ᠥᠪᠡᠷᠲᠡᠭᠡᠨ ᠵᠠᠰᠠᠬᠤ ᠣᠷᠣᠨ ᠬᠠᠩᠰᠢ᠎ᠶ᠋ᠢᠨ ᠠᠮᠠᠷᠠᠯᠲᠠ᠎ᠶ᠋ᠢᠨ ᠡᠮᠦᠨ᠎ᠠ ᠬᠤᠢᠨᠠᠬᠢ ᠠᠶᠤᠯᠬᠦᠢ ᠦᠶ᠋ᠯᠡᠳᠪᠦᠷᠢᠯᠡᠯ ᠣᠶ ᠱᠢᠭᠤᠶ ᠨᠤᠲᠤᠭ ᠪᠡᠯᠴᠢᠭᠡᠷ᠎ᠦᠨ ᠲᠦᠶ᠋ᠮᠡᠷ᠎ᠢ ᠰᠡᠷᠭᠡᠢᠯᠡᠨ ᠤᠨᠲᠠᠷᠠᠭᠠᠬᠤ ᠪᠠ ᠭᠠᠵᠠᠷ ᠬᠥᠳᠡᠯᠦᠯᠲᠡ᠎ᠶ᠋ᠢᠨ ᠭᠠᠮᠱᠢᠭ᠎ᠢ ᠰᠡᠷᠭᠡᠢᠯᠡᠬᠦ᠌ ᠠᠵᠢᠯ᠎ᠤᠨ ᠸᠢᠳᠢᠣ᠋ ᠬᠤᠷᠠᠯ ᠬᠤᠷᠠᠯᠳᠤᠭᠤᠯᠪᠠ
2026-04-05 11:25:56
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

ᠬᠤᠸᠠᠩ ᡁᠢ ᠴᠢᠶᠠᠩ ᠶᠠᠷᠢᠶ᠎ᠠ ᠲᠠᠯᠪᠢᠵᠤ ᠲᠠᠢᠴᠢᠨ ᠬᠤᠷᠠᠯ ᠎ᠳᠤ ᠣᠷᠣᠯᠴᠠᠵᠠᠢ


4 ᠰᠠᠷ᠎ᠠ᠎ᠶ᠋ᠢᠨ 2 ᠤ᠋ᠨ ᠡᠳᠦᠷ᠂ ᠪᠦᠬᠦ᠌ ᠣᠷᠣᠨ᠎ᠤ ᠬᠠᠩᠰᠢ᠎ᠶ᠋ᠢᠨ ᠠᠮᠠᠷᠠᠯᠲᠠ᠎ᠶ᠋ᠢᠨ ᠡᠮᠦᠨ᠎ᠠ ᠬᠤᠢᠨᠠᠬᠢ ᠠᠶᠤᠯᠭᠦᠢ ᠦᠢᠯᠡᠳᠪᠦᠷᠢᠯᠡᠯ᠂ ᠤᠢ ᠱᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ ᠤᠨᠲᠠᠷᠠᠭᠠᠬᠤ ᠪᠠ ᠭᠠᠵᠠᠷ ᠬᠥᠳᠡᠯᠦᠯᠲᠡ᠎ᠶ᠋ᠢᠨ ᠭᠠᠮᠱᠢᠭ᠎ᠢ ᠰᠡᠷᠭᠡᠢᠯᠡᠬᠦ᠌ ᠠᠵᠢᠯ᠎ᠤᠨ ᠸᠢᠳᠢᠣ᠋ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠬᠤᠸᠠᠩ ᡁᠢ ᠴᠢᠶᠠᠩ ᠬᠤᠷᠠᠯ ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠳᠠᠢᠴᠢᠨ ᠬᠤᠷᠠᠯ᠎ᠳᠤ ᠣᠷᠣᠯᠴᠠᠵᠠᠶ᠃

