《ᠴᠠᠬᠢᠯᠭᠠᠨ ᠴᠡᠨᠡᠭᠯᠡᠵᠦ ᠡᠨ᠋ᠸᠷᠬᠢ ᠤᠯᠭᠤᠭᠰᠠᠨ》 ᠲᠠᠷᠢᠶᠠᠯᠠᠡᠭ ᠤ᠋ᠨ ᠮᠡᠷᠭᠡᠵᠢᠯ ᠤ᠋ᠨ ᠪᠤᠯᠪᠠᠰᠤᠷᠠᠯ
2026-04-05 10:28:38
ᠵᠣᠬᠢᠶᠠᠭ᠍ᠴᠢ᠄
ᠬᠠᠨ ᠱᠢᠤᠸᠠᠢ ᠷᠦ
ᠣᠩᠱᠢᠭ᠍ᠰᠠᠨ ᠣᠳᠠᠭ᠎ᠠ᠄
★★★☆☆

ᠲᠤᠷᠰᠢᠯᠭ᠎ᠠ ᠪᠠᠨ ᠨᠢᠭᠤᠷᠳᠠᠨ ᠤᠯᠠᠮᠵᠢᠯᠠᠵᠤ ᠬᠦᠴᠢᠷᠳᠡᠯ ᠢ᠋ ᠭᠠᠷᠳᠠᠨ ᠰᠢᠢᠳᠪᠦᠷᠢᠯᠡᠨ᠎ᠠ


ᠤᠷᠢᠬᠠᠨ ᠰᠠᠯᠬᠢᠨ ᠤ᠋ ᠢᠯᠪᠢᠯᠲᠡ ᠪᠡᠷ ᠲᠦᠮᠡᠨ ᠪᠤᠳᠠᠰ ᠲᠦᠯᠵᠢᠨ᠎ᠡ᠃ ᠪᠠᠷᠠᠭᠤᠨ ᠪᠠᠶ᠎ᠠ ᠵᠢᠨ ᠪᠤᠷᠤᠲᠤᠬᠤᠢ ᠳ᠋ᠦ ᠠᠨᠵᠢᠰᠤ ᠤᠷᠤᠵᠤ ᠭᠠᠵᠠᠷ ᠬᠠᠭᠠᠯᠪᠤᠷᠢᠯᠠᠨ᠂ ᠵᠡᠬᠦᠨ ᠪᠠᠶ᠎ᠠ ᠵᠢᠨ ᠬᠠᠷ᠎ᠠ ᠬᠦᠷᠦᠰᠦᠲᠦ ᠭᠠᠵᠠᠷ ᠲᠦ᠍ ᠮᠦᠰᠦ ᠴᠠᠰᠤ ᠬᠠᠢᠯᠵᠤ ᠡᠬᠢᠯᠡᠬᠦ ᠪᠡᠷ ᠬᠠᠪᠤᠷ ᠤ᠋ᠨ ᠲᠠᠷᠢᠶᠠᠯᠠᠭ᠎ᠠ ᠶ᠋ᠢᠨ ᠪᠡᠯᠡᠳᠭᠡᠯ ᠠᠵᠢᠯ ᠦᠪᠦᠷ ᠮᠤᠡᠭᠭᠤᠯ ᠤ᠋ᠨ ᠡᠬᠡ ᠭᠠᠵᠠᠷ ᠲᠦ᠍ ᠪᠦᠬᠦ ᠲᠠᠯ᠎ᠠ ᠪᠡᠷ ᠦᠷᠨᠢᠵᠦ ᠡᠬᠢᠯᠡᠪᠡ᠃ ᠡᠬᠦᠨ ᠳ᠋ᠤ ᠮᠠᠯᠴᠢᠨ ᠲᠠᠷᠢᠶᠠᠴᠢᠳ ᠡᠴᠡ ᠭᠠᠳᠠᠨ᠎ᠠ ᠪᠦᠬᠦ ᠤᠷᠤᠨ ᠤ᠋ ᠡᠯ᠎ᠡ ᠱᠠᠳᠤᠨ ᠤ᠋ ᠮᠠᠯ ᠠᠵᠤ ᠠᠬᠤᠢ ᠲᠠᠷᠢᠶᠠᠯᠠᠡᠭ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠠᠵᠢᠯᠲᠠᠳ ᠴᠦ᠍ ᠨᠠᠭᠠᠰᠢ ᠴᠠᠭᠠᠰᠢ ᠰᠦᠯᠵᠢᠯᠳᠦᠨ ᠬᠠᠪᠤᠷ ᠤ᠋ᠨ ᠲᠠᠷᠢᠶᠠᠯᠠᠭ᠎ᠠ ᠵᠢᠨ ᠪᠡᠯᠡᠳᠬᠡᠯ ᠳ᠋ᠤ ᠶᠠᠭᠠᠷᠠᠵᠠᠭᠠᠨ᠎ᠠ᠃

《ᠥᠩᠭᠡᠷᠡᠭ᠌ᠰᠡᠨ ᠳ᠋ᠤ ᠡᠪᠡᠳᠴᠢᠨ ᠬᠣᠷᠣᠬᠠᠶ ᠶ᠋ᠢᠨ ᠬᠥᠨᠥᠭᠡᠯ ᠭᠠᠷᠪᠠᠯ ᠶᠡᠷᠦ ᠨᠢ ᠲᠤᠷᠱᠢᠯᠭ᠎ᠠ ᠳ᠋ᠠᠭᠠᠨ ᠲᠦᠰᠢᠭᠯᠡᠨ ᠠᠷᠭᠠᠴᠠᠭᠠᠵᠤ ᠪᠠᠢᠳᠠᠭ᠂ ᠤᠳᠤ ᠪᠣᠬᠢᠷᠲᠤᠯ ᠥᠬᠡᠶ ᠪᠡᠷ ᠰᠡᠷᠭᠡᠢᠯᠡᠨ ᠡᠵᠡᠮᠳᠡᠬᠦ᠌ ᠮᠡᠷᠭᠡᠵᠢᠯ ᠢ᠋ ᠰᠤᠷᠤᠯ᠎ᠠ᠂ ᠡᠨᠡ ᠵᠢᠯ ᠲᠤᠷᠱᠢᠵᠤ ᠦᠵᠡᠶ᠎ᠡ》᠂ 《ᠨᠢᠭᠲᠠ ᠲᠠᠷᠢᠬᠤ ᠮᠡᠷᠭᠡᠵᠢᠯ ᠤ᠋ᠨ ᠲᠠᠢᠯᠤᠮᠵᠢ ᠮᠠᠰᠢ ᠬᠡᠷᠡᠭ᠌ᠴᠡᠭᠡ ᠲᠡᠶ᠂ ᠡᠷᠳᠡᠨᠢ ᠱᠢᠰᠢ ᠶ᠋ᠢᠨ ᠤᠨᠠᠯᠲᠠ ᠯᠠᠪᠲᠠᠶ ᠳᠡᠭᠡᠭ᠌ᠰᠢᠯᠡᠵᠦ᠍ ᠳᠡᠢᠯᠦᠨ᠎ᠡ》 ᠁ 3 ᠰᠠᠷ᠎ᠠ ᠶ᠋ᠢᠨ 12 ᠤ᠋ᠨ ᠡᠳᠦᠷ᠂ ᠬᠥᠬᠡᠬᠣᠲᠠ ᠶ᠋ᠢᠨ ᠭᠤᠤᠯ ᠪᠣᠯᠬᠤ ᠠᠮᠤ ᠲᠣᠰᠣᠨ ᠤ᠋ ᠲᠠᠷᠢᠮᠠᠯ ᠤ᠋ᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠵᠢᠴᠢ ᠬᠠᠪᠤᠷ ᠤ᠋ᠨ ᠲᠠᠷᠢᠶᠠᠯᠠᠭ᠎ᠠ ᠶ᠋ᠢᠨ ᠪᠡᠯᠡᠳᠭᠡᠯ ᠠᠵᠢᠯ ᠤ᠋ᠨ ᠮᠡᠷᠭᠡᠵᠢᠯ ᠤ᠋ᠨ ᠪᠣᠯᠪᠠᠰᠤᠷᠠᠯ ᠤ᠋ᠨ ᠬᠤᠷᠠᠯ ᠳ᠋ᠦ ᠲᠠᠷᠢᠶᠠᠴᠢᠳ ᠦᠶ᠋ᠯᠡᠳᠪᠦᠷᠢᠯᠡᠯ ᠤ᠋ᠨ ᠳᠤᠮᠳᠠᠬᠢ ᠮᠠᠳᠠᠭ ᠲᠠᠶ ᠠᠰᠠᠭᠤᠯᠲᠠ ᠪᠡᠨ ᠡᠪᠤᠷᠯᠡᠨ ᠢᠷᠡᠵᠦ᠂ ᠬᠡᠷᠡᠭ᠌ᠯᠡᠭᠡᠨ ᠤ᠋ ᠮᠡᠷᠭᠡᠵᠢᠯ ᠢ᠋ ᠡᠵᠡᠮᠰᠢᠨ ᠪᠤᠴᠠᠵᠤ᠂ ᠢᠳᠡᠪᠬᠢᠲᠡᠶ ᠪᠡᠷ ᠠᠰᠠᠭᠤᠯᠲᠠ ᠠᠰᠠᠭᠤᠨ ᠰᠠᠨᠠᠯ ᠶ᠋ᠢᠡᠨ ᠰᠣᠯᠢᠯᠴᠠᠵᠤ᠂ ᠡᠯᠪᠡᠭ ᠬᠤᠷᠢᠶᠠᠯᠲᠠ ᠤᠯᠬᠤ ᠳ᠋ᠦ ᠢᠲᠡᠭᠡᠯ ᠳᠦᠭᠦᠷᠡᠡᠭ ᠪᠠᠢᠯ᠎ᠠ᠃

ᠬᠦᠬᠡᠬᠤᠳᠠ ᠲᠣᠰ ᠤᠳᠠᠭ᠎ᠠ ᠵᠢᠨ ᠪᠤᠯᠪᠠᠰᠤᠷᠠᠯ ᠳ᠋ᠤ ᠡᠷᠳᠡᠨᠢ ᠱᠢᠰᠢ᠂ ᠱᠢᠷ᠎ᠠ ᠪᠤᠷᠴᠠᠭ᠂ ᠨᠡᠷᠡᠨ ᠬᠤᠸᠠᠷ᠂ ᠱᠢᠯᠢᠮᠳᠡᠭ᠂ ᠲᠥᠮᠥᠰᠥ᠍ ᠵᠡᠷᠭᠡ ᠭᠤᠤᠯ ᠪᠣᠯᠬᠤ ᠠᠮᠤ ᠲᠣᠰᠣᠨ ᠤ᠋ ᠲᠠᠷᠢᠮᠠᠯ ᠤ᠋ᠨ ᠦᠶ᠋ᠯᠡᠳᠪᠦᠷᠢᠯᠡᠯ ᠤ᠋ᠨ ᠪᠣᠳᠠᠲᠤ ᠪᠠᠢᠳᠠᠯ ᠳ᠋ᠦ ᠰᠠᠭᠤᠷᠢᠯᠠᠨ᠂ ᠳᠤᠮᠳᠠᠳᠤ ᠤᠯᠤᠰ ᠤ᠋ᠨ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ᠂ ᠥᠪᠥᠷ ᠮᠣᠩᠭᠣᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠵᠡᠷᠭᠡ ᠣᠷᠣᠨ ᠤ᠋ ᠳᠣᠲᠣᠨ᠎ᠠ ᠭᠠᠳᠠᠨᠠᠬᠢ ᠲᠤᠰᠭᠠᠶ ᠮᠡᠷᠭᠡᠵᠢᠯᠲᠡᠨ ᠢ᠋ ᠤᠷᠢᠵᠤ᠂ ᠨᠢᠭᠡᠳᠦᠭᠡᠷ ᠹᠷᠣᠨᠲ ᠤ᠋ᠨ ᠲᠠᠷᠢᠶᠠᠯᠠᠩ ᠤ᠋ᠨ ᠮᠡᠷᠭᠡᠵᠢᠯ ᠤ᠋ᠨ ᠠᠵᠢᠯᠲᠠᠨ ᠲᠠᠶ ᠬᠠᠮᠲᠤᠷᠠᠨ ᠲᠤᠰᠭᠠᠶ ᠮᠡᠷᠭᠡᠵᠢᠯ ᠤ᠋ᠨ ᠯᠧᠺᠲ᠋ᠣᠷ ᠤ᠋ᠨ ᠪᠦᠯᠬᠦᠮ ᠢ᠋ ᠵᠤᠬᠢᠶᠠᠨ ᠪᠠᠢᠭᠤᠯᠵᠤ ᠳᠠᠢᠯᠤᠮᠵᠢ ᠬᠢᠯᠭᠡᠵᠠᠢ᠃ ᠲᠦᠷᠦᠯ ᠵᠦᠢᠯ ᠢ᠋ ᠰᠣᠩᠭᠣᠬᠤ᠂ ᠨᠢᠭ᠍ᠲᠠ ᠲᠠᠷᠢᠵᠤ ᠨᠠᠷᠢᠨ ᠤᠨᠤᠴᠠᠲᠠᠢ ᠲᠤᠬᠢᠷᠠᠭᠤᠯᠤᠨ ᠡᠵᠡᠮᠳᠡᠬᠦ ᠡᠴᠡ ᠡᠪᠡᠳᠴᠢᠨ ᠬᠣᠷᠣᠬᠠᠢ ᠶ᠋ᠢᠨ ᠬᠥᠨᠥᠭᠡᠯ ᠢ᠋ ᠪᠣᠬᠢᠷᠲᠤᠯ ᠦᠭᠡᠢ ᠪᠡᠷ ᠰᠡᠷᠭᠡᠢᠯᠡᠨ ᠡᠵᠡᠮᠳᠡᠬᠦ᠌᠂ ᠱᠢᠨᠵᠢᠯᠡᠬᠦ᠌ ᠤᠬᠠᠭᠠᠨᠴᠢ ᠪᠡᠷ ᠤᠰᠤ ᠪᠤᠷᠳᠤᠭᠤᠷ ᠢ᠋ ᠬᠠᠮᠢᠶᠠᠷᠬᠤ ᠬᠦᠷᠲᠡᠯ᠎ᠡ᠂ ᠯᠧᠺᠲ᠋ᠣᠷ ᠤ᠋ᠨ ᠪᠦᠯᠬᠦᠮ ᠤ᠋ᠨ ᠬᠢᠨ ᠲᠤᠰᠭᠠᠢ ᠮᠡᠷᠭᠡᠵᠢᠯ ᠤ᠋ᠨ ᠮᠡᠳᠡᠯᠭᠡ ᠪᠣᠯᠤᠨ ᠲᠤᠷᠱᠢᠯᠭ᠎ᠠ ᠪᠠᠷ ᠶ᠋ᠢᠡᠨ ᠲᠠᠷᠢᠶᠠᠴᠢᠳ ᠤ᠋ᠨ ᠮᠠᠳᠠᠭ ᠢ᠋ ᠲᠠᠢᠯᠵᠤ᠂ ᠲᠤᠷᠰᠢᠯᠭ᠎ᠠ ᠤᠯᠠᠮᠵᠢᠯᠠᠨ᠂ ᠬᠡᠷᠡᠭ᠌ᠯᠡᠭᠡᠨ ᠤ᠋ ᠮᠡᠷᠭᠡᠵᠢᠯ ᠢ᠋ ᠨᠠᠷᠢᠨ ᠲᠠᠢᠯᠪᠤᠷᠢᠯᠠᠵᠤ᠂ ᠱᠢᠨᠵᠢᠯᠡᠬᠦ᠌ ᠤᠬᠠᠭᠠᠨᠴᠢ ᠪᠠᠷ ᠲᠠᠷᠢᠶ᠎ᠠ ᠲᠠᠷᠢᠬᠤ ᠣᠢᠯᠠᠭᠠᠭ᠍ᠳᠠᠬᠤᠨ ᠢ᠋ ᠲᠠᠷᠢᠶᠠᠴᠢᠳ ᠤ᠋ᠨ ᠰᠡᠳᠭᠢᠯ ᠳ᠋ᠤ ᠭᠦᠨ ᠬᠠᠳᠠᠩᠱᠢᠭᠤᠯᠪᠠ᠃

ᠬᠥᠬᠡᠬᠣᠲᠠ ᠡᠴᠡ ᠭᠠᠳᠠᠨ᠎ᠠ᠂ ᠥᠪᠥᠷ ᠮᠣᠩᠭᠣᠯ ᠤ᠋ᠨ ᠡᠯ᠎ᠡ ᠱᠠᠲᠤᠨ ᠤ᠋ ᠲᠠᠷᠢᠶᠠᠯᠠᠩ ᠮᠠᠯ ᠠᠵᠤ ᠠᠬᠤᠶ ᠶ᠋ᠢᠨ ᠰᠠᠯᠠᠭ᠎ᠠ ᠮᠥᠴᠢᠷ ᠤ᠋ᠨ ᠬᠢᠨ ᠬᠠᠪᠤᠷ ᠤ᠋ᠨ ᠲᠠᠷᠢᠶᠠᠯᠠᠭ᠎ᠠ ᠶ᠋ᠢᠨ ᠵᠠᠩᠭᠢᠯᠠᠭ᠎ᠠ ᠶ᠋ᠢᠨ ᠴᠡᠭ ᠲᠡᠶ ᠨᠢᠭ᠍ᠲᠠ ᠤᠶᠠᠯᠳᠤᠭᠤᠯᠤᠨ᠂ ᠣᠲᠣ ᠦᠶ᠎ᠡ ᠶ᠋ᠢᠨ ᠲᠠᠷᠢᠶᠠᠯᠠᠩ ᠤ᠋ᠨ ᠬᠥᠭ᠌ᠵᠢᠯᠲᠡ ᠪᠠ ᠮᠠᠯᠴᠢᠨ ᠲᠠᠷᠢᠶᠠᠴᠢᠳ ᠤ᠋ᠨ ᠤᠷ᠎ᠠ ᠴᠢᠳᠠᠪᠤᠷᠢ ᠵᠢ ᠳᠡᠭᠡᠭ᠌ᠰᠢᠯᠡᠭᠦᠯᠬᠦ᠌ ᠬᠡᠷᠡᠭ᠌ᠴᠡᠭᠡ ᠱᠠᠭᠠᠷᠳᠠᠯᠭ᠎ᠠ ᠳ᠋ᠦ ᠠᠩᠬᠠᠷᠤᠯ ᠶ᠋ᠢᠡᠨ ᠲᠥᠪᠯᠡᠷᠡᠭᠦᠯᠵᠦ᠍᠂ ᠣᠯᠠᠨ ᠲᠠᠰ ᠳᠠᠪᠬᠤᠷᠭ᠎ᠠ᠂ ᠣᠯᠠᠨ ᠠᠷᠭ᠎ᠠ ᠵᠠᠮ ᠶ᠋ᠢᠡᠷ ᠲᠠᠷᠢᠶᠠᠯᠠᠩ ᠤ᠋ᠨ ᠲᠥᠷᠥ ᠶ᠋ᠢᠨ ᠪᠣᠳᠣᠯᠭ᠎ᠠ ᠵᠢ ᠤᠬᠠᠭᠤᠯᠤᠨ ᠲᠠᠢᠯᠪᠤᠷᠢᠯᠠᠬᠤ᠂ ᠲᠠᠷᠢᠶᠠᠯᠠᠩ ᠤ᠋ᠨ ᠮᠡᠷᠭᠡᠵᠢᠯ ᠤ᠋ᠨ ᠪᠤᠯᠪᠠᠰᠤᠷᠠᠯ ᠬᠦᠷᠳᠡᠬᠡᠬᠦ ᠠᠵᠢᠯᠯᠠᠭ᠎ᠠ ᠵᠢ ᠵᠣᠬᠢᠶᠠᠨ ᠪᠠᠢᠭᠤᠯᠤᠨ ᠥᠷᠨᠢᠭᠦᠯᠵᠦ᠍᠂ ᠠᠮᠤ ᠪᠤᠳᠠᠭᠠᠨ ᠤ᠋ ᠦᠶ᠋ᠯᠡᠳᠪᠦᠷᠢᠯᠡᠯ ᠤ᠋ᠨ 《ᠠᠩᠬᠠᠨ ᠤ᠋ ᠳᠠᠢᠯᠠᠯᠳᠤᠭᠠᠨ》 ᠢ᠋ ᠰᠠᠢᠲᠤᠷ ᠬᠢᠬᠦ᠌ ᠳ᠋ᠤ ᠮᠡᠷᠭᠡᠵᠢᠯ ᠤ᠋ᠨ ᠲᠤᠯᠭᠠᠭᠤᠷᠢᠯᠠᠯ ᠬᠠᠡᠭᠭᠠᠵᠤ ᠪᠠᠢᠨ᠎ᠠ᠃

ᠲᠤᠷᠰᠢᠯᠭ᠎ᠠ ᠪᠠᠨ ᠨᠢᠭᠤᠷᠳᠠᠨ ᠤᠯᠠᠮᠵᠢᠯᠠᠵᠤ᠂ ᠬᠦᠴᠢᠷᠳᠡᠯ ᠢ᠋ ᠭᠠᠷᠳᠠᠨ ᠰᠢᠢᠳᠪᠦᠷᠢᠯᠡᠨ᠎ᠠ᠃ ᠤᠯᠠᠨ ᠲᠠᠯᠠᠪᠤᠷ ᠪᠤᠯᠪᠠᠰᠤᠷᠠᠯ ᠨᠢ ᠬᠦᠨ ᠳᠠᠯᠳᠠ ᠤᠢᠯᠠᠭᠠᠬᠤᠶ᠎ᠠ ᠪᠡᠷᠬᠡ ᠮᠡᠷᠭᠡᠵᠢᠯ ᠢ᠋ ᠳᠦᠭᠦᠮ ᠳᠦᠳᠡ ᠪᠤᠳᠠᠳᠤ ᠠᠵᠢᠯᠯᠠᠭᠠᠨ ᠤ᠋ ᠵᠦᠭᠯᠡᠭᠦᠷ ᠪᠤᠯᠭᠠᠨ ᠬᠤᠪᠢᠷᠠᠭᠤᠯᠵᠤ᠂ ᠮᠠᠯᠴᠢᠨ ᠲᠠᠷᠢᠶᠠᠴᠢᠳ ᠤ᠋ᠨ ᠦᠶ᠋ᠯᠡᠳᠪᠦᠷᠢᠯᠡᠯ ᠤ᠋ᠨ ᠬᠦᠴᠢᠷ ᠠᠰᠠᠭᠤᠳᠠᠯ ᠢ᠋ ᠱᠢᠶ᠋ᠳᠪᠦᠷᠢᠯᠡᠭ᠌ᠰᠡᠨ ᠶ᠋ᠢᠡᠷ ᠪᠠᠷᠠᠬᠤ ᠥᠬᠡᠶ ᠤᠨᠠᠯᠲᠠ ᠪᠠᠨ ᠳᠡᠭᠡᠭᠰᠢᠯᠡᠭᠦᠯᠵᠦ ᠣᠷᠣᠯᠭ᠎ᠠ ᠪᠠᠨ ᠨᠡᠮᠡᠭ᠌ᠳᠡᠭᠦᠯᠬᠦ᠌ ᠢᠲᠡᠭᠡᠯ ᠵᠣᠷᠢᠭ ᠢ᠋ ᠨᠢ ᠬᠦᠪᠴᠢᠯᠡᠵᠦ᠂ ᠪᠥᠬᠥ᠌ ᠣᠷᠣᠨ ᠤ᠋ ᠬᠠᠪᠤᠷ ᠤ᠋ᠨ ᠲᠠᠷᠢᠶᠠᠯᠠᠭ᠎ᠠ ᠶ᠋ᠢᠨ ᠦᠶ᠋ᠯᠡᠳᠪᠦᠷᠢᠯᠡᠯ ᠢ᠋ ᠴᠢᠨᠠᠷ ᠰᠠᠢᠲᠠᠶ ᠠᠬᠢᠭᠤᠯᠬᠤ ᠳ᠋ᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃

ᠪᠤᠭᠤᠲᠤ ᠬᠣᠲᠠ ᠵᠢᠨ ᠵᠢᠦᠶᠤᠸᠠᠨ ᠲᠣᠭᠣᠷᠢᠭ ᠤ᠋ᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠣᠪᠴᠢᠶ᠎ᠠ ᠨᠢ 3 ᠰᠠᠷ᠎ᠠ ᠶ᠋ᠢᠨ 11 ᠤ᠋ ᠡᠳᠦᠷ ᠡᠷᠳᠡᠨᠢ ᠱᠢᠰᠢ ᠶ᠋ᠢᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠮᠡᠷᠭᠡᠵᠢᠯ ᠤ᠋ᠨ ᠵᠢᠯᠣᠭᠣᠳᠣᠯᠭ᠎ᠠ ᠵᠢᠴᠢ ᠲᠠᠷᠢᠶᠠᠯᠠᠩ ᠤ᠋ᠨ ᠳᠠᠭᠠᠳᠭᠠᠯ ᠤ᠋ᠨ ᠲᠥᠷᠥ ᠶ᠋ᠢᠨ ᠪᠣᠳᠣᠯᠭ᠎ᠠ ᠵᠢ ᠲᠠᠢᠯᠪᠤᠷᠢᠯᠠᠬᠤ ᠲᠤᠰᠭᠠᠶ ᠰᠡᠳᠦᠪᠲᠦ ᠪᠣᠯᠪᠠᠰᠤᠷᠠᠯ ᠤ᠋ᠨ ᠬᠤᠷᠠᠯ ᠡᠷᠭᠢᠯᠡᠪᠡ᠃ ᠪᠤᠯᠪᠠᠰᠤᠷᠠᠯ ᠤ᠋ᠨ ᠬᠤᠷᠠᠯ ᠨᠢ ᠠᠮᠤ ᠲᠣᠰᠣᠨ ᠤ᠋ ᠲᠠᠷᠢᠮᠠᠯ ᠤ᠋ᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌᠂ ᠬᠣᠯᠪᠣᠭ᠍ᠳᠠᠯ ᠪᠥᠬᠥᠶ ᠲᠤᠰᠭᠠᠶ ᠮᠡᠷᠭᠡᠵᠢᠯᠲᠡᠨ ᠢ᠋ ᠤᠷᠢᠵᠤ ᠲᠠᠷᠢᠶᠠᠨ ᠭᠠᠵᠠᠷ ᠤ᠋ᠨ ᠪᠠᠢᠴᠠᠭᠠᠯᠲᠠ ᠵᠢ ᠳᠦᠷᠢᠮᠵᠢᠭᠦᠯᠬᠦ᠂ ᠡᠷᠳᠡᠨᠢ ᠱᠢᠰᠢ ᠶ᠋ᠢᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠲᠤᠰᠭᠠᠶ ᠲᠥᠷᠥ ᠶ᠋ᠢᠨ ᠪᠣᠳᠣᠯᠭ᠎ᠠ᠂ ᠱᠢᠨᠵᠢᠯᠡᠬᠦ᠌ ᠤᠬᠠᠭᠠᠨᠴᠢ ᠪᠠᠷ ᠪᠣᠷᠲᠣᠭᠣᠷ ᠣᠷᠣᠭᠤᠯᠵᠤ ᠦᠷ᠎ᠡ ᠠᠱᠢᠭ ᠢ᠋ ᠨᠡᠮᠡᠭ᠌ᠳᠡᠭᠦᠯᠬᠦ᠌ ᠮᠡᠷᠭᠡᠵᠢᠯ ᠵᠡᠷᠭᠡ ᠵᠠᠩᠭᠢᠯᠠᠭ᠎ᠠ ᠶ᠋ᠢᠨ ᠠᠭᠤᠯᠭ᠎ᠠ ᠶ᠋ᠢᠨ ᠲᠣᠭᠣᠷᠢᠨ ᠳ᠋ᠦ ᠱᠢᠰᠲ᠋ᠧᠮ ᠲᠡᠶ ᠭᠦᠨᠵᠡᠭᠡᠶ ᠲᠠᠢᠯᠤᠮᠵᠢ ᠬᠢᠵᠦ᠍᠂ ᠮᠡᠷᠭᠡᠵᠢᠯ ᠤ᠋ᠨ ᠭᠤᠤᠯᠳᠠᠯᠭ᠎ᠠ ᠵᠢ ᠨᠠᠷᠢᠨ ᠵᠠᠳᠠᠯᠤᠨ᠂ ᠬᠡᠷᠡᠭ᠌ᠵᠢᠭᠦᠯᠬᠦ᠌ ᠠᠷᠭ᠎ᠠ ᠵᠢ ᠲᠣᠳᠣᠷᠬᠠᠢᠯᠠᠵᠤ᠂ ᠬᠤᠷᠠᠯ ᠳ᠋ᠦ ᠣᠷᠣᠯᠴᠠᠭ᠍ᠰᠠᠳ ᠬᠡᠷᠡᠭ᠌ᠯᠡᠭᠡᠨ ᠤ᠋ ᠮᠡᠷᠭᠡᠵᠢᠯ ᠢ᠋ ᠬᠠᠮᠲᠤ ᠪᠠᠷ ᠰᠤᠳᠤᠯᠵᠤ ᠂ ᠦᠶ᠋ᠯᠡᠳᠪᠦᠷᠢᠯᠡᠯ ᠤ᠋ᠨ ᠴᠢᠳᠠᠪᠤᠷᠢ ᠵᠢ ᠳᠡᠭᠡᠭ᠌ᠰᠢᠯᠡᠭᠦᠯᠬᠦ᠌ ᠵᠢ ᠬᠠᠮᠲᠤ ᠪᠠᠷ ᠰᠦᠪᠡᠭ᠌ᠴᠢᠯᠡᠪᠡ᠃

3 ᠰᠠᠷ᠎ᠠ ᠶ᠋ᠢᠨ 16 ᠤ᠋ ᠡᠳᠦᠷ᠂ ᠱᠢᠯᠢ ᠶ᠋ᠢᠨ ᠭᠤᠤᠯ ᠠᠢᠮᠠᠭ ᠪᠤᠯᠤᠨ ᠲᠠᠢᠪᠤᠰᠧ ᠬᠣᠱᠢᠭᠤ ᠬᠣᠶᠠᠷ ᠱᠠᠲᠤᠨ ᠤ᠋ ᠲᠠᠷᠢᠶᠠᠯᠠᠩ ᠮᠠᠯ ᠠᠵᠤ ᠠᠬᠤᠶ ᠶ᠋ᠢᠨ ᠮᠡᠷᠭᠡᠵᠢᠯ ᠢ᠋ ᠳᠡᠯᠭᠡᠷᠡᠭᠦᠯᠬᠦ᠌ ᠲᠥᠪ ᠨᠢ ᠥᠨᠳᠥᠷ ᠬᠡᠪ ᠪᠤᠯᠪᠠᠰᠤᠷᠠᠯ ᠲᠠᠢ ᠮᠠᠯᠴᠢᠨ ᠲᠠᠷᠢᠶᠠᠴᠢᠨ ᠢ᠋ ᠬᠦᠮᠦᠵᠢᠬᠦᠯᠬᠦ ᠵᠢᠴᠢ ᠬᠠᠪᠤᠷ ᠤ᠋ᠨ ᠲᠠᠷᠢᠶᠠᠯᠠᠭ᠎ᠠ ᠶ᠋ᠢᠨ ᠪᠡᠯᠡᠳᠭᠡᠯ ᠠᠵᠢᠯ ᠤ᠋ᠨ ᠬᠡᠷᠡᠭ᠌ᠯᠡᠭᠡᠨ ᠤ᠋ ᠮᠡᠷᠭᠡᠵᠢᠯ ᠤ᠋ᠨ ᠱᠢᠷᠢᠰ ᠪᠣᠯᠪᠠᠰᠤᠷᠠᠯ ᠢ᠋ ᠡᠬᠢᠯᠡᠨ ᠶᠠᠪᠤᠭᠳᠠᠭᠤᠯᠪᠠ᠃ ᠬᠣᠯᠪᠣᠭ᠍ᠳᠠᠯ ᠪᠥᠬᠥᠶ ᠲᠤᠰᠭᠠᠶ ᠮᠡᠷᠭᠡᠵᠢᠯᠲᠡᠨ ᠡᠴᠡ ᠳᠦᠭᠦᠮ ᠣᠢᠯᠠᠭᠠᠮᠵᠢᠲᠠᠶ ᠶᠠᠷᠢᠶᠠᠨ ᠤ᠋ ᠬᠡᠯᠡ ᠪᠡᠷ ᠲᠥᠮᠥᠰᠥ᠍᠂ ᠢᠳᠡᠱᠢᠨ ᠨᠣᠭᠣᠭ᠎ᠠ ᠵᠡᠷᠭᠡ ᠲᠠᠷᠢᠮᠠᠯ ᠤ᠋ᠨ ᠭᠤᠤᠯ ᠪᠣᠯᠬᠤ ᠡᠪᠡᠳᠴᠢᠨ ᠬᠣᠷᠣᠬᠠᠶ ᠶ᠋ᠢᠨ ᠬᠥᠨᠥᠭᠡᠯ ᠢ᠋ ᠢᠯᠭᠠᠨ ᠲᠠᠨᠢᠬᠤ ᠪᠠ ᠰᠡᠷᠭᠡᠢᠯᠡᠨ ᠡᠵᠡᠮᠳᠡᠬᠦ᠌᠂ ᠪᠣᠬᠢᠷᠲᠤᠯ ᠥᠬᠡᠶ ᠪᠡᠷ ᠶᠡᠷᠦᠩᠬᠡᠢᠯᠡᠨ ᠰᠡᠷᠭᠡᠢᠯᠡᠨ ᠡᠵᠡᠮᠳᠡᠬᠦ᠌ ᠮᠡᠷᠭᠡᠵᠢᠯ ᠵᠡᠷᠭᠡ ᠠᠭᠤᠯᠭ᠎ᠠ ᠵᠢ ᠨᠠᠷᠢᠨ ᠲᠠᠢᠯᠪᠤᠷᠢᠯᠠᠵᠤ᠂ ᠪᠠᠰᠠ ᠲᠤᠬᠠᠶ ᠶ᠋ᠢᠨ ᠲᠠᠯᠠᠪᠠᠶ ᠳ᠋ᠦ ᠲᠡᠷᠢᠶᠠᠯᠠᠬᠤ ᠡᠷᠦᠬᠡ ᠶ᠋ᠢᠨ ᠦᠶ᠋ᠯᠡᠳᠪᠦᠷᠢᠯᠡᠯ ᠤ᠋ᠨ ᠶᠠᠪᠤᠴᠠ ᠳ᠋ᠦ ᠲᠤᠯᠭᠠᠷᠠᠭ᠍ᠰᠠᠨ ᠬᠦᠴᠢᠷ ᠲᠦᠪᠡᠭ᠌ᠲᠡᠶ ᠠᠰᠠᠭᠤᠳᠠᠯ ᠳ᠋ᠦ ᠨᠢᠭᠡᠳ ᠨᠢᠭᠡ ᠪᠡᠷ ᠬᠠᠷᠢᠭᠤᠯᠲᠠ ᠥᠭ᠌ᠴᠦ᠂ ᠲᠸᠭᠨᠢᠭ ᠮᠡᠷᠭᠡᠵᠢᠯ ᠢ᠋ ᠦᠨᠡᠨ ᠬᠦ᠌ ᠨᠢᠳᠦᠨ ᠳ᠋ᠤ ᠦᠵᠡᠭ᠌ᠳᠡᠵᠦ᠍ ᠬᠡᠷᠡᠭ᠌ᠯᠡᠭᠡᠨ ᠳ᠋ᠤ ᠳᠣᠭᠢᠷᠠᠬᠤ ᠦᠶ᠋ᠯᠡᠳᠪᠦᠷᠢᠯᠡᠯ ᠤ᠋ᠨ ᠴᠢᠳᠠᠪᠤᠷᠢ ᠪᠣᠯᠭᠠᠨ ᠬᠤᠪᠢᠷᠠᠭᠤᠯᠪᠠ᠃

