ᠮᠠᠱᠢᠨ ᠬᠥᠮᠦᠨ ᠢ᠋ᠶ᠋ᠡᠷ ᠬᠠᠮᠤᠭ᠎ᠤᠨ ᠤᠨᠤᠴᠠᠳᠠᠢ ᠭᠠᠡᠭᠨᠠᠯᠳᠠ᠎ᠵᠢᠨ ᠠᠵᠢᠯᠯᠠᠭᠠᠨ᠎ᠤ ᠵᠢᠮ ᠢ᠋ ᠲᠥᠯᠥᠪᠵᠢᠭᠦᠯᠦᠨ᠎ᠡ
2026-04-05 11:47:32
ᠵᠣᠬᠢᠶᠠᠭ᠍ᠴᠢ᠄
ᠼᠠᠢ ᠳ᠋ᠦᠩ ᠮᠧᠶ ᠵᠠᠩ ᠬᠠᠶ ᠴᠤᠤ
ᠣᠩᠱᠢᠭ᠍ᠰᠠᠨ ᠣᠳᠠᠭ᠎ᠠ᠄
★★★☆☆

ᠭᠠᠩᠨᠠᠬᠤ ᠮᠠᠱᠢᠨ ᠬᠥᠮᠦᠨ ᠢ᠋ ᠬᠡᠷᠬᠢᠨ ᠬᠡᠯᠪᠡᠷᠢ ᠳᠦᠷᠰᠦ ᠨᠢ ᠪᠤᠳᠤᠯᠢᠶᠠᠨᠲᠠᠶ ᠲᠣᠨᠣᠭ᠍ᠯᠠᠭᠠᠰᠤ ᠵᠢ ᠭᠠᠨᠭᠨᠠᠬᠤ ᠦᠶ᠎ᠡ ᠳ᠋ᠤ᠂ 《ᠣᠨᠣᠴᠠᠲᠠᠶ ᠡᠷᠢᠵᠦ》ᠴᠢᠳᠠᠬᠤ ᠮᠥᠷᠲᠡᠭᠡᠨ ᠪᠠᠰᠠ 《ᠲᠦᠷᠭᠡᠨ ᠪᠤᠳᠤᠵᠤ》 《ᠰᠠᠢᠨ ᠭᠠᠩᠨᠠᠵᠤ》 ᠴᠢᠳᠠᠬᠤ ᠪᠣᠯᠭᠠᠬᠤ ᠪᠣᠶ? ᠣᠢᠷ᠎ᠠ ᠳ᠋ᠤ᠂ ᠦᠪᠦᠷ ᠮᠤᠨᠭᠭᠤᠯ ᠤ᠋ᠨ ᠨᠢᠭᠡᠳᠦᠭᠡᠷ ᠮᠠᠱᠢᠨ ᠮᠧᠬᠠᠨᠢᠭ ᠤ᠋ᠨ ᠪᠦᠯᠦᠭ᠌ᠯᠡᠯ ᠤ᠋ᠨ ᠤᠷ᠎ᠠ ᠮᠡᠷᠭᠡᠵᠢᠯ ᠤ᠋ᠨ ᠰᠤᠳᠤᠯᠭᠠᠨ ᠤ᠋ ᠪᠦᠯᠬᠦᠮ ᠡᠭᠦᠨ ᠤ᠋ ᠲᠤᠬᠠᠢ ᠬᠠᠷᠢᠭᠤᠯᠲᠠ ᠥᠭ᠌ᠪᠡ᠃ ᠲᠣᠰ ᠪᠦᠯᠬᠦᠮ᠎ᠨᠢ 《ᠴᠡᠭ ᠤ᠋ᠨ ᠴᠤᠬᠯᠠᠷᠠᠯ ᠢ᠋ᠶ᠋ᠡᠷ ᠵᠦᠰᠦᠬᠦ》 ᠮᠡᠷᠭᠡᠵᠢᠯ ᠳ᠋ᠤ ᠰᠠᠭᠤᠷᠢᠯᠠᠨ᠂ ᠨᠢᠭᠡ ᠵᠦᠶ᠋ᠯ ᠤ᠋ᠨ ᠭᠠᠩᠨᠠᠬᠤ ᠮᠠᠱᠢᠨ ᠬᠥᠮᠦᠨ᠎ᠦ ᠠᠵᠢᠯᠯᠠᠭᠠᠨ ᠤ᠋ ᠵᠢᠮ ᠢ᠋ ᠲᠥᠯᠥᠪᠵᠢᠭᠦᠯᠬᠦ᠌ ᠱᠢᠨ᠎ᠡ ᠠᠷᠭ᠎ᠠ ᠵᠢ ᠠᠮᠵᠢᠯᠲᠠᠲᠠᠶ ᠰᠤᠳᠤᠯᠤᠨ ᠭᠠᠷᠭᠠᠭ᠍ᠰᠠᠨ ᠪᠥᠭᠡᠳ ᠨᠢᠭᠡᠨᠲᠡ ᠨᠠᠷᠢᠨ ᠪᠤᠳᠤᠯᠢᠶᠠᠨᠲᠠᠶ ᠲᠣᠨᠣᠭ᠍ᠯᠠᠭᠠᠰᠤ ᠶ᠋ᠢᠨ ᠪᠣᠳᠠᠲᠠᠶ ᠦᠶ᠋ᠯᠡᠳᠪᠦᠷᠢᠯᠡᠯ ᠳ᠋ᠤ ᠥᠨᠳᠥᠷ ᠪᠦᠲᠦᠮᠵᠢᠲᠡᠶ ᠪᠡᠷ ᠬᠡᠷᠡᠭ᠌ᠯᠡᠵᠦ᠍᠂ ᠣᠶᠤᠨᠴᠢ ᠦᠶ᠋ᠯᠡᠳᠭᠡᠯ ᠤ᠋ᠨ ᠭᠣᠭ᠍ᠴᠣᠭ᠎ᠠ ᠳ᠋ᠡᠬᠢ ᠵᠠᠩᠭᠢᠯᠠᠭ᠎ᠠ ᠶ᠋ᠢᠨ ᠪᠣᠭᠣᠮᠢ ᠳ᠋ᠤ ᠱᠢᠪᠲᠤᠯᠤᠯᠲᠠ ᠶ᠋ᠢᠨ ᠴᠢᠨᠠᠷᠲᠠᠶ ᠱᠢᠶ᠋ᠳᠪᠦᠷᠢᠯᠡᠬᠦ᠌ ᠲᠥᠰᠦᠯ ᠬᠠᠩᠭᠠᠭ᠍ᠰᠠᠨ ᠪᠠᠢᠨ᠎ᠠ᠃ ᠲᠣᠭ᠎ᠠ ᠪᠠᠷᠢᠮᠲᠠ ᠳ᠋ᠤ ᠬᠠᠷᠠᠭᠤᠯᠤᠭ᠍ᠰᠠᠨ ᠢ᠋ᠶ᠋ᠡᠷ᠂ ᠡᠨᠡ ᠬᠦ᠌ ᠱᠢᠨ᠎ᠡ ᠡᠭᠦᠳᠦᠯᠲᠡ ᠨᠢ ᠭᠠᠩᠨᠠᠬᠤ ᠵᠢᠮ ᠤ᠋ᠨ ᠲᠥᠯᠥᠪᠵᠢᠭᠦᠯᠭᠡ ᠶ᠋ᠢᠨ ᠴᠠᠭ ᠢ᠋ 40% ᠪᠡᠷ ᠪᠣᠭᠣᠨᠢᠰᠭᠠᠵᠤ᠂ ᠨᠢᠭᠡ ᠤᠳᠠᠭ᠎ᠠ ᠭᠠᠩᠨᠠᠬᠤ ᠳ᠋ᠤ ᠬᠢᠷᠢ ᠲᠡᠩᠴᠡᠬᠦ᠌ ᠨᠤᠷᠮ᠎ᠠ ᠨᠢ ᠨᠡᠩ ᠴᠤ᠌ 85% ᠡᠴᠡ 96% ᠪᠣᠯᠤᠨ ᠳᠡᠭᠡᠭ᠌ᠰᠢᠯᠡᠪᠡ ᠃

ᠣᠷᠳᠣ ᠬᠤᠭᠤᠴᠠᠭᠠᠨ ᠤ᠋ ᠲᠤᠷᠰᠢ᠂ ᠤᠯᠠᠮᠵᠢᠯᠠᠯᠲᠤ ᠭᠠᠩᠨᠠᠬᠤ ᠮᠠᠱᠢᠨ ᠬᠥᠮᠦᠨ᠎ᠦ ᠵᠢᠮ ᠤ᠋ᠨ ᠲᠥᠯᠥᠪᠵᠢᠭᠦᠯᠭᠡ ᠨᠢ 《ᠣᠯᠠᠨ ᠬᠠᠷᠠᠯᠲᠠ ᠵᠢ ᠲᠡᠨᠭᠴᠡᠭᠦᠷᠢᠰᠢᠭᠦᠯᠦᠨ ᠱᠢᠯᠢᠳᠡᠭ᠌ᠵᠢᠭᠦᠯᠬᠦ᠌》 ᠪᠠ 《ᠳᠡᠭᠡᠳᠦ ᠴᠢᠳᠠᠪᠬᠢᠲᠤ ᠪᠣᠳᠣᠯᠭ᠎ᠠ ᠶ᠋ᠢᠨ ᠪᠤᠳᠤᠯᠢᠶᠠᠨᠲᠤ ᠬᠡᠮᠵᠢᠶ᠎ᠡ ᠥᠨᠳᠥᠷ》 ᠬᠦᠴᠢᠷᠳᠡᠯ ᠳ᠋ᠤ ᠲᠤᠯᠭᠠᠷᠠᠵᠤ ᠪᠠᠢᠵᠠᠢ᠃ ᠤᠯᠠᠮᠵᠢᠯᠠᠯᠲᠤ ᠠᠷᠭ᠎ᠠ ᠨᠢ ᠲᠠᠩ ᠭᠠᠭ᠍ᠴᠠ ᠬᠠᠷᠠᠯᠲᠠ ᠵᠢ ᠱᠢᠯᠢᠳᠡᠭ᠌ᠵᠢᠭᠦᠯᠬᠦ᠌ ᠳᠡᠭᠡᠷ᠎ᠡ ᠯᠡ ᠲᠥᠪᠯᠡᠷᠡᠵᠦ᠍᠂ ᠨᠠᠷᠢᠯᠢᠭ ᠤ᠋ᠨ ᠬᠡᠮᠵᠢᠶ᠎ᠡ᠂ ᠦᠷ᠎ᠡ ᠪᠦᠲᠦᠮᠵᠢ ᠬᠢᠭᠡᠳ ᠵᠣᠬᠢᠴᠠᠬᠤ ᠴᠢᠨᠠᠷ ᠤ᠋ᠨ ᠬᠣᠭᠣᠷᠣᠨᠳᠣ ᠵᠡᠷᠭᠡ ᠳ᠋ᠤᠨᠢ ᠬᠠᠷᠠᠭᠠᠯᠵᠠᠬᠤ ᠳ᠋ᠤ ᠬᠦᠴᠢᠷᠲᠡᠶ ᠪᠠᠢᠳᠠᠭ᠃ ᠨᠡᠩ ᠲᠦᠪᠡᠭᠲᠠᠢ ᠵᠤᠢᠯ ᠭᠡᠪᠡᠯ᠂ ᠤᠳᠤ ᠶ᠋ᠢᠨ ᠨᠠᠷᠢᠨ ᠪᠤᠳᠤᠯᠢᠶᠠᠨᠲᠠᠶ ᠪᠤᠳᠤᠬᠤ ᠠᠷᠭ᠎ᠠ ᠳ᠋ᠤ ᠨᠡᠢᠳᠡᠮ ᠳ᠋ᠡᠭᠡᠨ ᠪᠤᠳᠤᠬᠤ ᠬᠡᠮᠵᠢᠶ᠎ᠡ ᠨᠢ ᠶᠡᠬᠡ᠂ ᠬᠡᠷᠡᠭᠰᠡᠬᠦ ᠴᠠᠭ ᠨᠢ ᠤᠷᠳᠤ᠂ ᠬᠠᠲᠠᠭᠤ ᠳᠤᠨᠤᠭ ᠤ᠋ᠨ ᠱᠠᠭᠠᠷᠳᠠᠯᠭ᠎ᠠ ᠨᠢ ᠥᠨᠳᠥᠷ ᠵᠡᠷᠭᠡ ᠠᠰᠠᠭᠤᠳᠠᠯ ᠣᠷᠣᠱᠢᠵᠤ᠂ ᠶᠡᠷᠦ᠍ ᠨᠢ ᠳᠡᠭᠡᠳᠦ ᠨᠠᠷᠢᠯᠢᠭ ᠨᠦᠯᠦᠭᠡᠯᠡᠭᠦᠷ ᠪᠣᠯᠤᠨ ᠶᠡᠬᠡ ᠬᠡᠮᠵᠢᠶᠡᠨ᠎ᠦ ᠬᠥᠮᠦᠨ᠎ᠦ ᠬᠦᠴᠦ᠍ ᠪᠡᠷ ᠵᠢᠭᠠᠬᠤ ᠳ᠋ᠤ ᠲᠦᠱᠢᠭ᠌ᠯᠡᠨ᠂ ᠬᠡᠯᠪᠡᠷᠢ ᠳᠦᠷᠰᠦ ᠨᠢ ᠠᠳᠠᠯᠢ ᠪᠤᠰᠤ ᠨᠠᠷᠢᠨ ᠪᠤᠳᠤᠯᠢᠶᠠᠨᠲᠠᠶ ᠭᠠᠩᠨᠠᠭᠠᠰᠤ ᠶ᠋ᠢᠨ ᠡᠮᠦᠨ᠎ᠡ᠂ ᠵᠣᠬᠢᠴᠠᠬᠤ ᠴᠢᠨᠠᠷ ᠢ᠋ᠶ᠋ᠡᠷ ᠠᠨᠠᠶ ᠮᠥᠷᠲᠡᠭᠡᠨ ᠥᠪᠡᠷ ᠤ᠋ᠨ ᠦᠷᠳᠡᠭ ᠨᠢ ᠴᠦ᠍ ᠥᠨᠳᠥᠷ ᠪᠠᠢᠳᠠᠭ᠃ ᠡᠨᠡ ᠬᠦ᠌ ᠮᠡᠷᠭᠡᠵᠢᠯ ᠤ᠋ᠨ ᠬᠦᠴᠢᠷ ᠠᠰᠠᠭᠤᠳᠠᠯ ᠨᠢ ᠨᠢᠭᠡ ᠦᠶ᠎ᠡ ᠤᠶᠤᠨᠴᠢᠯᠠᠵᠥ᠍ ᠲᠡᠰ ᠳᠡᠪᠱᠢᠭᠦᠯᠬᠦ᠌ ᠶᠠᠪᠤᠴᠠ ᠳ᠋ᠡᠬᠢ 《ᠬᠠᠷᠰᠢ ᠰᠠᠭᠠᠳ》 ᠪᠣᠯᠪᠠ ᠃

ᠡᠨᠡ᠎ᠬᠦ᠌ ᠬᠦᠴᠢᠷᠳᠡᠯ ᠳ᠋ᠤ ᠴᠢᠭᠯᠡᠭᠦᠯᠦᠨ᠂ ᠦᠪᠦᠷ ᠮᠤᠨᠭᠭᠤᠯ ᠤ᠋ᠨ ᠨᠢᠭᠡᠳᠦᠭᠡᠷ ᠮᠠᠱᠢᠨ ᠮᠧᠬᠠᠨᠢᠭ ᠤ᠋ᠨ ᠪᠦᠯᠦᠭ᠌ᠯᠡᠯ ᠤ᠋ᠨ ᠤᠷ᠎ᠠ ᠮᠡᠷᠭᠡᠵᠢᠯ ᠤ᠋ᠨ ᠰᠤᠳᠤᠯᠭᠠᠨ ᠤ᠋ ᠪᠦᠯᠬᠦᠮ 《ᠨᠠᠷᠢᠯᠢᠭ ᠤ᠋ᠨ ᠬᠡᠮᠵᠢᠶ᠎ᠡ ᠵᠢ ᠳᠡᠭᠡᠭ᠌ᠰᠢᠯᠡᠭᠦᠯᠬᠦ᠌᠂ ᠥᠪᠡᠷ ᠤ᠋ᠨ ᠥᠷᠲᠡᠭ ᠢ᠋ ᠪᠠᠭᠤᠷᠠᠭᠤᠯᠬᠤ᠂ ᠦᠷ᠎ᠡ ᠪᠦᠲᠦᠮᠵᠢ ᠵᠢ ᠨᠡᠮᠡᠭ᠌ᠳᠡᠭᠦᠯᠬᠦ᠌᠂ ᠵᠣᠬᠢᠴᠠᠬᠤ ᠵᠢ ᠴᠢᠩᠭᠠᠳᠭᠠᠬᠤ》 ᠪᠣᠭᠣᠮᠲᠠ ᠱᠢᠪᠲᠤᠯᠬᠤ ᠬᠠᠷᠠᠯᠲᠠ ᠵᠢ ᠲᠣᠭ᠍ᠲᠠᠭᠠᠪᠠ᠃ ᠲᠡᠳᠡ ᠱᠢᠨ᠎ᠡ ᠵᠢ ᠡᠭᠦᠳᠬᠦ᠌ ᠴᠢᠨᠠᠷᠲᠠᠶ ᠪᠡᠷ 《ᠴᠡᠭ ᠤ᠋ᠨ ᠴᠤᠬᠯᠠᠷᠠᠯ ᠢ᠋ᠶ᠋ᠡᠷ ᠵᠦᠰᠦᠬᠦ》 ᠮᠡᠷᠭᠡᠵᠢᠯ ᠢ᠋ ᠭᠠᠩᠨᠠᠬᠤ ᠬᠦᠷᠢᠶᠡᠨ ᠳ᠋ᠤ ᠣᠷᠣᠭᠤᠯᠵᠤ᠂ ᠡᠩ ᠲᠡᠷᠢᠭᠦᠨ ᠳ᠋ᠤ ᠭᠤᠷᠪᠠᠨ ᠬᠡᠮᠵᠢᠯᠳᠦ ᠱᠢᠷᠪᠢᠬᠦ᠌ ᠲᠥᠬᠥᠭᠡᠷᠦᠮᠵᠢ ᠪᠡᠷ ᠪᠤᠳᠤᠯᠢᠶᠠᠨᠲᠠᠶ ᠲᠣᠨᠣᠭ ᠤ᠋ᠨ ᠶᠡᠬᠡ ᠬᠡᠮᠵᠢᠶᠡᠨ᠎ᠦ ᠴᠡᠭ ᠬᠡᠯᠪᠡᠷᠢ ᠶ᠋ᠢᠨ ᠭᠤᠷᠪᠠᠨ ᠬᠡᠮᠵᠢᠯᠳᠦ ᠪᠠᠢᠷᠢᠱᠢᠯ ᠤ᠋ᠨ ᠮᠡᠳᠡᠭᠡ ᠵᠠᠩᠭᠢ ᠵᠢ ᠲᠦᠷᠭᠡᠨ ᠣᠯᠵᠤ᠂ ᠳᠠᠷᠠᠭ᠎ᠠ ᠨᠢ ᠡᠳᠡᠭᠡᠷ ᠴᠡᠭ ᠤ᠋ᠨ ᠴᠤᠬᠯᠠᠷᠠᠯ ᠤ᠋ᠨ ᠲᠣᠭ᠎ᠠ ᠪᠠᠷᠢᠮᠲᠠ ᠵᠢ 《ᠲᠥᠮᠥᠰᠥ ᠵᠦᠰᠦᠬᠦ》 ᠮᠡᠲᠦ ᠳᠠᠪᠬᠤᠷᠭ᠎ᠠ ᠬᠤᠪᠢᠶᠠᠨ ᠱᠢᠶ᠋ᠳᠪᠦᠷᠢᠯᠡᠵᠦ᠍᠂ ᠲᠤᠨᠤᠭ ᠤ᠋ᠨ ᠪᠣᠳᠠᠲᠠᠶ ᠲᠥᠯᠥᠪ ᠪᠠ ᠭᠧᠣᠮᠧᠲ᠋ᠷᠢ ᠶ᠋ᠢᠨ ᠣᠨᠴᠠᠯᠢᠭ ᠢ᠋ ᠣᠨᠣᠪᠴᠢᠲᠠᠶ ᠢᠯᠡᠷᠡᠭᠦᠯᠦᠨ᠎ᠡ᠃ ᠭᠠᠩᠨᠠᠬᠤ ᠮᠠᠱᠢᠨ ᠬᠥᠮᠦᠨ ᠡᠲᠡᠭᠡᠷ ᠳᠠᠪᠬᠤᠷᠭ᠎ᠠ ᠬᠤᠪᠢᠶᠠᠭ᠍ᠰᠠᠨ ᠴᠡᠭ ᠤ᠋ᠨ ᠴᠤᠬᠯᠠᠷᠠᠯ ᠤ᠋ᠨ ᠲᠣᠭ᠎ᠠ ᠪᠠᠷᠢᠮᠲᠠ ᠵᠢ ᠣᠯᠤᠭ᠍ᠰᠠᠨ ᠤ᠋ ᠳᠠᠷᠠᠭ᠎ᠠ᠂ ᠣᠶᠤᠨᠴᠢ ᠵᠠᠳᠠᠯᠤᠯᠲᠠ ᠪᠡᠷ ᠳᠡᠮᠵᠢᠨ᠂ ᠵᠠᠮ ᠱᠤᠭᠤᠮ ᠨᠢ ᠬᠠᠮᠤᠭ ᠤ᠋ᠨ ᠱᠢᠯᠢᠳᠡᠭ᠂ ᠳᠦᠷᠢ ᠪᠠᠢᠳᠠᠯ ᠨᠢ ᠬᠠᠮᠤᠭ ᠤ᠋ᠨ ᠰᠠᠢᠨ᠂ ᠤᠷ᠎ᠠ ᠮᠡᠷᠭᠡᠵᠢᠯ ᠨᠢ ᠬᠠᠮᠤᠭ ᠎ᠤᠨ ᠵᠤᠬᠢᠴᠠᠬᠰᠠᠨ ᠶᠡᠷᠦᠩᠬᠡᠢᠯᠡᠭ᠌ᠰᠡᠨ ᠬᠠᠮᠤᠭ ᠤ᠋ᠨ ᠱᠢᠯᠢᠳᠡᠭ ᠭᠠᠩᠨᠠᠬᠤ ᠵᠢᠮ ᠢ᠋ ᠪᠡᠶ᠎ᠡ᠎ᠪᠡᠨ ᠳᠠᠭᠠᠭᠠᠵᠤ ᠲᠥᠯᠥᠪᠵᠢᠭᠦᠯᠦᠨ ᠭᠠᠷᠭᠠᠳᠠᠭ᠃

ᠡᠨᠡ ᠬᠦ᠌ 《ᠲᠥᠮᠥᠰᠥ ᠵᠦᠰᠦᠬᠦ》 ᠪᠡᠷ ᠳᠦᠷᠰᠦᠯᠡᠭᠰᠡᠨ ᠤᠷᠠᠨ ᠵᠦᠢᠷᠯᠡᠯ ᠤ᠋ᠨ ᠠᠷᠤ ᠳ᠋ᠤ ᠬᠠᠷᠢᠨ ᠨᠢᠭᠡᠨ ᠢᠵᠢ ᠨᠠᠷᠢᠨ ᠨᠢᠭ᠍ᠲᠠ ᠪᠤᠳᠤᠬᠤ ᠠᠷᠭ᠎ᠠ ᠶ᠋ᠢᠨ ᠯᠣᠭᠢᠭ ᠪᠠᠢᠳᠠᠭ᠃ ᠪᠤᠳᠤᠯᠢᠶᠠᠨᠲᠠᠶ ᠭᠤᠷᠪᠠᠨ ᠬᠡᠮᠵᠢᠯᠳᠦ ᠣᠷᠣᠨ ᠵᠠᠶ ᠶ᠋ᠢᠨ ᠠᠰᠠᠭᠤᠳᠠᠯ ᠢ᠋ ᠡᠳᠦᠶ ᠲᠡᠳᠦᠶ ᠬᠣᠶᠠᠷ ᠬᠡᠮᠵᠢᠯᠳᠦ ᠣᠭ᠍ᠲᠣᠯᠤᠭᠠᠰᠤ ᠶ᠋ᠢᠨ ᠠᠰᠠᠭᠤᠳᠠᠯ ᠪᠣᠯᠭᠠᠬᠤ ᠪᠡᠷ ᠳᠠᠮᠵᠢᠭᠤᠯᠤᠨ᠂ ᠪᠣᠳᠣᠯᠭ᠎ᠠ ᠶ᠋ᠢᠨ ᠪᠤᠳᠤᠯᠢᠶᠠᠨᠲᠤ ᠬᠡᠮᠵᠢᠶ᠎ᠡ ᠵᠢ ᠶᠡᠬᠡ ᠪᠡᠷ ᠪᠠᠭᠤᠷᠠᠭᠤᠯᠤᠭ᠍ᠰᠠᠨ ᠢ᠋ᠶ᠋ᠡᠷ ᠪᠠᠷᠠᠬᠤ ᠥᠬᠡᠶ᠂ ᠨᠠᠩ ᠴᠤ᠌ ᠮᠠᠱᠢᠨ ᠬᠥᠮᠦᠨ ᠢ᠋ ᠠᠳᠠᠯᠢ ᠪᠤᠰᠤ ᠲᠣᠨᠣᠭ᠍ᠯᠠᠭᠠᠰᠤ ᠶ᠋ᠢᠨ ᠡᠮᠦᠨ᠎ᠡ ᠪᠡᠶ᠎ᠡ ᠪᠠᠨ ᠳᠠᠭᠠᠭᠠᠵᠤ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠴᠢᠳᠠᠪᠤᠷᠢ ᠲᠠᠢ ᠪᠣᠯᠭᠠᠵᠤ᠂ ᠬᠥᠮᠦᠨ᠎ᠦ ᠬᠦᠴᠦ᠍ ᠪᠡᠷ ᠵᠢᠭᠠᠬᠤ ᠪᠠ ᠦᠨᠡᠲᠡᠶ ᠨᠦᠯᠦᠭᠡᠯᠡᠭᠦᠷ ᠲᠦ᠍ ᠬᠡᠲᠦ ᠲᠦᠱᠢᠭ᠌ᠯᠡᠬᠦ᠌ ᠡᠴᠡ ᠲᠤᠢᠯᠪᠤᠷᠢᠲᠠᠶ ᠠᠩᠭᠢᠵᠢᠷᠠᠭᠤᠯᠪᠠ᠃

ᠦᠪᠦᠷ ᠮᠤᠨᠭᠭᠤᠯ ᠤ᠋ᠨ ᠨᠢᠭᠡᠳᠦᠭᠡᠷ ᠮᠠᠱᠢᠨ ᠮᠧᠬᠠᠨᠢᠭ ᠤ᠋ᠨ ᠪᠦᠯᠦᠭ᠌ᠯᠡᠯ ᠤ᠋ᠨ ᠤᠷ᠎ᠠ ᠮᠡᠷᠭᠡᠵᠢᠯ ᠤ᠋ᠨ ᠲᠥᠷᠥᠯ ᠵᠦᠶ᠋ᠯ ᠤ᠋ᠨ ᠬᠠᠷᠢᠭᠤᠴᠠᠯᠭᠠᠲᠠᠨ᠄ 《ᠡᠨᠡ ᠬᠦ᠌ ᠠᠷᠭ᠎ᠠ ᠶ᠋ᠢᠨ ᠱᠢᠨ᠎ᠡ ᠡᠭᠦᠳᠦᠯᠲᠡ ᠨᠢ ᠪᠤᠳᠤᠯᠢᠶᠠᠨᠲᠠᠶ ᠲᠣᠨᠣᠭ᠍ᠯᠠᠭᠠᠰᠤ ᠵᠢ ᠭᠠᠩᠨᠠᠬᠤ ᠵᠢᠮ ᠤ᠋ᠨ ᠲᠦᠯᠦᠪᠵᠢᠭᠦᠯᠭᠡ ᠶ᠋ᠢᠨ ᠦᠶᠡᠯᠡᠯ ᠣᠷᠳᠣ᠂ ᠵᠣᠬᠢᠴᠠᠬᠤ ᠴᠢᠨᠠᠷ ᠢ᠋ᠶ᠋ᠡᠷ ᠠᠨᠠᠶ ᠪᠠᠢᠬᠤ ᠠᠰᠠᠭᠤᠳᠠᠯ ᠢ᠋ ᠱᠢᠶ᠋ᠳᠪᠦᠷᠢᠯᠡᠭ᠌ᠰᠡᠨ ᠢ᠋ᠶ᠋ᠡᠷ ᠪᠠᠷᠠᠬᠤ ᠥᠬᠡᠶ ᠪᠠᠰᠠ ᠭᠠᠩᠨᠠᠬᠤ ᠶᠠᠰᠤ ᠴᠢᠨᠠᠷ ᠪᠠ ᠦᠷ᠎ᠡ ᠪᠦᠲᠦᠮᠵᠢ ᠵᠢ ᠢᠯᠡᠳᠲᠡ ᠳᠡᠭᠡᠭ᠌ᠰᠢᠯᠡᠭᠦᠯᠪᠡ᠃ ᠨᠠᠩ ᠴᠢᠬᠤᠯᠠ ᠨᠢ᠂ ᠪᠢᠳᠡ ᠨᠢᠭᠡ ᠢᠵᠢ ᠪᠡᠶ᠎ᠡ ᠪᠠᠨ ᠳᠠᠭᠠᠭᠠᠭ᠍ᠰᠠᠨ ᠮᠡᠳᠡᠯᠭᠡ ᠶ᠋ᠢᠨ ᠦᠮᠴᠢᠯᠡᠯ ᠤ᠋ᠨ ᠡᠷᠬᠡ ᠲᠠᠢ ᠭᠠᠩᠨᠠᠬᠤ ᠮᠠᠱᠢᠨ ᠬᠥᠮᠦᠨ᠎ᠦ ᠣᠶᠤᠨᠴᠢ ᠲᠥᠯᠥᠪᠵᠢᠭᠦᠯᠭᠡ ᠶ᠋ᠢᠨ ᠮᠡᠷᠭᠡᠵᠢᠯ ᠤ᠋ᠨ ᠵᠢᠷᠤᠮᠵᠢᠯ ᠪᠠ ᠳ᠋ᠠᠢᠲ᠋ᠠ ᠬᠥᠮᠥᠷᠭᠡ ᠵᠢ ᠪᠦᠷᠢᠯᠳᠦᠭᠦᠯᠵᠡᠢ᠂ ᠡᠨᠡ ᠨᠢ ᠠᠵᠤ ᠠᠬᠤᠢᠯᠠᠯ ᠤ᠋ᠨ ᠭᠤᠤᠯᠯᠠᠬᠤ ᠥᠷᠢᠰᠦᠯᠳᠦᠬᠦ᠌ ᠬᠦᠴᠦᠨ ᠢ᠋ ᠱᠢᠭᠤᠳ ᠨᠡᠮᠡᠭ᠌ᠳᠡᠭᠦᠯᠵᠠᠢ》 ᠭᠡᠪᠡ ᠃

ᠬᠢᠷᠢ ᠲᠡᠩᠴᠡᠭᠦ᠌ ᠨᠣᠷᠮ᠎ᠠ 85% ᠡᠴᠡ 96% ᠪᠤᠯᠲᠠᠯ᠎ᠠ ᠳᠡᠭᠡᠭ᠌ᠰᠢᠯᠡᠭ᠌ᠰᠡᠨ ᠨᠢ ᠵᠥᠪᠬᠡᠨ ᠲᠣᠭᠠᠨ ᠤ᠋ ᠨᠡᠮᠡᠭ᠌ᠳᠡᠯ ᠲᠡᠳᠦᠶ ᠪᠢᠰᠢ᠂ ᠨᠠᠩ ᠴᠤ᠌ ᠬᠢᠷᠢ ᠲᠡᠨᠭᠴᠡᠭᠰᠡᠨ ᠦᠭᠡᠢ ᠪᠦᠲᠦᠭᠡᠭᠳᠡᠬᠦᠨ ᠤ᠋ ᠨᠣᠷᠮ᠎ᠠ ᠵᠢ ᠢᠯᠡᠳᠲᠡ ᠪᠠᠭᠤᠷᠠᠭᠤᠯᠤᠭ᠍ᠰᠠᠨ ᠪᠠ ᠦᠶ᠋ᠯᠡᠳᠪᠦᠷᠢᠯᠡᠯ ᠤ᠋ᠨ ᠲᠣᠭ᠍ᠲᠠᠪᠤᠷᠢᠲᠤ ᠴᠢᠨᠠᠷ ᠢ᠋ ᠦᠨᠳᠦᠰᠦᠨ ᠡᠴᠡ ᠨᠢ ᠰᠠᠢᠵᠢᠷᠠᠭᠤᠯᠤᠭ᠍ᠰᠠᠨ ᠢ᠋ ᠬᠠᠷᠠᠭᠤᠯᠵᠤ ᠪᠠᠢᠨ᠎ᠠ᠃ ᠡᠨᠡ ᠬᠦ᠌ ᠪᠡᠶ᠎ᠡ ᠪᠠᠨ ᠳᠠᠭᠠᠭᠠᠭ᠍ᠰᠠᠨ ᠮᠡᠷᠭᠡᠵᠢᠯ ᠤ᠋ᠨ ᠵᠢᠷᠤᠮᠵᠢᠯ ᠪᠣᠯᠤᠨ ᠳ᠋ᠠᠢᠲ᠋ᠠ ᠬᠥᠮᠥᠷᠭᠡ ᠶ᠋ᠢᠨ ᠪᠠᠢᠭᠤᠯᠤᠭ᠍ᠳᠠᠬᠤ ᠵᠢ ᠳᠠᠭᠠᠯᠳᠤᠨ᠂ ᠦᠪᠦᠷ ᠮᠤᠨᠭᠭᠤᠯ ᠤ᠋ᠨ ᠨᠢᠭᠡᠳᠦᠭᠡᠷ ᠮᠠᠱᠢᠨ ᠮᠧᠬᠠᠨᠢᠭ ᠤ᠋ᠨ ᠪᠦᠯᠦᠭ᠌ᠯᠡᠯ ᠤ᠋ᠨ ᠭᠠᠩᠨᠠᠬᠤ ᠠᠵᠢᠯ ᠤ᠋ᠨ ᠤᠶᠤᠨᠴᠢᠯᠠᠯᠳᠠ ᠵᠢᠨ ᠬᠦᠷᠢᠶᠡᠨ ᠳ᠋ᠤ ᠵᠠᠩᠭᠢᠯᠠᠭ᠎ᠠ ᠶ᠋ᠢᠨ ᠠᠯᠬᠤᠮ ᠢ᠋ ᠠᠯᠬᠤᠭ᠍ᠰᠠᠨ ᠪᠥᠭᠡᠳ ᠮᠠᠨ ᠤ᠋ ᠤᠯᠤᠰ ᠤ᠋ᠨ ᠳᠡᠭᠡᠳᠦ ᠲᠡᠰ ᠤ᠋ᠨ ᠲᠣᠨᠣᠭ᠍ᠯᠠᠯ ᠦᠢᠯᠡᠳᠬᠦ᠌ ᠶᠠᠪᠤᠴᠠ ᠳ᠋ᠡᠬᠢ ᠨᠠᠷᠢᠨ ᠪᠤᠳᠤᠯᠢᠶᠠᠨᠲᠠᠢ ᠲᠣᠨᠣᠭ᠍ᠯᠠᠭᠠᠰᠤ ᠶ᠋ᠢᠨ ᠥᠨᠳᠥᠷ ᠪᠦᠲᠦᠮᠵᠢᠲᠡᠢ᠂ ᠴᠢᠨᠠᠷ ᠰᠠᠢᠲᠠᠢ ᠭᠠᠩᠨᠠᠬᠤ ᠠᠵᠢᠯ ᠳ᠋ᠤ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ 《ᠤᠶᠤᠨᠴᠢ ᠦᠯᠢᠭᠡᠷ ᠬᠡᠪ》 ᠢ᠋ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号