ᠬᠤᠸᠠᠩ ᡁᠢ ᠴᠢᠶᠠᠩ᠂ ᠣᠳᠣᠬᠠᠨ ᠎ᠳᠤ ᠪᠦᠬᠦ᠌ ᠣᠷᠣᠨ ᠎ᠤ ᠠᠶᠤᠯᠭᠦᠢ ᠦᠢᠯᠡᠳᠪᠦᠷᠢᠯᠡᠯ ᠎ᠦᠨ ᠪᠠᠢᠳᠠᠯ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠪᠠᠢᠨ᠎ᠠ᠂ ᠡᠨᠳᠡᠯ ᠎ᠦᠨ ᠰᠤᠷᠭᠠᠮᠵᠢ᠎ᠡᠴᠡ ᠦᠨᠡᠨ ᠬᠦ᠌ ᠰᠡᠷᠡᠮᠵᠢ ᠠᠪᠴᠤ᠂ ᠵᠠᠮ ᠬᠠᠷᠢᠯᠴᠠᠭ᠎ᠠ᠂ ᠠᠶᠤᠯᠳᠠᠢ ᠬᠢᠮᠢ᠎ᠶ᠋ᠢᠨ ᠪᠣᠳᠠᠰ᠂ ᠭᠠᠳᠠᠭ᠍ᠰᠢ ᠳᠠᠭᠠᠭᠠᠴᠢᠯᠠᠭᠤᠯᠬᠤ ᠠᠵᠢᠯ ᠵᠡᠷᠭᠡ᠎ᠶ᠋ᠢ ᠲᠤᠰᠭᠠᠢ ᠴᠡᠭ᠌ᠴᠡᠯᠡᠨ ᠵᠠᠰᠠᠬᠤ ᠪᠠ ᠠᠭᠤᠷᠬᠠᠢ᠎ᠶ᠋ᠢᠨ ᠭᠠᠮᠱᠢᠭ᠎ᠢ ᠤᠷᠢᠳᠴᠢᠯᠠᠨ ᠵᠠᠰᠠᠬᠤ᠎ᠶ᠋ᠢ ᠳᠠᠷᠤᠢ ᠲᠦᠷᠭᠡᠨ ᠥᠷᠨᠢᠭᠦᠯᠵᠦ᠍᠂ ᠬᠥᠮᠦᠨ ᠬᠠᠷ᠎ᠠ ᠲᠥᠪᠯᠡᠷᠡᠭ᠌ᠰᠡᠨ ᠲᠠᠯᠠᠪᠤᠷ᠎ᠤᠨ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠨᠠᠷᠢᠨ ᠨᠢᠭ᠍ᠲᠠ ᠰᠡᠷᠭᠡᠢᠯᠡᠵᠦ᠍᠂ ᠠᠵᠤ ᠠᠬᠤᠢᠯᠠᠯ᠎ᠤᠨ ᠠᠵᠢᠯ᠎ᠢᠶᠠᠨ ᠰᠡᠷᠭᠦᠭᠡᠵᠦ᠍ ᠦᠢᠯᠡᠳᠪᠦᠷᠢᠯᠡᠯ᠎ᠢᠶᠡᠨ ᠰᠡᠷᠭᠦᠭᠡᠬᠦ᠌ ᠠᠮᠤᠷ ᠲᠦᠪᠱᠢᠨ᠎ᠦ ᠪᠣᠭᠣᠮᠲᠠ᠎ᠶ᠋ᠢ ᠴᠢᠩᠭ᠎ᠠ ᠰᠠᠬᠢᠵᠤ᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠪᠦᠬᠦ᠌ ᠬᠦᠴᠦ᠍᠎ᠪᠡᠷ᠎ᠢᠶᠡᠨ ᠬᠣᠷᠢᠭ᠍ᠯᠠᠵᠤ᠂ ᠬᠠᠮᠤᠭ᠎ᠤᠨ ᠶᠡᠬᠡ ᠴᠢᠷᠮᠠᠢᠯᠭ᠎ᠠ᠎ᠪᠠᠷ ᠡᠩ᠎ᠦᠨ ᠴᠢᠨᠠᠷᠲᠠᠢ ᠡᠨᠳᠡᠯ᠎ᠢ ᠪᠠᠭᠠᠰᠭᠠᠬᠤ ᠬᠡᠷᠡᠭ᠌ᠲᠡᠢ᠃ ᠬᠠᠩᠰᠢ ᠎ᠶ᠋ᠢᠨ ᠡᠳᠦᠷ᠂ ᠲᠠᠪᠤᠨ ᠰᠠᠷ᠎ᠠ᠎ᠶ᠋ᠢᠨ ᠨᠢᠭᠡᠨ ᠵᠡᠷᠭᠡ ᠭᠤᠤᠯᠳᠠᠯᠭ᠎ᠠ᠎ᠲᠠᠶ ᠴᠠᠭ ᠬᠤᠭᠤᠴᠠᠭ᠎ᠠ᠎ᠶ᠋ᠢ ᠴᠢᠩᠭ᠎ᠠ ᠠᠩᠬᠠᠷᠴᠤ᠌᠂ ᠣᠶ ᠱᠢᠭᠤᠶ ᠨᠤᠲᠤᠭ ᠪᠡᠯᠴᠢᠭᠡᠷ᠎ᠦᠨ ᠲᠦᠶ᠋ᠮᠡᠷ᠎ᠢ ᠰᠡᠷᠭᠡᠢᠯᠡᠨ ᠤᠨᠲᠠᠷᠠᠭᠠᠬᠤ 《ᠬᠠᠮ ᠠᠷᠭ᠎ᠠ ᠭᠡᠮᠵᠢᠶ᠎ᠠ》 ᠶ᠋ᠢ ᠰᠠᠢᠲᠤᠷ ᠬᠡᠷᠡᠭ᠌ᠵᠢᠭᠦᠯᠵᠦ᠍᠂ ᠠᠭᠤᠯᠠ᠎ᠶ᠋ᠢ ᠪᠠᠲᠤ ᠰᠠᠬᠢᠨ᠂ ᠬᠥᠮᠦᠨ᠎ᠢ ᠰᠠᠢᠳᠤᠷ ᠠᠨᠭᠬᠠᠷᠴᠤ᠂ ᠭᠠᠯ ᠢ᠋ ᠴᠢᠩᠭ᠎ᠠ ᠬᠠᠮᠢᠶᠠᠷᠴᠤ᠌᠂ ᠡᠷᠲᠡ ᠰᠡᠷᠭᠡᠢᠯᠡᠵᠦ᠍ ᠪᠠᠭ᠎ᠠ ᠲᠡᠭᠡᠷ᠎ᠠ ᠨᠢ ᠰᠡᠷᠭᠡᠢᠯᠡᠵᠤ ᠲᠤᠭᠤᠰᠢᠳᠠᠢ ᠰᠡᠷᠭᠡᠢᠯᠡᠬᠦ᠎ᠶ᠋ᠢ ᠦᠨᠡᠨ ᠬᠦ᠌ ᠪᠡᠶᠡᠯᠡᠭᠦᠯᠬᠦ᠌ ᠬᠡᠷᠡᠭ᠌ᠲᠡᠶ᠃ ᠭᠠᠵᠠᠷ ᠬᠥᠳᠡᠯᠦᠯᠲᠡ᠎ᠶ᠋ᠢᠨ ᠪᠠᠢᠳᠠᠯ ᠎ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠎ᠶ᠋ᠢ ᠴᠢᠩᠭᠠᠳᠭᠠᠵᠤ᠂ ᠠᠶᠤᠯ ᠲᠦᠭ᠌ᠰᠢᠭᠦᠷᠢ᠎ᠶ᠋ᠢ ᠵᠢᠭ᠍ᠰᠠᠭᠠᠨ ᠪᠠᠢᠴᠠᠭᠠᠵᠤ ᠵᠠᠰᠠᠬᠤ᠎ᠶ᠋ᠢ ᠠᠬᠢᠭᠤᠯᠵᠤ᠂ ᠪᠠᠴᠢᠮ ᠪᠠᠢᠳᠠᠯ᠎ᠢ ᠠᠷᠭᠠᠴᠠᠭᠠᠨ ᠱᠢᠢᠳᠪᠦᠷᠢᠯᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠭᠠᠵᠠᠷ ᠬᠥᠳᠡᠯᠦᠯᠲᠡ᠎ᠶ᠋ᠢᠨ ᠭᠠᠮᠱᠢᠭ᠎ᠢ ᠰᠡᠷᠭᠡᠢᠯᠡᠨ ᠠᠷᠭᠠᠴᠠᠭᠠᠬᠤ ᠠᠵᠢᠯ᠎ᠢ ᠯᠠᠪᠳᠠᠭᠤᠨ ᠡᠮᠬᠢ ᠵᠢᠷᠤᠮ᠎ᠲᠠᠶ ᠰᠠᠢᠲᠤᠷ ᠬᠢᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号