ᠬᠠᠪᠤᠷ ᠤ᠋ᠨ ᠤᠯᠠᠷᠢᠯ ᠤ᠋ᠨ ᠲᠠᠷᠢᠶᠠᠯᠠᠩ ᠤ᠋ᠨ ᠦᠶ᠋ᠯᠡᠳᠪᠦᠷᠢᠯᠡᠯ ᠤ᠋ᠨ ᠠᠮᠤᠷ ᠲᠦᠪᠱᠢᠨ ᠢ᠋ ᠦᠨᠡᠨ ᠬᠦ᠌ ᠪᠠᠲᠤᠯᠠᠨ᠂ ᠲᠠᠷᠢᠶᠠᠯᠠᠩ ᠤ᠋ᠨ ᠮᠠᠱᠢᠨ ᠤ᠋ ᠵᠢᠯᠣᠭᠣᠴᠢᠳ ᠤ᠋ᠨ ᠮᠠᠱᠢᠨ ᠲᠥᠬᠥᠭᠡᠷᠦᠮᠵᠢ ᠵᠢ ᠠᠵᠢᠯᠯᠠᠭᠤᠯᠬᠤ ᠲᠦᠪᠱᠢᠨ ᠪᠠ ᠠᠮᠤᠷ ᠲᠦᠪᠱᠢᠨ ᠤ᠋ ᠤᠬᠠᠮᠰᠠᠷ ᠢ᠋ ᠳᠡᠭᠡᠭ᠌ᠰᠢᠯᠡᠭᠦᠯᠬᠦ᠌ ᠶ᠋ᠢᠨ ᠲᠥᠯᠥᠭᠡ᠂ ᠪᠠᠶᠠᠠᠨᠠᠭᠤᠷ ᠬᠤᠳᠠ ᠵᠢᠨ ᠤᠷᠠᠳ ᠤ᠋ᠨ ᠳᠤᠮᠳᠠᠳᠤ ᠬᠣᠱᠢᠭᠤᠨ ᠤ᠋ ᠲᠠᠷᠢᠶᠠᠯᠠᠩ ᠮᠠᠯ ᠠᠵᠤ ᠠᠬᠤᠶ ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ ᠤ᠋ ᠬᠠᠤᠯᠢ ᠬᠡᠷᠡᠭ᠌ᠵᠢᠭᠦᠯᠬᠦ᠌ ᠶᠡᠬᠡ ᠠᠩᠭᠢ 3 ᠰᠠᠷ᠎ᠠ ᠶ᠋ᠢᠨ ᠳᠤᠮᠳᠠᠴᠢ ᠪᠠᠷ ᠲᠠᠷᠢᠶᠠᠯᠠᠩ ᠤ᠋ᠨ ᠮᠠᠱᠢᠨ ᠤ᠋ ᠵᠢᠯᠣᠭᠣᠴᠢ ᠵᠢᠴᠢ ᠲᠠᠷᠢᠶᠠᠯᠠᠩ ᠤ᠋ᠨ ᠮᠠᠱᠢᠨ ᠤ᠋ ᠠᠶᠤᠯᠭᠦᠢ ᠦᠶ᠋ᠯᠡᠳᠪᠦᠷᠢᠯᠡᠯ ᠤ᠋ᠨ ᠲᠤᠰᠭᠠᠶ ᠰᠡᠳᠦᠪᠲᠦ ᠪᠤᠯᠪᠠᠰᠤᠷᠠᠯ ᠤ᠋ᠨ ᠬᠤᠷᠠᠯ ᠢ᠋ ᠵᠣᠬᠢᠶᠠᠨ ᠪᠠᠢᠭᠤᠯᠤᠨ ᠥᠷᠨᠢᠭᠦᠯᠵᠦ᠍᠂ ᠲᠠᠷᠢᠶᠠᠯᠠᠩ ᠤ᠋ᠨ ᠮᠠᠱᠢᠨ ᠤ᠋ ᠠᠶᠤᠯᠭᠦᠢ ᠠᠵᠢᠯᠯᠠᠬᠤ ᠲᠦᠷᠢᠮ ᠪᠤᠯᠤᠨ ᠡᠳᠦᠷ ᠲᠤᠲᠤᠮ ᠤ᠋ᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ᠂ ᠭᠠᠯ ᠤ᠋ᠨ ᠠᠶᠤᠯ ᠢ᠋ ᠰᠡᠷᠭᠡᠢᠯᠡᠬᠦ᠌ ᠪᠠ ᠡᠨᠳᠡᠯ ᠢ᠋ ᠰᠡᠷᠭᠡᠢᠯᠡᠬᠦ᠌᠂ ᠪᠠᠴᠢᠮ ᠪᠠᠢᠳᠠᠯ ᠢ᠋ ᠠᠷᠭᠠᠴᠠᠭᠠᠨ ᠱᠢᠶ᠋ᠳᠪᠦᠷᠢᠯᠡᠬᠦ᠌ ᠵᠡᠷᠭᠡ ᠠᠭᠤᠯᠭ᠎ᠠ ᠶ᠋ᠢᠨ ᠲᠣᠭᠣᠷᠢᠨ ᠳ᠋ᠦ ᠱᠢᠰᠲ᠋ᠧᠮ ᠲᠡᠶ ᠲᠠᠢᠯᠤᠮᠵᠢ ᠬᠢᠵᠦ᠍᠂ ᠬᠠᠪᠤᠷ ᠤ᠋ᠨ ᠲᠠᠷᠢᠶᠠᠯᠠᠭ᠎ᠠ ᠶ᠋ᠢᠨ ᠮᠠᠱᠢᠨᠴᠢᠯᠠᠯᠲᠠ ᠶ᠋ᠢᠨ ᠠᠵᠢᠯ ᠳ᠋ᠦ ᠪᠠᠲᠤᠯᠠᠭ᠎ᠠ ᠬᠠᠩᠭᠠᠪᠠ᠃

ᠲᠠᠷᠢᠶᠠᠯᠠᠩ ᠤ᠋ᠨ ᠲᠣᠮᠣ ᠣᠷᠣᠨ ᠪᠣᠯᠤᠭ᠍ᠰᠠᠨ ᠤ᠋ ᠬᠤᠪᠢ ᠳ᠋ᠦ᠂ ᠥᠪᠥᠷ ᠮᠣᠩᠭᠣᠯ ᠢᠮᠠᠭ᠍ᠲᠠ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠢ᠋ ᠠᠮᠤ ᠪᠤᠳᠠᠭᠠᠨ ᠤ᠋ ᠠᠮᠤᠷ ᠲᠦᠪᠱᠢᠨ ᠢ᠋ ᠪᠠᠲᠤᠯᠠᠬᠤ ᠭᠤᠤᠯ ᠬᠥᠳᠡᠯᠭᠡᠭᠦᠷ ᠪᠣᠯᠭᠠᠵᠤ᠂ ᠴᠢᠬᠤᠯᠠ ᠶᠡᠬᠡ ᠮᠡᠷᠭᠡᠵᠢᠯ ᠢ᠋ ᠬᠠᠮᠵᠢᠯᠴᠠᠨ ᠳᠡᠯᠭᠡᠷᠡᠭᠦᠯᠬᠦ᠌ ᠲᠣᠭ᠍ᠲᠠᠴᠠ ᠵᠢ ᠪᠠᠢᠭᠤᠯᠤᠨ᠂ ᠪᠥᠬᠥ᠌ ᠶᠠᠪᠤᠴᠠ ᠶ᠋ᠢᠨ ᠮᠡᠷᠭᠡᠵᠢᠯ ᠢ᠋ ᠲᠥᠪᠯᠡᠷᠡᠭᠦᠯᠦᠨ ᠳᠡᠯᠭᠡᠷᠡᠭᠦᠯᠬᠦ᠌ ᠵᠢ ᠬᠦᠴᠦᠯᠡᠨ ᠥᠷᠨᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠦᠭ᠌ᠰᠡᠨ ᠦᠷ᠎ᠡ ᠪᠦᠲᠦᠭᠡᠯ ᠢ᠋ ᠤᠨᠳᠤᠤᠱᠢᠭᠤᠯᠬᠤ ᠵᠢ ᠲᠦᠷᠭᠡᠳᠭᠡᠨ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠦᠶ᠋ᠯᠡᠴᠢᠯᠡᠭᠡᠨ ᠤ᠋ ᠶᠠᠰᠤ ᠴᠢᠨᠠᠷ ᠦᠷ᠎ᠡ ᠪᠦᠲᠦᠮᠵᠢ ᠵᠢ ᠳᠡᠭᠡᠭ᠌ᠰᠢᠯᠡᠭᠦᠯᠤᠨ᠂ 《ᠨᠢᠭᠡ ᠭᠤᠤᠯᠳᠠᠯᠭ᠎ᠠ ᠣᠯᠠᠨ ᠡᠱᠢᠵᠢᠭ᠌ᠰᠡᠨ᠂ ᠬᠠᠮᠵᠢᠯᠴᠠᠨ ᠬᠠᠪᠰᠤᠷᠤᠯᠴᠠᠨ ᠠᠵᠢᠯᠯᠠᠬᠤ》 ᠮᠠᠯ ᠠᠵᠤ ᠠᠬᠤᠶ᠎ᠲᠠᠷᠢᠶᠠᠯᠠᠡᠭ ᠤ᠋ᠨ ᠮᠡᠷᠭᠡᠵᠢᠯ ᠢ᠋ ᠳᠡᠯᠭᠡᠷᠡᠭᠦᠯᠬᠦ᠌ ᠦᠶ᠋ᠯᠡᠴᠢᠯᠡᠭᠡᠨ ᠤ᠋ ᠱᠢᠰᠲ᠋ᠧᠮ ᠢ᠋ ᠠᠬᠢᠭᠤᠯᠤᠨ ᠪᠦᠷᠢᠯᠳᠦᠭᠦᠯᠵᠦ᠍᠂ ᠲᠡᠷᠢᠭᠦᠨ ᠤ᠋ ᠲᠠᠷᠢᠶᠠᠯᠠᠩ ᠤ᠋ᠨ ᠮᠡᠷᠭᠡᠵᠢᠯ ᠢ᠋ ᠲᠠᠷᠢᠶᠠᠨ ᠭᠠᠵᠠᠷ ᠲᠦ᠍ ᠬᠦᠷᠭᠡᠨ᠂ ᠲᠦᠭ ᠲᠦᠮᠡᠨ ᠮᠠᠯᠴᠢᠨ ᠲᠠᠷᠢᠶᠠᠴᠢᠨ ᠳ᠋ᠤ ᠳᠠᠮᠵᠢᠭᠤᠯᠪᠠ᠃

《ᠪᠢᠳᠡ ᠪᠠᠰᠠ ᠨᠢᠭᠡ ᠪᠦᠯᠦᠭ ᠵᠠᠯᠠᠭᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠠᠵᠢᠯᠲᠠᠨ ᠢ᠋ ᠬᠦᠴᠦᠯᠡᠨ ᠬᠥᠮᠦᠵᠢᠭᠦᠯᠵᠦ᠍᠂ ᠵᠠᠯᠠᠭᠤ ᠺᠠᠳ᠋ᠷᠴᠤᠳ ᠤ᠋ᠨ ᠦᠰᠦᠨ ᠪᠤᠢᠵᠢᠯᠲᠠ ᠶ᠋ᠢᠨ ᠬᠡᠷᠡᠭ᠌ᠴᠡᠭᠡ ᠱᠠᠭᠠᠷᠳᠠᠯᠭ᠎ᠠ ᠪᠠ ᠠᠵᠢᠯ ᠤ᠋ᠨ ᠪᠠᠢᠷᠢ ᠶ᠋ᠢᠨ ᠣᠨᠴᠠᠯᠢᠭ ᠲᠦ᠍ ᠴᠢᠭ᠌ᠯᠡᠭᠦᠯᠦᠨ ᠲᠤᠰᠭᠠᠶ ᠮᠡᠷᠭᠡᠵᠢᠯ ᠪᠠ ᠲᠤᠬᠠᠢᠯᠠᠭ᠍ᠰᠠᠨ ᠠᠵᠢᠯ ᠤ᠋ᠨ ᠨᠠᠷᠢᠨ ᠤᠨᠤᠴᠠᠲᠠᠢ ᠪᠤᠯᠪᠠᠰᠤᠷᠠᠯ ᠥᠷᠨᠢᠭᠦᠯᠪᠡ᠃ ᠵᠠᠯᠠᠭᠤ ᠺᠠᠳ᠋ᠷ ᠢ᠋ ᠰᠣᠩᠭᠣᠨ ᠲᠣᠮᠢᠯᠠᠵᠤ ᠦᠨᠳᠦᠰᠦᠨ ᠱᠠᠲᠤᠨ ᠤ᠋ ᠡᠮᠦᠨ᠎ᠡ ᠹᠷᠣᠨᠲ ᠲᠦ᠍ ᠭᠦᠨᠵᠡᠭᠡᠢᠷᠡᠭᠦᠯᠵᠦ ᠳᠠᠪᠲᠠᠨ ᠪᠣᠯᠪᠠᠰᠤᠷᠠᠭᠤᠯᠵᠤ᠂ ᠲᠠᠷᠢᠶᠠᠨ ᠦᠵᠦᠭᠦᠷ ᠲᠦ᠍ ᠤᠴᠢᠭᠤᠯᠵᠤ᠂ ᠲᠡᠵᠢᠭᠡᠪᠦᠷᠢ ᠶ᠋ᠢᠨ ᠬᠠᠱᠢᠶ᠎ᠠ ᠰᠠᠷᠠᠪᠴᠢᠨ ᠳ᠋ᠦ ᠤᠷᠤᠭᠤᠯᠵᠤ᠂ ᠰᠠᠨᠠᠭᠠᠴᠢᠯᠠᠭ᠎ᠠ ᠡᠴᠡ ᠪᠠᠨ ᠣᠯᠠᠨ ᠲᠦᠮᠡᠨ ᠢ᠋ ᠪᠠᠭ᠍ᠰᠢ ᠪᠠᠷᠢᠵᠤ᠂ ᠦᠶ᠋ᠯᠡᠳᠦᠯᠭᠡ ᠶ᠋ᠢᠨ ᠳᠤᠮᠳᠠ ᠡᠴᠡ ᠪᠤᠳᠠᠳᠠᠢ ᠮᠡᠷᠭᠡᠵᠢᠯ ᠤᠯᠵᠤ ᠰᠤᠷᠬᠤ ᠵᠢ ᠠᠬᠢᠭᠤᠯᠪᠠ》 ᠭᠡᠵᠦ᠍ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠢ ᠶ᠋ᠢᠨ ᠮᠡᠷᠭᠡᠵᠢᠯ ᠢ᠋ ᠳᠡᠯᠭᠡᠷᠡᠭᠦᠯᠬᠦ᠌ ᠲᠥᠪ ᠤ᠋ᠨ ᠡᠷᠬᠢᠯᠡᠭ᠌ᠴᠢ ᠬᠤ᠌ ᠶᠢᠦ ᠯᠢᠨ ᠶᠠᠷᠢᠵᠤ ᠪᠠᠢᠯ᠎ᠠ᠃

ᠲᠠᠪᠴᠠᠩ ᠪᠠᠢᠭᠤᠯᠵᠤ ᠵᠢᠱ᠌ᠢᠶ᠎ᠡ ᠦᠵᠡᠭᠦᠯᠦᠨ᠎ᠡ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠤ᠋ᠨ ᠷᠠᠳᠢᠣ᠋ ᠲᠧᠯᠸᠢᠰ ᠤ᠋ᠨ ᠰᠤᠷᠭᠠᠭᠤᠯᠢ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ ᠭᠤᠷᠪᠠᠨ ᠱᠠᠲᠤᠨ ᠤ᠋ ᠪᠣᠯᠪᠠᠰᠤᠷᠠᠯ ᠤ᠋ᠨ ᠲᠣᠭ᠍ᠲᠠᠴᠠ ᠵᠢ ᠪᠠᠢᠭᠤᠯᠵᠤ᠂ 《ᠠᠮᠤ ᠲᠤᠰᠤᠨ ᠤ᠋ ᠲᠠᠷᠢᠮᠠᠯ ᠢ᠋ ᠲᠣᠭ᠍ᠲᠠᠪᠤᠷᠢᠵᠢᠭᠤᠯᠬᠤ᠂ ᠬᠠᠩᠭᠠᠯᠭ᠎ᠠ ᠵᠢ ᠪᠠᠲᠤᠯᠠᠬᠤ᠂ ᠡᠶ᠎ᠡ ᠵᠤᠭᠢᠴᠠᠨᠭᠭᠤᠢ ᠵᠢ ᠠᠬᠢᠭᠤᠯᠬᠤ᠂ ᠲᠦᠭ᠌ᠰᠢᠭᠦᠷᠢ ᠵᠢ ᠰᠡᠷᠭᠡᠢᠯᠡᠬᠦ᠌》 ᠭᠤᠤᠯᠳᠠᠯᠭ᠎ᠠ ᠲᠠᠢ ᠨᠢᠭᠲᠠ ᠤᠶᠠᠯᠳᠤᠭᠤᠯᠤᠨ᠂ ᠡᠷᠳᠡᠨᠢ ᠱᠢᠰᠢ᠂ ᠱᠢᠷ᠎ᠠ ᠪᠤᠷᠴᠠᠭ ᠵᠡᠷᠭᠡ ᠭᠤᠤᠯ ᠪᠣᠯᠬᠤ ᠠᠮᠤ ᠲᠣᠰᠣᠨ ᠤ᠋ ᠲᠠᠷᠢᠮᠠᠯ ᠪᠠ ᠲᠥᠮᠥᠰᠥ᠍᠂ ᠱᠢᠬᠢᠷ ᠯᠤᠤᠪᠠᠩ ᠵᠡᠷᠭᠡ ᠣᠨᠴᠠᠯᠢᠭ᠍ᠲᠤ ᠲᠠᠷᠢᠮᠠᠯ ᠳ᠋ᠦ ᠠᠡᠭᠬᠠᠷᠤᠯ ᠶ᠋ᠢᠡᠨ ᠲᠦᠪᠯᠡᠷᠡᠭᠦᠯᠦᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠶ᠋ᠢᠡᠷ ᠭᠠᠷᠳᠠᠴᠠ ᠪᠣᠯᠭᠠᠨ᠂ ᠨᠠᠷᠢᠨ ᠣᠨᠣᠴᠠᠲᠠᠶ ᠦᠶ᠋ᠯᠡᠴᠢᠯᠡᠬᠦ᠌ ᠪᠡᠷ ᠤᠳᠤᠷᠢᠳᠤᠮᠵᠢ ᠪᠤᠯᠭᠠᠵᠤ᠂ 2026 ᠣᠨ ᠤ᠋ ᠡᠪᠦᠯ ᠬᠠᠪᠤᠷ ᠤ᠋ᠨ ᠲᠠᠷᠢᠶᠠᠴᠢᠳ ᠤ᠋ᠨ ᠶᠡᠬᠡ ᠪᠣᠯᠪᠠᠰᠤᠷᠠᠯ ᠢ᠋ ᠱᠢᠨ᠎ᠡ ᠵᠢ ᠡᠭᠦᠳᠦᠨ ᠦᠷᠨᠢᠭᠦᠯᠵᠦ᠂ ᠣᠯᠠᠨ ᠬᠡᠯᠪᠡᠷᠢ ᠶ᠋ᠢᠨ᠂ ᠤᠯᠡᠠ ᠲᠡᠰ ᠳᠠᠪᠬᠤᠷᠭ᠎ᠠ ᠶ᠋ᠢᠨ᠂ ᠪᠦᠬᠦᠨ ᠢ᠋ ᠬᠠᠮᠤᠷᠤᠭ᠍ᠰᠠᠨ ᠪᠣᠯᠪᠠᠰᠤᠷᠠᠯ ᠤ᠋ᠨ ᠦᠶ᠋ᠯᠡᠴᠢᠯᠡᠭᠡ ᠪᠡᠷ ᠳᠠᠮᠵᠢᠨ ᠲᠡᠷᠢᠭᠦᠨ ᠤ᠋ ᠮᠡᠷᠭᠡᠵᠢᠯ ᠪᠣᠯᠤᠨ ᠱᠢᠯᠢᠳᠡᠭ ᠦᠶ᠋ᠯᠡᠴᠢᠯᠡᠭᠡ ᠵᠢ ᠴᠠᠭ ᠲᠤᠬᠠᠶ ᠳ᠋ᠤᠨᠢ ᠲᠠᠷᠢᠶᠠᠨ ᠭᠠᠵᠠᠷ ᠲᠦ᠍ ᠬᠦᠷᠭᠡᠵᠦ᠂ ᠲᠠᠷᠢᠶᠠᠯᠠᠬᠤ ᠴᠠᠭ ᠢ᠋ ᠠᠮᠵᠢᠨ ᠬᠠᠪᠤᠷ ᠤ᠋ᠨ ᠲᠠᠷᠢᠶᠠᠯᠠᠭ᠎ᠠ ᠳ᠋ᠦ ᠪᠡᠯᠡᠳᠭᠡᠯ ᠬᠢᠬᠦ ᠵᠢ ᠳᠡᠮᠵᠢᠵᠦ᠂ ᠡᠯᠪᠡᠭ ᠬᠤᠷᠢᠶᠠᠯᠲᠠ ᠶ᠋ᠢᠨ ᠰᠠᠭᠤᠷᠢ ᠵᠢ ᠪᠦᠬᠦ ᠬᠦᠴᠦᠨ ᠶ᠋ᠢᠡᠷ ᠶ᠋ᠢᠡᠨ ᠪᠠᠲᠤᠯᠠᠪᠠ᠃

《ᠥᠪᠥᠷ ᠮᠣᠩᠭᠣᠯ ᠤ᠋ᠨ ᠮᠠᠯ ᠠᠵᠤ ᠠᠬᠤᠢ ᠲᠠᠷᠢᠶᠠᠯᠠᠩ ᠤ᠋ᠨ ᠱᠢᠨ᠎ᠡ ᠵᠢ ᠡᠭᠦᠳᠬᠦ᠌》 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ 110 ᠦᠶ᠋ᠯᠡᠴᠢᠯᠡᠭᠡᠨ ᠤ᠋ ᠵᠠᠭ᠍ᠪᠤᠷ ᠴᠤ᠌ ᠦᠢᠯᠡᠳᠤᠯ ᠵᠢᠡᠨ ᠪᠠᠳᠠᠷᠠᠭᠤᠯᠵᠤ ᠪᠠᠢᠨ᠎ᠠ᠃ ᠲᠣᠰ ᠵᠠᠭ᠍ᠪᠤᠷ ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠶ᠋ᠢᠡᠷ ᠮᠠᠯᠴᠢᠨ ᠲᠠᠷᠢᠶᠠᠴᠢᠨ ᠳ᠋ᠦ ᠦᠶ᠋ᠯᠡᠴᠢᠯᠡᠬᠦ᠌ ᠪᠡᠷ ᠵᠣᠷᠢᠯᠲᠠ ᠪᠣᠯᠭᠠᠨ᠂ ᠵᠠᠰᠠᠭ ᠤ᠋ᠨ ᠣᠷᠳᠣᠨ ᠡᠴᠡ ᠲᠠᠪᠴᠠᠩ ᠬᠠᠡᠭᠭᠠᠬᠤ᠂ ᠣᠯᠠᠨ ᠲᠠᠯ᠎ᠠ ᠶ᠋ᠢᠨ ᠬᠢᠨ ᠣᠷᠣᠯᠴᠠᠬᠤ ᠠᠵᠢᠯᠯᠠᠭᠠᠨ ᠤ᠋ ᠠᠷᠭ᠎ᠠ ᠬᠡᠯᠪᠡᠷᠢ ᠪᠡᠷ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠬᠢᠭᠡᠳ ᠮᠠᠯᠴᠢᠨ ᠲᠠᠷᠢᠶᠠᠴᠢᠨ ᠤ᠋ ᠬᠣᠭᠣᠷᠣᠨᠳᠣᠬᠢ 《ᠡᠴᠦᠰ ᠤ᠋ᠨ ᠨᠢᠭᠡ ᠺᠢᠯᠤᠮᠸᠲ᠋ᠷ》 ᠢ᠋ ᠨᠡᠪᠲᠡᠷᠡᠭᠦᠯᠪᠡ᠃ ᠮᠠᠯᠴᠢᠨ ᠲᠠᠷᠢᠶᠠᠴᠢᠨ 《ᠥᠪᠥᠷ ᠮᠣᠩᠭᠣᠯ ᠤ᠋ᠨ ᠮᠠᠯ ᠠᠵᠤ ᠠᠬᠤᠢ ᠲᠠᠷᠢᠶᠠᠯᠠᠩ ᠤ᠋ᠨ ᠱᠢᠨ᠎ᠡ ᠵᠢ ᠡᠭᠦᠳᠬᠦ᠌》 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ 110 ᠦᠶ᠋ᠯᠡᠴᠢᠯᠡᠭᠡᠨ ᠤ᠋ ᠬᠠᠯᠠᠮᠱᠢᠯ ᠤᠲᠠᠰᠤ ᠵᠢ ᠵᠠᠯᠭᠠᠪᠠᠯ ᠲᠠᠷᠢᠶ᠎ᠠ ᠳᠠᠷᠢᠬᠤ᠂ ᠡᠪᠡᠳᠴᠢᠨ ᠬᠣᠷᠣᠬᠠᠶ ᠶ᠋ᠢᠨ ᠬᠥᠨᠥᠭᠡᠯ ᠢ᠋ ᠰᠡᠷᠭᠡᠢᠯᠡᠨ ᠵᠠᠰᠠᠬᠤ᠂ ᠮᠠᠯ ᠤᠨᠤᠭ᠎ᠠ ᠵᠢ ᠲᠡᠵᠢᠭᠡᠨ ᠦᠷᠡᠵᠢᠭᠦᠯᠬᠦ᠌᠂ ᠲᠠᠷᠢᠶᠠᠯᠠᠩ ᠤ᠋ᠨ ᠮᠠᠱᠢᠨ ᠲᠦᠬᠦᠬᠡᠷᠦᠮᠵᠢ ᠵᠢ ᠬᠡᠷᠡᠭ᠌ᠯᠡᠬᠦ᠌ ᠵᠡᠷᠭᠡ ᠲᠠᠯ᠎ᠠ ᠶ᠋ᠢᠨ ᠲᠤᠰᠭᠠᠶ ᠮᠡᠷᠭᠡᠵᠢᠯ ᠤ᠋ᠨ ᠳᠡᠮᠵᠢᠯᠭᠡ ᠵᠢ ᠬᠦᠷᠲᠡᠵᠦ ᠪᠣᠯᠤᠨ᠎ᠠ᠃ ᠣᠢᠯᠠᠭᠠᠭ᠍ᠰᠠᠨ ᠶ᠋ᠢᠡᠷ᠂ ᠤᠳᠤ ᠬᠠᠯᠠᠮᠰᠢᠯ ᠤᠲᠠᠰᠤᠨ ᠤ᠋ ᠲᠠᠪᠴᠠᠩ ᠨᠢ ᠲᠠᠷᠢᠶ᠎ᠠ ᠲᠦᠮᠦᠰᠤ᠂ ᠮᠠᠯ ᠠᠵᠤ ᠠᠬᠤᠶ᠂ ᠤᠰᠤᠨ ᠭᠠᠷᠤᠯᠲᠠ᠂ ᠲᠠᠷᠢᠶᠠᠯᠠᠩ ᠤ᠋ᠨ ᠮᠠᠱᠢᠨ ᠵᠡᠷᠭᠡ ᠣᠯᠠᠨ ᠲᠤᠰᠭᠠᠶ ᠮᠡᠷᠭᠡᠵᠢᠯ ᠢ᠋ ᠬᠠᠮᠤᠷᠴᠤ᠌᠂ ᠮᠠᠯᠴᠢᠨ ᠲᠠᠷᠢᠶᠠᠴᠢᠨ ᠤ᠋ ᠠᠰᠠᠭᠤᠳᠠᠯ ᠢ᠋ 《ᠰᠢᠢᠳᠪᠦᠷᠢᠯᠡᠬᠦ ᠬᠥᠮᠦᠨ ᠲᠡᠶ᠂ ᠣᠨᠣᠪᠴᠢᠲᠠᠶ ᠬᠠᠷᠢᠭᠤᠯᠲᠠ ᠦᠭᠬᠦ ᠬᠦᠮᠦᠨ ᠲᠠᠢ᠂ ᠲᠦᠷᠭᠡᠨ ᠱᠢᠶ᠋ᠳᠪᠦᠷᠢᠯᠡᠵᠤ ᠳᠡᠢᠯᠬᠦ》  ᠵᠢ ᠦᠨᠡᠨ ᠬᠦ᠌ ᠪᠠᠲᠤᠯᠠᠵᠤ ᠪᠠᠢᠨ᠎ᠠ᠃

ᠪᠣᠯᠪᠠᠰᠤᠷᠠᠯ ᠶ᠋ᠢᠡᠷ 《ᠴᠠᠬᠢᠯᠭᠠᠨ ᠴᠡᠨᠡᠭᠯᠡᠨ ᠡᠨ᠋ᠸᠷᠬᠢ ᠤᠯᠭᠤᠵᠤ》᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠶ᠋ᠢᠡᠷ ᠲᠠᠷᠢᠶᠠᠯᠠᠩ ᠢ᠋ ᠬᠥᠭ᠌ᠵᠢᠭᠦᠯᠦᠨ᠎ᠡ᠃ ᠥᠪᠥᠷ ᠮᠣᠩᠭᠣᠯ ᠠᠮᠤ ᠪᠤᠳᠠᠭᠠᠨ ᠤ᠋ ᠠᠮᠤᠷ ᠲᠦᠪᠱᠢᠨ ᠤ᠋ ᠬᠣᠷᠢᠭ᠎ᠠ ᠱᠤᠭᠤᠮ ᠳ᠋ᠦ ᠰᠠᠭᠤᠷᠢᠯᠠᠨ᠂ ᠲᠠᠷᠢᠶᠠᠯᠠᠩ ᠤ᠋ᠨ ᠮᠡᠷᠭᠡᠵᠢᠯ ᠢ᠋ ᠳᠡᠯᠭᠡᠷᠡᠭᠦᠯᠬᠦ᠌ ᠵᠢ ᠲᠠᠷᠢᠶᠠᠯᠠᠩ ᠤ᠋ᠨ ᠦᠶ᠋ᠯᠡᠳᠪᠦᠷᠢᠯᠡᠯ ᠤ᠋ᠨ ᠳᠠᠯᠳᠠ ᠬᠦᠴᠦᠨ ᠢ᠋ ᠬᠥᠭ᠌ᠵᠢᠭᠡᠬᠦ᠌ ᠵᠠᠩᠭᠢᠯᠠᠭ᠎ᠠ ᠶ᠋ᠢᠨ ᠠᠷᠭ᠎ᠠ ᠬᠡᠮᠵᠢᠶ᠎ᠡ ᠪᠣᠯᠭᠠᠵᠤ᠂ ᠲᠡᠷᠢᠭᠦᠨ ᠤ᠋ ᠵᠠᠭ᠍ᠪᠤᠷ ᠢ᠋ ᠳ᠋ᠦᠩᠨᠡᠨ᠂ ᠵᠢᠱ᠌ᠢᠶ᠎ᠡ ᠦᠵᠡᠭᠦᠯᠬᠦ᠌ ᠨᠡᠢᠲᠡᠯᠢᠭ ᠵᠢᠱ᠌ᠢᠶ᠎ᠡ ᠵᠢ ᠰᠣᠩᠭᠣᠨ ᠪᠣᠶ ᠪᠣᠯᠭᠠᠵᠤ᠂ ᠲᠠᠷᠢᠶᠠᠨ ᠭᠠᠵᠠᠷ ᠤ᠋ᠨ ᠮᠡᠷᠭᠡᠵᠢᠯ ᠤ᠋ᠨ ᠵᠢᠯᠣᠭᠣᠳᠣᠯᠭ᠎ᠠ ᠵᠢ ᠪᠠᠢᠩᠭᠤᠵᠢᠭᠤᠯᠤᠨ ᠥᠷᠨᠢᠭᠦᠯᠵᠦ᠍᠂ ᠲᠡᠷᠢᠭᠦᠨ ᠤ᠋ ᠲᠠᠷᠢᠶᠠᠯᠠᠩ ᠤ᠋ᠨ ᠮᠡᠷᠭᠡᠵᠢᠯ ᠢ᠋ ᠦᠨᠡᠨ ᠬᠦ᠌ ᠲᠠᠷᠢᠶᠠᠨ ᠭᠠᠵᠠᠷ ᠲᠦ᠍ ᠣᠷᠣᠭᠤᠯᠤᠨ᠂ ᠦᠶ᠋ᠯᠡᠳᠪᠦᠷᠢᠯᠡᠯ ᠤ᠋ᠨ ᠨᠢᠭᠡᠳᠦᠭᠡᠷ ᠹᠷᠣᠨᠲ ᠲᠦ᠍ ᠨᠠᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠢ᠋ ᠬᠦᠲᠦᠯᠦᠨ ᠵᠢᠯᠣᠭᠣᠳᠭᠤ᠂ ᠮᠠᠯ ᠠᠵᠤ ᠠᠬᠤᠶ ᠲᠠᠷᠢᠶᠠᠯᠠᠡᠭ ᠳ᠋ᠦ ᠦᠶ᠋ᠯᠡᠴᠢᠯᠡᠬᠦ᠌ ᠪᠡᠷ ᠳᠠᠮᠵᠢᠨ ᠠᠮᠤ ᠪᠤᠳᠠᠭᠠᠨ ᠤ᠋ ᠡᠯᠪᠡᠭ ᠬᠤᠷᠢᠶᠠᠯᠲᠠ ᠪᠠ ᠲᠣᠭ᠍ᠲᠠᠭᠤᠨ ᠬᠤᠷᠢᠶᠠᠯᠲᠠ ᠵᠢ ᠪᠠᠲᠤᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号