ᠬᠠᠩᠰᠢ᠎ᠶ᠋ᠢᠨ ᠡᠳᠦᠷ᠎ᠤᠨ ᠬᠠᠮᠤᠬ᠎ᠤᠨ ᠬᠦᠨ ᠰᠠᠨᠠᠭᠠᠯᠵᠠᠯ
2026-04-05 10:53:38
ᠵᠣᠬᠢᠶᠠᠭ᠍ᠴᠢ᠄
ᠯᠢ ᠬᠤᠢ ᠹᠠᠩ
ᠣᠩᠱᠢᠭ᠍ᠰᠠᠨ ᠣᠳᠠᠭ᠎ᠠ᠄
★★★☆☆

ᠪᠠᠰᠠ ᠨᠢᠭᠡ ᠬᠠᠪᠤᠷ ᠰᠠᠭᠠᠳᠠᠵᠤ ᠡᠪᠡᠰᠦ ᠮᠤᠳᠤ ᠬᠦᠬᠡᠷᠡᠨ ᠨᠣᠭᠣᠭᠠᠷᠠᠵᠤ᠂ ᠠᠯᠢᠮᠠᠨ ᠴᠡᠴᠡᠭ ᠳᠡᠯᠭᠡᠷᠡᠵᠦ ᠬᠠᠩᠰᠢ᠎ᠶ᠋ᠢᠨ ᠡᠳᠦᠷ ᠪᠤᠯᠪᠠ᠃ 4 ᠰᠠᠷ᠎ᠠ᠎ᠶ᠋ᠢᠨ 2 ᠎ᠤ᠋ᠨ ᠡᠳᠦᠷ᠂ ᠤᠯᠠᠭᠠᠨᠬᠠᠳᠠ ᠬᠣᠲᠠ᠎ᠶ᠋ᠢᠨ ᠵᠣᠣ ᠤᠳᠠ ᠳᠤᠮᠳᠠᠳᠤ ᠰᠤᠷᠭᠠᠭᠤᠯᠢ᠎ᠶ᠋ᠢᠨ ᠮᠢᠩᠭ᠎ᠠ ᠱᠢᠬᠠᠮ ᠪᠠᠭ᠍ᠰᠢ ᠰᠣᠷᠣᠭ᠍ᠴᠢ ᠪᠣᠯᠤᠨ ᠬᠡᠷ᠎ᠦᠨ ᠠᠬᠠᠮᠠᠳ 8 ᠴᠠᠭ ᠵᠠᠷᠤᠴᠠᠭᠤᠯᠤᠨ 24 ᠺᠢᠯᠣᠮᠧᠲ᠋ᠷ ᠶᠠᠪᠠᠭᠠᠨ ᠠᠶᠠᠯᠠᠵᠤ᠂ ᠤᠯᠠᠭᠠᠨᠬᠠᠳᠠ᠎ᠶ᠋ᠢᠨ ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠳᠤ ᠬᠦᠷᠴᠦ᠍ ᠲᠠᠬᠢᠯᠭ᠎ᠠ ᠬᠢᠪᠠ᠃ ᠲᠡᠳᠡ ᠢᠳᠡᠷᠡᠬᠦᠨ ᠠᠯᠬᠤᠭ᠎ᠠ᠎ᠪᠠᠷ ᠦᠷᠡᠭᠳᠡᠭᠰᠡᠨ ᠪᠠᠭᠠᠳᠤᠷᠴᠤᠳ ᠲᠠᠭᠠᠨ ᠬᠦᠨᠳᠦᠳᠭᠡᠯ ᠳᠡᠪᠰᠢᠬᠦᠯᠵᠦ᠂ ᠪᠣᠳᠠᠲᠤ ᠠᠵᠢᠯᠯᠠᠭ᠎ᠠ᠎ᠪᠠᠷ᠎ᠢᠶᠠᠨ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠪᠠ᠃

ᠬᠠᠩᠰᠢ  ᠪᠣᠯ 24 ᠴᠠᠭ ᠤᠯᠠᠷᠢᠯ᠎ᠤᠨ ᠨᠢᠭᠡ ᠪᠣᠯᠬᠤ ᠪᠥᠭᠡᠳ ᠪᠠᠰᠠ ᠴᠤ᠌ ᠳᠤᠮᠳᠠᠳᠤ᠎ᠶ᠋ᠢᠨ ᠦᠨᠳᠦᠰᠦᠲᠡᠨ᠎ᠦ ᠥᠨᠢ ᠤᠳᠠᠭᠠᠨ ᠤᠯᠠᠮᠵᠢᠯᠠᠯ᠎ᠲᠠᠶ ᠳᠤᠷᠠᠰᠬᠠᠯ᠎ᠤᠨ ᠡᠳᠦᠷ ᠮᠥᠨ᠂ ᠡᠨᠡ ᠨᠢ ᠡᠷᠲᠡ ᠳᠡᠭᠡᠷ᠎ᠡ ᠦᠶ᠎ᠡ᠎ᠶ᠋ᠢᠨ ᠡᠪᠦᠭᠡ ᠳᠡᠭᠡᠳᠦᠰ᠎ᠢᠶᠡᠨ ᠱᠢᠲᠦᠵᠦ ᠪᠢᠱᠢᠷᠡᠬᠦ ᠪᠠ ᠬᠠᠪᠤᠷ᠎ᠤᠨ ᠲᠠᠬᠢᠯᠭ᠎ᠠ᠎ᠶ᠋ᠢᠨ ᠶᠣᠰᠣ ᠵᠠᠩᠱᠢᠯ ᠡᠴᠡ ᠢᠷᠡᠯᠲᠡ᠎ᠲᠡᠶ ᠪᠠᠢᠵᠤ᠂ ᠮᠢᠩᠭᠠᠨ ᠵᠢᠯ᠎ᠦᠨ ᠤᠯᠠᠮᠵᠢᠯᠠᠯ᠎ᠢᠶᠠᠷ ᠳᠡᠮᠵᠢᠨ᠂ ᠣᠩᠭᠣᠨ᠎ᠳᠦ ᠰᠢᠷᠤᠢ ᠨᠡᠮᠡᠵᠦ ᠳᠡᠭᠡᠳᠦᠰ᠎ᠢᠶᠡᠨ ᠲᠠᠬᠢᠬᠤ᠂ ᠬᠡᠭᠡᠷ᠎ᠡ ᠭᠠᠳᠠᠨ᠎ᠠ ᠵᠢᠭᠤᠯᠴᠢᠯᠠᠬᠤ ᠴᠢᠬᠤᠯᠠ ᠵᠠᠩ ᠵᠠᠩᠱᠢᠯ ᠎ᠢ ᠠᠭᠠᠵᠢᠮ᠎ᠢᠶᠠᠷ ᠪᠣᠶ ᠪᠣᠯᠭᠠᠭ᠍ᠰᠠᠨ ᠪᠠᠢᠨ᠎ᠠ᠃

