪᠠᠢᠨ᠎ᠠ᠃
《ᠡᠪᠡᠰᠦ᠎ᠶ᠋ᠢ ᠭᠦᠨ ᠪᠤᠯᠠᠪᠠᠯ ᠪᠦᠷᠢᠯᠭᠡᠨᠡ᠂ ᠬᠦᠢᠬᠡᠨ ᠪᠤᠯᠠᠪᠠᠯ ᠰᠠᠯᠬᠢ ᠦᠯᠢᠶᠡᠮᠡᠭᠴᠡ ᠬᠡᠢᠰᠴᠢᠬᠡᠨᠡ᠂ 10 ᠡᠴᠡ 20 ᠰᠠᠨᠲ᠋ᠢᠮᠧᠲ᠋ᠷ ᠪᠣᠯᠠᠪᠠᠯ ᠬᠠᠮᠤᠭ᠎ᠤᠨ ᠲᠤᠬᠢᠷᠠᠮᠵᠢᠳᠠᠢ》᠃ ᠸᠠᠩ ᠵᠢᠨ ᠵᠤ᠌ ᠮᠠᠩᠨᠠᠶ ᠳᠡᠭᠡᠷᠡᠬᠢ ᠬᠥᠯᠥᠰᠥ᠎ᠪᠡᠨ ᠠᠷᠴᠢᠭᠠᠳ᠄ 《ᠡᠨᠡ ᠬᠦ᠌ ᠭᠦᠨᠦ ᠬᠡᠮᠵᠢᠶ᠎ᠡ ᠨᠢ ᠨᠡᠭᠦᠳᠡᠯ ᠡᠯᠡᠰᠦ᠎ᠶ᠋ᠢ ᠲᠣᠭ᠍ᠲᠠᠪᠤᠷᠢᠵᠢᠭᠤᠯᠵᠤ᠂ ᠰᠠᠯᠬᠢᠨ᠎ᠤ ᠬᠤᠷᠳᠤᠴᠠ᠎ᠶ᠋ᠢ ᠳᠣᠷᠣᠭ᠍ᠰᠢᠯᠠᠭᠤᠯᠬᠤᠪᠠᠷ ᠪᠠᠷᠠᠬᠤ ᠥᠬᠡᠶ ᠪᠠᠰᠠ ᠪᠣᠷᠣᠭᠠᠨ᠎ᠤ ᠤᠰᠤ᠎ᠶ᠋ᠢ ᠬᠠᠳᠠᠭᠠᠯᠠᠵᠤ᠂ ᠦᠷᠭᠦᠯᠵᠢᠯᠡᠨ ᠡᠯᠡᠰᠦᠨ᠎ᠦ ᠤᠷᠭᠤᠮᠠᠯ ᠳᠠᠷᠢᠬᠤ᠎ᠳᠤ ᠰᠠᠭᠤᠷᠢ ᠲᠠᠯᠪᠢᠵᠤ ᠥᠭ᠌ᠳᠡᠭ》 ᠭᠡᠪᠡ᠃ ᠲᠡᠭᠦᠨ᠎ᠦ ᠠᠷᠤ᠎ᠳᠡᠬᠢ ᠡᠪᠡᠰᠦᠨ ᠳᠥᠷᠪᠡᠯᠵᠢᠭᠡᠰᠦ ᠨᠢ ᠶᠠᠭ ᠯᠠ ᠠᠪᠤᠷᠭᠤ ᠲᠣᠮᠣ ᠠᠯᠲᠠᠨ ᠱᠢᠷᠭᠠᠯ ᠬᠡᠪᠢᠰ ᠱᠢᠭ᠎ᠢᠶᠡᠷ ᠡᠯᠡᠰᠦᠨ ᠴᠥᠯ᠎ᠦᠨ ᠭᠦᠨ᠎ᠳᠦ ᠳᠡᠯᠭᠡᠭ᠌ᠳᠡᠵᠦ᠍ ᠡᠬᠢᠯᠡᠪᠡ᠃
《ᠲᠤᠲᠤᠷᠭ᠎ᠠ᠎ᠶ᠋ᠢᠨ ᠰᠦᠷᠡᠯ᠎ᠢ ᠵᠢᠭ᠌ᠳᠡ᠎ᠪᠡᠷ ᠲᠠᠷᠬᠠᠭᠠᠵᠤ᠂ ᠨᠢᠭᠡ ᠯᠡ ᠱᠤᠭᠤᠮ ᠳ᠋ᠦ ᠪᠠᠢᠯᠭᠠᠬᠤ᠎ᠶᠢ ᠪᠠᠷᠢᠮᠲᠠᠯᠠᠨ᠂ ᠲᠤᠲᠤᠷᠭ᠎ᠠ᠎ᠶ᠋ᠢᠨ ᠰᠦᠷᠡᠯ᠎ᠤᠨ ᠵᠠᠨᠭᠬᠢᠷᠠᠭᠠᠶᠢ ᠠᠯᠳᠠᠷᠠᠭᠠᠵᠤ ᠦᠭᠪᠡᠯ ᠰᠠᠶᠢ ᠲᠤᠲᠤᠷᠭ᠎ᠠ᠎ᠶ᠋ᠢᠨ ᠰᠦᠷᠡᠯ ᠡᠯᠡᠰᠦᠨ᠎ᠳᠦ ᠳᠠᠷᠤᠭ᠍ᠳᠠᠨ ᠣᠷᠣᠵᠦ ᠳᠡᠢᠯᠦᠨ᠎ᠡ》᠃ ᠤᠷᠠᠳ᠎ᠤᠨ ᠬᠣᠢᠲᠤ ᠬᠣᠱᠢᠭᠤᠨ᠎ᠤ ᠬᠦᠭᠡᠴᠤ ᠰᠤᠮᠤᠨ᠎ᠤ ᠪᠤᠮᠪᠠᠲᠤ᠎ᠶ᠋ᠢᠨ ᠡᠯᠡᠰᠦ᠎ᠶ᠋ᠢ ᠵᠠᠰᠠᠬᠤ ᠲᠤᠬᠠᠢ᠎ᠶ᠋ᠢᠨ ᠲᠠᠯᠠᠪᠠᠢ᠎ᠳᠤ᠂ ᠬᠣᠱᠢᠭᠤᠨ᠎ᠤ ᠤᠢ ᠱᠢᠭᠤᠢ ᠨᠤᠳᠤᠭ ᠪᠡᠯᠴᠢᠭᠡᠷ᠎ᠦᠨ ᠲᠣᠪᠴᠢᠢ᠎ᠠ᠎ᠶ᠋ᠢᠨ ᠳᠡᠳ᠋ ᠳᠠᠷᠤᠭ᠎ᠠ ᠴᠧᠨ ᠸᠸᠨ ᠪᠢᠨ ᠠᠵᠢᠯᠴᠢᠳ᠎ᠢ ᠵᠢᠯᠣᠭᠣᠳᠤᠨ ᠡᠪᠡᠰᠦᠨ ᠳᠥᠷᠪᠡᠯᠵᠢᠭᠡᠰᠦ᠎ᠵᠢ ᠳᠡᠪᠢᠰᠴᠦ᠍ ᠪᠠᠢᠪᠠ᠃ ᠠᠷᠪᠠᠨ ᠬᠡᠳᠦᠨ ᠠᠵᠢᠯᠴᠢᠨ ᠶᠠᠭ ᠰᠠᠶᠢᠬᠠᠨ ᠲᠡᠮᠦᠷ ᠬᠦᠷᠵᠡ᠎ᠪᠡᠷ ᠰᠠᠢᠬᠠᠨ ᠬᠠᠳᠭᠤᠭ᠍ᠰᠠᠨ ᠡᠪᠡᠰᠦᠨ ᠳᠥᠷᠪᠡᠯᠵᠢᠭᠡᠰᠦ᠎ᠵᠢ ᠵᠠᠰᠠᠬᠤ᠎ᠳᠤ᠂ ᠲᠡᠮᠦᠷ ᠬᠦᠷᠵᠡ ᠪᠣᠯᠤᠨ ᠡᠯᠡᠰᠦ ᠱᠢᠷᠣᠶ᠎ᠶ᠋ᠢᠨ ᠦᠷᠦᠯᠲᠡ᠎ᠡᠴᠡ 《ᠲᠠᠴᠢᠭᠢᠨᠠᠬᠤ》 ᠳᠠᠭᠤ ᠭᠠᠷᠴᠤ᠌ ᠪᠠᠢᠯ᠎ᠠ᠃ ᠠᠯᠤᠰ᠎ᠲᠤ ᠨᠢᠭᠡᠨᠲᠡ ᠠᠵᠢᠯ ᠳᠠᠭᠤᠰᠤᠭ᠍ᠰᠠᠨ ᠲᠦᠷᠪᠡᠯᠵᠢᠯᠡᠨ ᠲᠠᠷᠢᠭᠰᠠᠨ ᠡᠯᠡᠰᠦᠨ ᠬᠠᠯᠬᠠᠪᠴᠢ ᠨᠡᠷᠡᠨ᠎ᠦ ᠭᠡᠷᠡᠯᠳᠦ ᠠᠯᠳᠠᠨ ᠱᠢᠷᠭᠠᠯ ᠭᠡᠷᠡᠯ ᠰᠠᠴᠤᠷᠠᠵᠤ᠂ ᠨᠡᠭᠦᠳᠡᠯ ᠡᠯᠡᠰᠦᠨ ᠲᠤᠪᠤᠷᠴᠠᠭᠢ ᠪᠠᠲᠤ ᠪᠡᠬᠢᠯᠡᠨ᠎ᠡ᠃
ᠬᠠᠲᠤᠨ ᠭᠣᠣᠯ᠎ᠤᠨ ᠬᠥᠪᠡᠭᠡ᠎ᠶ᠋ᠢ ᠳᠠᠭᠠᠨ ᠤᠷᠤᠭ᠍ᠰᠢᠯᠠᠵᠤ᠂ ᠰᠤᠷᠪᠤᠯᠵᠢᠯᠠᠭ᠍ᠴᠢ ᠳ᠋ᠸᠩᠺᠸᠤ ᠱᠢᠶᠠᠨ᠎ᠤ ᠯᠢᠦ ᠭᠤᠸᠠᠢ ᠱᠠ ᠳᠧᠦ᠍ᠳᠦ ᠬᠦᠷᠪᠡ᠂ ᠡᠨᠡ ᠭᠠᠵᠠᠷ ᠪᠣᠯ ᠤᠯᠠᠭᠠᠨᠪᠤᠬ᠎ᠠ᠎ᠶ᠋ᠢᠨ ᠡᠯᠡᠰᠦ ᠪᠠ ᠬᠠᠲᠤᠨ ᠭᠣᠣᠯ ᠤᠨ 《ᠵᠠᠬ᠎ᠠ ᠨᠡᠢᠯᠡᠭᠰᠡᠨ》 ᠭᠠᠵᠠᠷ ᠪᠣᠯᠤᠨ᠎ᠠ᠃ ᠥᠩᠭᠡᠷᠡᠭ᠌ᠰᠡᠨ᠎ᠳᠦ᠂ ᠡᠨᠳᠡᠬᠢ ᠤᠷᠭᠤᠮᠠᠯ᠎ᠤᠨ ᠬᠤᠴᠢᠯᠭ᠎ᠠ ᠮᠠᠰᠢ ᠰᠡᠢᠷᠡᠭ ᠪᠠᠢᠵᠤ᠂ ᠶᠡᠬᠡ ᠬᠡᠮᠵᠢᠶᠡᠨ᠎ᠦ ᠱᠢᠷ᠎ᠠ ᠡᠯᠡᠰᠦ ᠬᠠᠲᠤᠨ ᠭᠣᠸ᠋ᠯ᠎ᠳᠤ ᠴᠢᠳᠭᠤᠨ ᠣᠷᠣᠵᠤ᠂ ᠭᠣᠸ᠋ᠯ᠎ᠤᠨ ᠭᠤᠯᠳᠤᠷᠢᠯ᠎ᠢ ᠵᠢᠯ ᠲᠤᠳᠤᠮ ᠥᠨᠳᠥᠷᠵᠢᠭᠦᠯᠵᠦ᠍ ᠪᠠᠢᠪᠠ᠃ ᠡᠳᠦᠭᠡ᠂ ᠡᠨᠳᠡ ᠡᠮᠦᠨᠡᠰᠢ ᠤᠮᠠᠷᠠᠰᠢ ᠤᠷᠳᠤ ᠨᠢ ᠪᠠᠷᠤᠭ 6 ᠺᠢᠯᠤᠮᠸᠲᠷ᠂ ᠵᠡᠭᠦᠨᠰᠢ ᠪᠠᠷᠠᠭᠤᠨᠰᠢ ᠥᠷᠭᠡᠨ ᠨᠢ ᠪᠠᠷᠤᠭ 17.5 ᠺᠢᠯᠤᠮᠸᠲᠷ᠎ᠤᠨ ᠪᠤᠲᠠ ᠮᠤᠳᠤ ᠲᠤᠷᠤᠭ ᠮᠤᠳᠤ ᠡᠪᠡᠰᠦᠯᠢᠭ ᠤᠷᠭᠤᠮᠠᠯ᠎ᠢᠶᠡᠷ ᠪᠦᠷᠢᠯᠳᠦᠭᠰᠡᠨ ᠡᠯᠡᠰᠦ᠎ᠶ᠋ᠢ ᠬᠣᠷᠢᠭ᠍ᠯᠠᠬᠤ ᠪᠦᠰᠡ ᠪᠤᠰᠴᠤ᠂ ᠶᠠᠭ ᠯᠠ ᠨᠢᠭᠡᠨ ᠨᠤᠮᠢᠨ ᠨᠣᠭᠣᠭᠠᠨ ᠤᠷᠳᠤ ᠴᠠᠭᠠᠨ ᠬᠡᠷᠡᠮ ᠱᠢᠭ᠎ᠢᠶᠡᠷ ᠰᠠᠯᠬᠢ ᠱᠢᠭᠤᠷᠭᠠᠨ᠎ᠤ ᠳᠠᠭᠠᠷᠢᠯᠲᠠ᠎ᠶ᠋ᠢ ᠬᠣᠷᠢᠭ᠍ᠯᠠᠵᠤ ᠪᠠᠢᠨ᠎ᠠ᠃
ᠲᠤᠬᠠᠢ᠎ᠶ᠋ᠢᠨ ᠲᠠᠯᠠᠪᠠᠢ᠎ᠳᠤ᠂ ᠳ᠋ᠸᠩᠺᠸᠤ ᠱᠢᠶᠠᠨ᠎ᠤ ᠡᠯᠡᠰᠦᠷᠬᠡᠭᠵᠢᠯ᠎ᠢ ᠰᠡᠷᠭᠡᠢᠯᠡᠬᠦ᠌ ᠤᠢ᠎ᠶ᠋ᠢᠨ ᠤᠢ ᠱᠢᠭᠤᠢ᠎ᠶ᠋ᠢᠨ ᠬᠠᠮᠢᠶᠠᠷᠤᠯᠲᠠ᠎ᠶ᠋ᠢᠨ ᠲᠥᠪ᠎ᠦᠨ ᠳᠡᠳ᠋ ᠡᠷᠬᠢᠯᠡᠭ᠌ᠴᠢ ᠯᠢ ᠶᠠ ᠹᠠᠨ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠩᠬᠢ᠎ᠶ᠋ᠢ ᠳᠠᠭᠠᠭᠤᠯᠤᠨ ᠬᠦᠷᠵᠡ ᠡᠷᠭᠢᠭᠦᠯᠦᠨ ᠨᠦᠭᠡ ᠮᠠᠯᠲᠠᠵᠤ ᠪᠠᠢᠯ᠎ᠠ᠃ ᠲᠡᠷᠡ ᠨᠢᠭᠡ ᠠᠳᠬᠤ ᠵᠠᠭ ᠮᠣᠳᠣ᠎ᠵᠢᠨ ᠴᠢᠬᠢ ᠪᠠᠷᠢᠵᠤ᠂ ᠦᠨᠳᠦᠰᠦ᠎ᠶ᠋ᠢᠨ ᠱᠢᠰᠲ᠋ᠧᠮ᠎ᠢ ᠨᠢ ᠠᠵᠢᠭ᠍ᠯᠠᠬᠤ᠎ᠶ᠋ᠢᠨ ᠳᠠᠭᠠᠤ ᠰᠤᠷᠪᠤᠯᠵᠢᠯᠠᠭ᠍ᠴᠢ᠎ᠳᠤ᠄ 《ᠦᠨᠳᠦᠰᠦ᠎ᠶ᠋ᠢ ᠨᠢ ᠵᠢᠭᠢᠯᠭᠡᠵᠦ᠍᠂ ᠱᠢᠷᠣᠶ᠎ᠶ᠋ᠢ ᠨᠢ ᠭᠢᠰᠭᠢᠯᠡᠪᠡᠯ ᠰᠠᠶᠢ ᠦᠨᠳᠦᠰᠦ ᠬᠠᠳᠭᠤᠵᠤ ᠴᠢᠳᠠᠨ᠎ᠠ》 ᠭᠡᠵᠦ᠍ ᠬᠡᠯᠡᠪᠡ᠃ ᠠᠩᠭᠢ᠎ᠶ᠋ᠢᠨ ᠭᠡᠱᠢᠭᠦᠳ ᠨᠢ 3 ᠬᠥᠮᠦᠨ ᠨᠢᠭᠡ ᠳᠤᠭᠤᠢᠯᠠᠩ ᠪᠣᠯᠵᠤ᠂ ᠨᠢᠭᠡ ᠬᠥᠮᠦᠨ ᠨᠢ ᠨᠦᠬᠡ ᠮᠠᠯᠲᠠᠨ᠂ ᠨᠢᠭᠡ ᠬᠥᠮᠦᠨ ᠨᠢ ᠴᠢᠬᠢᠪᠤᠰᠬᠠᠵᠤ᠂ ᠨᠢᠭᠡ ᠬᠥᠮᠦᠨ ᠨᠢ ᠤᠰᠤᠯᠠᠨ᠎ᠠ᠃ ᠲᠡᠮᠦᠷ ᠬᠦᠷᠵᠡ ᠪᠡᠷ ᠡᠯᠡᠰᠦ᠎ᠶ᠋ᠢ ᠤᠷᠪᠠᠭᠤᠯᠤᠨ ᠬᠥᠳᠡᠯᠭᠡᠵᠦ᠂ ᠤᠳᠠᠯ ᠦᠭᠡᠢ ᠮᠥᠷ ᠮᠥᠷ ᠵᠠᠭ ᠮᠤᠳᠤᠨ ᠴᠢᠬᠢ ᠵᠢ ᠡᠯᠡᠰᠦᠨ ᠳᠣᠪᠣᠷᠴᠠᠭ ᠳᠡᠭᠡᠷ᠎ᠡ ᠵᠠᠢᠯᠠᠪᠠ᠃
《ᠪᠢᠳᠡ ᠵᠠᠭ ᠮᠤᠳᠤ ᠮᠡᠲᠦ᠍᠎ᠶ᠋ᠢᠨ ᠭᠠᠩ᠎ᠳᠤ ᠲᠡᠰᠪᠦᠷᠢᠲᠡᠶ ᠤᠷᠭᠤᠮᠠᠯ᠎ᠢ ᠭᠣᠸ᠋ᠯᠳᠠᠯᠭ᠎ᠠ᠎ᠲᠠᠶ ᠳᠠᠷᠢᠵᠤ᠂ ᠣᠶ ᠱᠢᠭᠤᠶ ᠡᠪᠡᠰᠦ ᠪᠡᠯᠴᠢᠭᠡᠷ᠎ᠦᠨ ᠪᠦᠷᠬᠦᠴᠡ᠎ᠶ᠋ᠢ ᠤᠯᠠᠮ ᠨᠢᠭᠡ ᠠᠯᠬᠤᠮ ᠥᠷᠭᠡᠳᠭᠡᠨ᠎ᠡ᠂ ᠡᠨᠳᠡᠬᠢ᠎ᠶ᠋ᠢ ᠰᠠᠢᠲᠤᠷ ᠰᠠᠬᠢᠨ ᠬᠠᠮᠠᠭᠠᠯᠠᠪᠠᠯ ᠳᠠᠷᠤᠶ ᠬᠠᠲᠤᠨ ᠭᠣᠸ᠋ᠯ᠎ᠤᠨ ᠠᠮᠤᠷ ᠠᠮᠤᠭᠤᠯᠠᠩ᠎ᠢ ᠰᠠᠬᠢᠨ ᠬᠠᠮᠠᠭᠠᠯᠠᠵᠤ ᠪᠠᠢᠭ᠎ᠠ ᠶᠠᠪᠤᠳᠠᠯ ᠪᠣᠯᠤᠨ᠎ᠠ》 ᠭᠡᠵᠦ᠍ ᠯᠢ ᠶᠠ ᠹᠠᠨ ᠬᠡᠯᠡᠪᠡ᠃
ᠤᠷᠠᠳ᠎ᠤᠨ ᠳᠤᠮᠳᠠᠳᠤ ᠬᠣᠱᠢᠭᠤᠨ᠎ᠤ ᠮᠤᠨᠢ ᠠᠭᠤᠯᠠ᠎ᠶ᠋ᠢᠨ ᠡᠮᠦᠨ᠎ᠡ ᠬᠡᠰᠡᠭ᠎ᠦᠨ ᠠᠮᠢ ᠠᠬᠤᠢ᠎ᠶ᠋ᠢᠨ ᠶᠡᠷᠦᠩᠬᠡᠢᠯᠡᠭ᠌ᠰᠡᠨ ᠵᠠᠰᠠᠯᠲᠠ᠎ᠶ᠋ᠢᠨ ᠲᠦᠷᠦᠯ ᠵᠦᠢᠯ ᠤ᠋ᠨ ᠲᠦᠩ ᠾᠧᠲᠡᠶ ᠲᠠᠭᠠᠭᠠᠴᠢᠯᠠᠯᠳᠠ ᠵᠢᠨ ᠬᠡᠰᠡᠭ᠎ᠲᠦ᠍᠂ 2.87 ᠲᠦᠮᠡᠨ ᠮᠦ᠍᠎ᠶ᠋ᠢᠨ ᠨᠠᠢᠯᠵᠠᠭᠤᠷ ᠬᠠᠷᠭᠠᠨ᠎ᠠ ᠲᠠᠷᠢᠬᠤ ᠨᠦᠬᠡ ᠤᠬᠤᠵᠤ᠂ ᠤᠰᠤ ᠠᠷᠪᠢᠯᠠᠬᠤ ᠢᠵᠢ ᠪᠦᠷᠢᠳᠦᠬᠦᠯᠬᠦ᠌ ᠢᠨᠵᠧᠨᠧᠷᠢᠩ᠎ᠢ ᠵᠡᠷᠭᠡ ᠪᠡᠷ ᠠᠬᠢᠭᠤᠯᠵᠤ᠂ ᠪᠠᠷᠢᠯᠭ᠎ᠠ᠎ᠶ᠋ᠢᠨ ᠠᠵᠢᠯᠲᠠᠳ ᠤᠰᠤ ᠳᠠᠮᠵᠢᠭᠤᠯᠬᠤ ᠬᠣᠭᠣᠯᠠᠢ᠎ᠶ᠋ᠢ ᠱᠠᠯᠠᠪᠳᠠᠨ ᠳᠡᠪᠢᠰᠴᠦ᠍᠂ ᠤᠰᠤ ᠬᠠᠳᠠᠭᠠᠯᠠᠬᠤ ᠲᠥᠬᠥᠭᠡᠷᠦᠮᠵᠢ᠎ᠶ᠋ᠢ ᠤᠭ᠍ᠰᠠᠷᠠᠵᠤ᠂ ᠪᠠᠷᠢᠯᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠪᠠᠴᠢᠮ ᠶᠠᠭᠠᠷᠠᠯᠲᠠᠢ ᠠᠵᠢᠯᠯᠠᠵᠤ ᠪᠠᠢᠯ᠎ᠠ᠃ 《ᠳᠡᠭᠡᠷ᠎ᠡ ᠨᠢᠭᠡ ᠵᠢᠯ᠎ᠦᠨ ᠪᠥᠬᠥ᠌ ᠬᠣᠱᠢᠭᠤᠨ᠎ᠤ 〈ᠤᠮᠠᠷᠠᠲᠤ᠎ᠶ᠋ᠢᠨ ᠭᠤᠷᠪᠠᠨ ᠣᠷᠣᠨ〉 ᠤ᠋ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠴᠠᠭ ᠬᠤᠭᠤᠴᠠᠭ᠎ᠠ ᠵᠠᠩᠭᠢᠯᠠᠭ᠎ᠠ᠎ᠶ᠋ᠢᠨ ᠴᠡᠭ᠎ᠤ᠋ᠨ ᠶᠤᠰᠤᠭᠠᠷ ᠴᠢᠨᠠᠷ ᠴᠢᠨᠰᠠᠭ᠎ᠠ ᠲᠠᠢ ᠪᠡᠶᠡᠯᠡᠭᠦᠯᠪᠡ᠃ 2026 ᠣᠨ᠎ᠳᠤ᠂ 11.42 ᠳ᠋ᠦᠩᠱᠢᠭᠤᠷ ᠲᠥᠭᠥᠷᠢᠭ ᠪᠡᠯᠡ ᠣᠷᠣᠭᠤᠯᠬᠤ ᠪᠡᠷ ᠲᠦᠯᠦᠪᠯᠡᠵᠦ᠂ 322.71 ᠲᠦᠮᠡᠨ ᠮᠤ᠌᠎ᠶ᠋ᠢᠨ 〈ᠤᠮᠠᠷᠠᠲᠤ᠎ᠶ᠋ᠢᠨ ᠭᠤᠷᠪᠠᠨ ᠣᠷᠣᠨ〉 ᠤ᠋ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠬᠡᠷᠡᠭ᠌ᠵᠢᠭᠦᠯᠬᠦ᠌᠎ᠪᠡᠷ ᠪᠣᠶ᠂ ᠪᠢᠳᠡ ᠶᠡᠷᠦᠩᠬᠡᠶ ᠬᠠᠷᠠᠯᠲᠠ᠎ᠪᠠᠨ ᠡᠵᠡᠮᠳᠡᠵᠦ᠂ 〈ᠤᠮᠠᠷᠠᠲᠤ᠎ᠶ᠋ᠢᠨ ᠭᠤᠷᠪᠠᠨ ᠣᠷᠣᠨ〉 ᠤ᠋ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠶᠠᠰᠤ ᠴᠢᠨᠠᠷ᠎ᠢ ᠴᠢᠩᠭ᠎ᠠ ᠠᠳᠭᠤᠵᠤ᠂ ᠠᠬᠢᠴᠠ᠎ᠶ᠋ᠢ ᠠᠮᠵᠢᠨ᠂ ᠲᠣᠭᠠᠴᠠᠭ᠎ᠠ ᠬᠢᠬᠦ᠌᠎ᠪᠡᠨ ᠲᠦᠷᠭᠡᠳᠭᠡᠵᠦ᠍᠂ ᠠᠮᠢ ᠠᠬᠤᠶ᠎ᠶ᠋ᠢᠨ ᠵᠠᠰᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠡᠬᠢᠵᠢᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠤᠷᠠᠳ ᠤ᠋ᠨ ᠲᠤᠮᠳᠠᠳᠤ ᠬᠤᠰᠢᠭᠤᠨ ᠤ᠋ ᠣᠶ ᠱᠢᠭᠤᠶ ᠨᠤᠳᠤᠭ ᠪᠡᠯᠴᠢᠭᠡᠷ᠎ᠦᠨ ᠲᠣᠪᠴᠢᠶ᠎ᠠ᠎ᠶ᠋ᠢᠨ ᠶᠡᠷᠦᠩᠬᠡᠢᠯᠡᠭᠰᠡᠨ ᠲᠤᠬᠠᠢᠯᠠᠭᠰᠠᠨ ᠠᠵᠢᠯ ᠤ᠋ᠨ ᠲᠠᠰᠤᠭ ᠤ᠋ᠨ ᠲᠠᠷᠤᠭ᠎ᠠ ᠸᠠᠩ ᠯᠢ ᠴᠢᠨ ᠬᠡᠯᠡᠪᠡ᠃
ᠡᠯᠡᠰᠦ᠎ᠶ᠋ᠢ ᠵᠠᠰᠠᠬᠤ ᠠᠵᠢᠯ ᠨᠢ ᠠᠮᠢ ᠠᠬᠤᠢ ᠣᠷᠴᠢᠨ ᠲᠣᠭᠣᠷᠢᠨ᠎ᠢ ᠬᠤᠪᠢᠷᠠᠭᠤᠯᠤᠭ᠍ᠰᠠᠨ᠎ᠢᠶᠠᠷ ᠪᠠᠷᠠᠬᠤ ᠦᠭᠡᠢ ᠲᠤᠬᠠᠢ᠎ᠶ᠋ᠢᠨ ᠭᠠᠵᠠᠷ᠎ᠤᠨ ᠠᠷᠠᠳ ᠤᠯᠠᠨ᠎ᠤ ᠠᠮᠢᠳᠤᠷᠠᠯ᠎ᠢ ᠴᠤ᠌ ᠬᠤᠪᠢᠷᠠᠭᠤᠯᠵᠠᠢ᠃ 《ᠡᠨᠡ ᠬᠡᠳᠦᠨ ᠡᠳᠦᠷ ᠪᠤᠭᠤᠳᠠᠢ᠎ᠪᠠᠨ ᠲᠠᠷᠢᠵᠤ ᠲᠠᠭᠤᠰᠬᠠᠯ᠎ᠠ᠂ ᠵᠦᠭᠡᠷ ᠰᠠᠭᠤᠬᠤ ᠪᠡᠷ ᠵᠢᠡᠨ ᠡᠳᠦᠷ ᠪᠦᠷᠢ ᠡᠯᠡᠰᠦᠨ ᠴᠦᠯ᠎ᠳᠦ ᠢᠷᠡᠵᠦ᠍ ᠡᠪᠡᠰᠦᠨ ᠲᠦᠷᠪᠡᠯᠵᠢᠭᠡᠰᠦ ᠬᠠᠳᠭᠤᠪᠠᠯ ᠡᠳᠦᠷ᠎ᠲᠦ ᠪᠠᠰᠠ 200 ᠲᠥᠭᠥᠷᠢᠭ ᠣᠯᠤᠨ᠎ᠠ!》 ᠭᠡᠵᠦ᠍ ᠬᠠᠩᠭᠢᠨ ᠬᠣᠢᠲᠤ ᠬᠣᠱᠢᠭᠤᠨ᠎ᠤ ᠱᠠᠨᠪᠠ ᠪᠠᠯᠭᠠᠰᠤᠨ᠎ᠤ ᠰᠠᠭᠤᠭᠠᠯᠢ ᠠᠷᠠᠳ ᠵᠠᠩ ᠱᠢᠸ᠋ ᠶᠢᠩ ᠢᠨᠢᠶᠡᠮᠰᠦᠭ᠌ᠯᠡᠨ ᠬᠡᠯᠡᠪᠡ ᠃
《ᠪᠢᠳᠡ ᠬᠦᠳᠡᠯᠮᠦᠷᠢᠯᠡᠬᠦ᠎ᠪᠠᠷ ᠲᠡᠳᠬᠦᠮᠵᠢ᠎ᠶ᠋ᠢ ᠣᠷᠣᠯᠠᠭᠤᠯᠬᠤ᠎ᠶ᠋ᠢ ᠳᠡᠯᠭᠡᠷᠡᠭᠦᠯᠵᠦ᠍᠂ ᠵᠢᠯ ᠪᠦᠷᠢ 500 ᠭᠠᠷᠤᠢ ᠤᠯᠠᠨ ᠲᠦᠮᠡᠨ᠎ᠢ ᠠᠮᠢ ᠠᠬᠤᠢ᠎ᠶ᠋ᠢᠨ ᠪᠦᠳᠦᠬᠡᠨ ᠪᠠᠢᠭᠤᠯᠤᠯᠲᠠ᠎ᠳᠤ ᠣᠷᠣᠯᠴᠠᠭᠤᠯᠵᠤ᠂ 2025 ᠣᠨ᠎ᠤ᠋ ᠳ᠋ᠦᠩᠨᠡᠨ ᠱᠢᠯᠵᠢᠭᠦᠯᠦᠭ᠌ᠰᠡᠨ ᠲᠦᠷᠦᠯ ᠵᠦᠢᠯ᠎ᠳᠦ᠂ 0.27 ᠲᠦᠮᠡᠨ ᠮᠦ᠍᠎ᠶ᠋ᠢᠨ ᠠᠮᠢ ᠠᠬᠤᠢ᠎ᠶ᠋ᠢ ᠶᠡᠷᠦᠩᠬᠡᠢᠯᠡᠨ ᠵᠠᠰᠠᠬᠤ᠂ 0.31 ᠲᠦᠮᠡᠨ ᠮᠦ᠍᠎ᠶ᠋ᠢᠨ ᠤᠢ ᠱᠢᠭᠤᠢ ᠨᠤᠳᠤᠭ ᠪᠡᠯᠴᠢᠭᠡᠷ ᠨᠤᠭᠤ ᠭᠠᠵᠠᠷ ᠴᠦᠯᠯᠡᠷᠬᠡᠭ ᠭᠠᠵᠠᠷ᠎ᠢ ᠨᠢᠭᠡ ᠴᠤᠭ᠍ᠴᠠᠵᠢᠭᠤᠯᠤᠨ ᠬᠠᠮᠠᠭᠠᠯᠠᠨ ᠰᠡᠷᠭᠦᠭᠡᠬᠦ᠂ ᠪᠠᠰᠠ ᠭᠣᠣᠯᠳᠠᠯᠭ᠎ᠠ᠎ᠲᠠᠶ ᠭᠠᠵᠠᠷ᠎ᠤᠨ ᠬᠡᠰᠡᠭ᠎ᠲᠦ ᠨᠥᠬᠥᠵᠦ᠍ ᠲᠠᠷᠢᠬᠤ ᠨᠥᠬᠥᠵᠦ᠍ ᠣᠢᠵᠢᠭᠤᠯᠬᠤ ᠠᠵᠢᠯ᠎ᠢ ᠪᠦᠬᠦᠨ᠎ᠢ 5 ᠰᠠᠷ᠎ᠠ᠎ᠶ᠋ᠢᠨ ᠰᠡᠭᠦᠯᠴᠢ᠎ᠡᠴᠡ ᠡᠮᠦᠨ᠎ᠡ ᠪᠡᠶᠡᠯᠡᠭᠦᠯᠦᠨ᠎ᠡ᠃》 ᠬᠠᠩᠭᠢᠨ ᠬᠣᠢᠲᠤ ᠬᠣᠱᠢᠭᠤᠨ᠎ᠤ ᠣᠶ ᠱᠢᠭᠤᠶ ᠨᠤᠳᠤᠭ ᠪᠡᠯᠴᠢᠭᠡᠷ᠎ᠦᠨ ᠲᠣᠪᠴᠢᠶ᠎ᠠ᠎ᠶ᠋ᠢᠨ ᠳᠡᠳ᠋ ᠳᠠᠷᠤᠭ᠎ᠠ ᠳ᠋ᠤᠸᠠᠨ ᠭᠤᠸᠠᠩ ᠱᠦᠸᠸ ᠲᠠᠨᠢᠯᠴᠠᠭᠤᠯᠬᠤ᠎ᠳᠠᠭᠠᠨ᠂ 《〈ᠪᠥᠬᠥ᠌ ᠠᠷᠠᠳ᠎ᠢᠶᠠᠷ᠎ᠢᠶᠠᠨ ᠵᠠᠰᠠᠬᠤ᠂ ᠱᠢᠨᠵᠢᠯᠡᠬᠦ᠌ ᠤᠬᠠᠭᠠᠨᠴᠢ᠎ᠪᠠᠷ ᠵᠠᠰᠠᠬᠤ᠂ ᠠᠵᠤ ᠦᠶ᠋ᠯᠡᠰ᠎ᠢᠶᠡᠷ ᠵᠠᠰᠠᠬᠤ᠂ ᠣᠷᠳᠣ ᠬᠤᠭᠤᠴᠠᠭ᠎ᠠ᠎ᠪᠠᠷ ᠪᠦᠲᠦᠮᠵᠢᠲᠡᠶ ᠵᠠᠰᠠᠬᠤ〉 ᠵᠠᠭ᠍ᠪᠤᠷ᠎ᠲᠤ ᠲᠦᠱᠢᠭ᠌ᠯᠡᠨ᠂ ᠰᠢᠷᠭᠠᠯ ᠡᠯᠡᠰᠦ᠎ᠶ᠋ᠢ ᠨᠤᠭᠳᠤᠯᠤᠭᠰᠠᠨᠢᠶᠡᠷ ᠪᠠᠷᠠᠬᠤ ᠥᠬᠡᠶ ᠠᠷᠠᠳ ᠣᠯᠠᠨ᠎ᠤ ᠤᠷᠤᠯᠭ᠎ᠠ ᠵᠢ ᠨᠡᠮᠡᠭᠳᠡᠭᠦᠯᠦᠭᠰᠡᠨ ᠪᠠᠢᠨ᠎ᠠ》 ᠭᠡᠵᠡᠶ᠃
ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ᠂ ᠪᠠᠰᠠ ᠴᠤ᠌ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠵᠢᠷᠭᠤᠳᠤᠭᠠᠷ ᠬᠤᠭᠤᠴᠠᠭᠠᠨ᠎ᠤ ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠳᠤ ᠵᠠᠮ ᠨᠡᠭᠡᠭᠡᠬᠦ᠌ ᠵᠠᠩᠭᠢᠯᠠᠭ᠎ᠠ᠎ᠶ᠋ᠢᠨ ᠴᠡᠭ ᠮᠥᠨ᠃ ᠪᠠᠶᠠᠨᠨᠠᠭᠤᠷ ᠬᠤᠳᠠ 800 ᠲᠦᠮᠡᠨ ᠮᠤ᠌᠎ᠡᠴᠡ ᠳᠡᠭᠡᠭ᠌ᠰᠢ ᠤᠢ ᠱᠢᠭᠤᠶ ᠨᠤᠳᠤᠭ ᠪᠡᠯᠴᠢᠭᠡᠷ᠎ᠦᠨ ᠠᠮᠢ ᠠᠬᠤᠶ᠎ᠶ᠋ᠢᠨ ᠪᠦᠳᠦᠬᠡᠨ ᠪᠠᠢᠭᠤᠯᠤᠯᠲᠠ᠎ᠶ᠋ᠢ ᠪᠡᠶᠡᠯᠡᠭᠦᠯᠬᠦ᠌᠎ᠪᠡᠷ ᠲᠥᠯᠥᠪᠯᠡᠵᠦ᠍᠂ ᠤᠯᠠᠭᠠᠨᠪᠤᠬ᠎ᠠ᠎ᠶ᠋ᠢᠨ ᠡᠯᠡᠰᠦ ᠶ᠋ᠢᠨ ᠵᠠᠭᠤᠨ ᠲᠦᠮᠡᠨ ᠮᠤ᠌᠎ᠶ᠋ᠢᠨ ᠡᠯᠡᠰᠦ ᠪᠠ ᠡᠪᠡᠰᠤᠨ᠎ᠤ ᠠᠵᠤ ᠦᠢᠯᠡᠰ᠎ᠦᠨ ᠠᠮᠢ ᠠᠬᠤᠢ ᠠᠵᠤ ᠠᠬᠤᠢ ᠵᠢᠨ ᠢᠨᠵᠧᠨᠧᠷᠢᠩ᠂ ᠪᠠᠶᠠᠠᠦ᠌ᠨᠳᠤᠷᠤᠨ ᠨᠡᠭᠦᠳᠡᠯ ᠡᠯᠡᠰᠦ᠎ᠶ᠋ᠢᠨ ᠵᠠᠬ᠎ᠠ ᠵᠢ ᠨᠢ ᠬᠤᠮᠢᠬᠤ ᠢᠨᠵᠧᠨᠧᠷᠢᠩ᠂ ᠬᠠᠳᠤᠨ ᠭᠣᠣᠯ᠎ᠤᠨ ᠬᠣᠢᠲᠤ ᠡᠷᠭᠢ᠎ᠶ᠋ᠢᠨ ᠪᠣᠬᠢᠷᠲᠤᠯ ᠦᠬᠡᠢ ᠠᠮᠢ ᠠᠬᠤᠶ᠎ᠶ᠋ᠢᠨ ᠬᠤᠩᠭᠢᠯ᠎ᠤᠨ ᠪᠦᠳᠦᠬᠡᠨ ᠪᠠᠢᠭᠤᠯᠤᠯᠲᠠ᠎ᠶ᠋ᠢᠨ ᠢᠨᠵᠧᠨᠧᠷᠢᠩ ᠵᠡᠷᠭᠡ 6 ᠪᠡᠯᠭᠡ ᠳᠡᠮᠳᠡᠭ᠎ᠦᠨ ᠴᠢᠨᠠᠷᠲᠠᠶ ᠢᠨᠵᠧᠨᠧᠷᠢᠩ᠎ᠢ ᠭᠣᠣᠯᠳᠠᠯᠭ᠎ᠠ᠎ᠲᠠᠶ ᠪᠦᠳᠦᠬᠡᠨ ᠪᠠᠢᠭᠤᠯᠬᠤ ᠪᠡᠷ ᠪᠤᠢ᠃ ᠡᠨᠡ ᠵᠢᠯ ᠪᠥᠬᠥ᠌ ᠬᠣᠲᠠ᠎ᠳᠤ 2680 ᠲᠦᠮᠡᠨ ᠰᠠᠭᠤᠷᠢ ᠴᠢᠬᠢ ᠮᠣᠳᠣ᠎ᠶ᠋ᠢ ᠪᠣᠢᠵᠢᠭᠤᠯᠬᠤ᠎ᠪᠠᠷ ᠲᠥᠯᠥᠪᠯᠡᠵᠦ᠍᠂ ᠡᠭᠦᠨ᠎ᠳᠦ ᠲᠤᠷᠤᠭ ᠮᠣᠳᠣ 1010 ᠲᠦᠮᠡᠨ ᠰᠠᠭᠤᠷᠢ᠂ ᠪᠣᠳᠠ ᠮᠣᠳᠣ 1670 ᠲᠦᠮᠡᠨ ᠰᠠᠭᠤᠷᠢ ᠪᠠᠢᠵᠤ᠂ 50 ᠲᠦᠮᠡᠨ ᠺᠢᠯᠣᠭ᠌ᠷᠠᠮ ᠡᠪᠡᠰᠦᠨ ᠦᠷ᠎ᠡ ᠵᠢ ᠵᠡᠷᠭᠡ᠎ᠪᠡᠷ ᠲᠠᠷᠢᠵᠤ ᠪᠣᠢᠵᠢᠭᠤᠯᠤᠨ᠎ᠠ᠃
《ᠮᠠᠨ᠎ᠤ ᠬᠣᠲᠠ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢ᠎ᠳᠤ ᠨᠤᠳᠤᠬ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ 〈ᠤᠮᠠᠷᠠᠲᠤ᠎ᠶ᠋ᠢᠨ ᠭᠤᠷᠪᠠᠨ ᠣᠷᠣᠨ〉 ᠤ᠋ ᠢᠨᠵᠧᠨᠧᠷᠢᠩ᠎ᠦᠨ ᠬᠠᠲᠤᠨ ᠭᠣᠸ᠋ᠯ᠎ᠤᠨ〈ᠶᠡᠬᠡ ᠲᠤᠬᠤᠢ ᠤᠷᠤᠨ〉 ᠤ᠋ ᠪᠤᠭᠤᠮᠲᠠ ᠱᠢᠪᠲᠤᠯᠬᠤ ᠳᠠᠢ᠌ᠯᠠᠯᠳᠤᠭᠠᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠬᠦᠴᠦᠨ ᠴᠢᠳᠠᠯ ᠣᠯᠭᠣᠬᠤ ᠪᠠ ᠬᠠᠮᠢᠶᠠᠷᠴᠤ᠌ ᠬᠠᠮᠠᠭᠠᠯᠠᠬᠤ ᠪᠠᠲᠤᠯᠠᠭ᠎ᠠ᠎ᠶ᠋ᠢ ᠴᠢᠩᠭᠠᠳᠭᠠᠨ᠂ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ᠎ᠶ᠋ᠢ ᠵᠠᠰᠠᠬᠤ᠎ᠶ᠋ᠢ ᠬᠡᠪᠴᠢᠶ᠎ᠡ᠎ᠶ᠋ᠢ ᠥᠷᠭᠡᠳᠭᠡᠬᠦ᠌᠎ᠡᠴᠡ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠶᠡᠷᠦᠩᠬᠡᠢᠯᠡᠭ᠌ᠰᠡᠨ ᠦᠷ᠎ᠡ ᠠᠱᠢᠭ᠎ᠢ ᠨᠡᠮᠡᠭ᠌ᠳᠡᠭᠦᠯᠬᠦ᠌ ᠳᠠᠢᠰᠢ ᠬᠤᠪᠢᠷᠠᠭᠤᠯᠬᠤ᠎ᠶ᠋ᠢ ᠠᠬᠢᠭᠤᠯᠵᠤ᠂ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠴᠢᠨᠠᠷ ᠰᠠᠢᠲᠠᠶ ᠥᠨᠳᠥᠷ ᠦᠷ᠎ᠡ ᠪᠦᠲᠦᠮᠵᠢᠲᠡᠶ᠎ᠪᠡᠷ ᠠᠬᠢᠭᠤᠯᠬᠤ᠎ᠶ᠋ᠢ ᠦᠨᠡᠨ ᠬᠦ᠌ ᠪᠠᠲᠤᠯᠠᠨ᠎ᠠ; ᠨᠡᠢᠭᠡᠮ᠎ᠦᠨ ᠬᠦᠴᠦᠨ᠎ᠦ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ᠎ᠶ᠋ᠢ ᠵᠠᠰᠠᠬᠤ᠎ᠳᠤ ᠣᠷᠣᠯᠴᠠᠬᠤ᠎ᠶ᠋ᠢ ᠵᠣᠷᠢᠭ᠍ᠵᠢᠭᠤᠯᠵᠤ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠡᠴᠡ ᠡᠯᠡᠰᠦ᠎ᠶ᠋ᠢ ᠵᠠᠰᠠᠬᠤ ᠠᠵᠢᠯᠯᠠᠭ᠎ᠠ᠎ᠳᠤ ᠣᠷᠣᠯᠴᠠᠭ᠍ᠰᠠᠨ ᠨᠡᠢᠭᠡᠮ᠎ᠦᠨ ᠵᠣᠬᠢᠶᠠᠨ ᠪᠠᠢᠭᠤᠯᠤᠯᠲᠠ ᠪᠣᠯᠤᠨ ᠠᠵᠤ ᠠᠬᠤᠢᠯᠠᠯ᠎ᠳᠤ ᠢᠳᠡᠪᠬᠢᠲᠡᠢ ᠬᠠᠪᠰᠤᠷᠤᠯᠭ᠎ᠠ ᠦᠵᠡᠭᠦᠯᠵᠦ᠍᠂ ᠠᠮᠢ ᠠᠬᠤᠢ᠎ᠶ᠋ᠢᠨ ᠵᠠᠰᠠᠯᠲᠠ᠎ᠶ᠋ᠢᠨ ᠦᠷ᠎ᠡ ᠪᠦᠲᠦᠭᠡᠯ᠎ᠢ ᠨᠡᠩ ᠦᠷᠭᠦᠯᠵᠢᠯᠡᠭᠦᠯᠵᠦ᠍᠂ ᠠᠷᠠᠳ᠎ᠤᠨ ᠠᠮᠢᠳᠤᠷᠠᠯ᠎ᠳᠤ ᠨᠡᠩ ᠠᠱᠢᠭ ᠬᠦᠷᠲᠡᠭᠡᠨ᠎ᠡ》 ᠭᠡᠵᠦ᠍ ᠪᠠᠶᠠᠨᠨᠠᠭᠤᠷ ᠬᠤᠳᠠ᠎ᠶ᠋ᠢᠨ ᠤᠢ ᠱᠢᠭᠤᠢ ᠪᠠ ᠨᠤᠳᠤᠭ ᠪᠡᠯᠴᠢᠭᠡᠷ᠎ᠦᠨ ᠲᠣᠪᠴᠢᠶ᠎ᠠ᠎ᠶ᠋ᠢᠨ ᠳᠡᠳ᠋ ᠳᠠᠷᠤᠭ᠎ᠠ ᠶᠤᠸᠠᠨ ᠱᠢᠶᠤᠤ ᠳ᠋ᠦᠩ ᠢᠯᠡᠳᠭᠡᠪᠡ᠃
ᠲᠠᠰᠢᠬᠤ ᠨᠠᠷᠠᠨ᠎ᠤ ᠰᠢᠷᠭᠠᠯ ᠲᠤᠶᠠᠭ᠎ᠠ ᠦᠷᠭᠦᠯᠵᠢᠯᠡᠨ ᠵᠠᠯᠭᠠᠯᠳᠤᠭᠰᠠᠨ ᠡᠪᠡᠰᠤᠨ ᠲᠦᠷᠪᠡᠯᠵᠢᠭᠡᠰᠤ ᠳ᠋ᠦ ᠲᠤᠰᠴᠤ᠂ ᠠᠵᠢᠯᠴᠢᠳ ᠵᠠᠯᠭᠠᠭ᠎ᠠ ᠪᠠᠷ ᠠᠵᠢᠯ᠎ᠡᠴᠡ᠎ᠪᠠᠨ ᠪᠠᠭᠤᠵᠠᠭᠠᠪᠠ᠃ ᠸᠠᠩ ᠵᠢᠨ ᠵᠤ᠌ ᠬᠦᠷᠵᠡ᠎ᠪᠡᠨ ᠡᠯᠡᠰᠦᠨ᠎ᠳᠦ ᠬᠠᠳᠭᠤᠭᠠᠳ᠂ ᠥᠪᠡᠷ᠎ᠦᠨ ᠬᠠᠳᠭᠤᠭ᠍ᠰᠠᠨ ᠡᠪᠡᠰᠦᠨ ᠳᠥᠷᠪᠡᠯᠵᠢᠭᠡᠰᠦ᠎ᠪᠡᠨ ᠱᠢᠷᠲᠡᠨ᠄ 《ᠬᠡᠳᠦᠨ ᠰᠠᠷ᠎ᠠ ᠥᠩᠭᠡᠷᠡᠪᠡᠯ᠂ ᠡᠨᠳᠡ ᠨᠣᠭᠣᠭᠠᠨ ᠴᠢᠬᠢ ᠤᠷᠭᠤᠨ᠎ᠠ᠂ ᠲᠡᠷᠡ ᠦᠶ᠎ᠡ᠎ᠳᠦ ᠳᠠᠬᠢᠭᠠᠳ ᠦᠵᠡᠬᠦ ᠳ᠋ᠦ ᠠᠳᠠᠯᠢ ᠦᠭᠡᠶ ᠪᠣᠯᠴᠢᠬᠠᠨ᠎ᠠ》 ᠭᠡᠵᠦ᠍ ᠬᠡᠯᠡᠪᠡ᠃ ᠡᠨᠡ ᠬᠦ᠌ ᠨᠤᠲᠤᠭ ᠳᠡᠪᠢᠰᠭᠡᠷ ᠳᠡᠭᠡᠷ᠎ᠡ᠂ ᠬᠥᠮᠦᠨ ᠪᠣᠯᠤᠨ ᠡᠯᠡᠰᠦᠨ᠎ᠦ ᠦᠵᠡᠯᠴᠡᠭᠡᠨ ᠮᠥᠨ ᠬᠦ᠌ ᠦᠷᠭᠦᠯᠵᠢᠯᠡᠵᠦ᠍ ᠪᠠᠢᠨ᠎ᠠ᠂ ᠭᠡᠳᠡᠯ᠎ᠡ ᠡᠪᠡᠰᠦᠨ ᠳᠥᠷᠪᠡᠯᠵᠢᠭᠡᠰᠦ ᠨᠢ ᠨᠡᠭᠦᠳᠡᠯ ᠡᠯᠡᠰᠦ ᠵᠢ ᠲᠤᠭᠳᠠᠪᠤᠷᠢᠵᠢᠭᠤᠯᠤᠭᠰᠠᠨ ᠵᠢᠡᠷ ᠪᠠᠷᠠᠬᠤ ᠦᠭᠡᠢ ᠪᠠᠰᠠ ᠨᠣᠭᠣᠭᠠᠷᠠᠭᠤᠯᠤᠯᠲᠠ᠎ᠶ᠋ᠢ ᠨᠡᠮᠡᠭ᠌ᠳᠡᠭᠦᠯᠦᠨ ᠪᠠᠶᠠᠵᠢᠭᠤᠯᠬᠤ ᠱᠢᠨ᠎ᠡ ᠬᠦᠰᠡᠯ ᠡᠷᠡᠮᠡᠯᠵᠡᠯᠢ᠋ ᠠᠪᠴᠢᠷᠠᠪᠠ᠃