ᠬᠠᠩᠰᠢ᠎ᠶ᠋ᠢᠨ ᠡᠳᠦᠷ ᠳᠤᠷᠠᠰᠤᠨ ᠰᠠᠨᠠᠭᠠᠯᠵᠠᠬᠤ ᠨᠢ ᠦᠪᠡᠷ᠎ᠤᠨ ᠳᠡᠭᠡᠳᠦᠰ᠎ᠢᠶᠡᠨ ᠮᠥᠷᠥᠭᠡᠳᠬᠦ᠌᠎ᠡᠴᠡ ᠡᠬᠢᠯᠡᠭᠰᠡᠨ ᠪᠤᠯᠪᠠᠴᠤ ᠵᠦᠪᠬᠡᠨ ᠴᠢᠰᠤᠨ ᠲᠥᠷᠥᠯ᠎ᠢᠶᠡᠨ ᠰᠠᠨᠠᠭᠠᠯᠵᠠᠬᠤ ᠲᠡᠳᠦᠢ ᠪᠢᠰᠢ ᠶᠤᠮ᠃ ᠤᠷᠢᠤᠨ ᠵᠢᠡᠷ  ᠭᠡᠷ ᠤᠷᠤᠨ᠎ᠢᠶᠡᠨ ᠴᠤᠭᠴᠠᠯᠠᠵᠤ᠂ ᠳᠠᠷᠠᠭ᠎ᠠ ᠨᠢ ᠤᠯᠤᠰ ᠭᠡᠷ᠎ᠢᠶᠡᠨ ᠪᠠᠢᠭᠤᠯᠤᠨ᠎ᠠ᠃ ᠡᠪᠦᠬᠡ ᠲᠡᠬᠡᠳᠤᠰ᠎ᠤᠨ ᠵᠢᠡᠨ ᠣᠩᠭᠣᠨ ᠡᠴᠡ ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ ᠬᠦᠷᠲᠡᠯ᠎ᠡ᠂ ᠲᠥᠷᠥᠯ ᠰᠠᠳᠤᠨ᠎ᠤ᠎ᠪᠠᠨ ᠠᠴᠢ᠎ᠶ᠋ᠢ ᠲᠤᠷᠠᠰᠬᠤ ᠡᠴᠡ ᠤᠯᠤᠰ ᠭᠡᠷ᠎ᠦᠨ ᠶᠡᠬᠡ ᠶᠣᠰᠣ ᠵᠢ ᠰᠠᠨᠠᠭᠠᠯᠵᠠᠬᠤ  ᠬᠦᠷᠳᠡᠯ᠎ᠡ᠂ ᠬᠠᠩᠰᠢ᠎ᠶ᠋ᠢᠨ ᠡᠳᠦᠷ ᠪᠢᠳᠡ ᠳᠡᠭᠡᠳᠦᠰ ᠎ᠢᠶᠡᠨ ᠲᠠᠢᠳᠭᠤᠷᠠᠭᠤᠯᠬᠤ ᠮᠥᠷᠲᠡᠭᠡᠨ ᠨᠠᠩ ᠴᠤ᠌ ᠪᠠᠭᠠᠲᠤᠷᠴᠤᠳ ᠎ᠤᠨ ᠵᠢᠡᠨ ᠰᠦᠭ ᠰᠦᠨᠡᠰᠦ᠎ᠶ᠋ᠢ ᠲᠠᠢᠳᠭᠤᠷᠠᠭᠤᠯᠬᠤ ᠎ᠪᠠᠨ ᠮᠠᠷᠲᠠᠵᠤ ᠪᠣᠯᠬᠤ ᠦᠭᠡᠢ᠃

ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 105 ᠵᠢᠯ᠎ᠦᠨ ᠤᠢ ᠪᠣᠯᠬᠤ ᠪᠥᠭᠡᠳ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠌ᠨ ᠢᠯᠠᠯᠲᠠ ᠣᠯᠤᠭ᠍ᠰᠠᠨ 90 ᠵᠢᠯ᠎ᠦᠨ ᠤᠢ ᠪᠣᠯᠤᠨ᠎ᠠ᠃ ᠬᠠᠩᠰᠢ᠎ᠬᠡᠬᠦ ᠣᠨᠴᠠᠭᠠᠢ ᠤᠳᠬ᠎ᠠ ᠠᠭᠤᠯᠭ᠎ᠠ᠎ᠪᠦᠬᠦᠢ ᠵᠠᠩᠭᠢᠯᠠᠭ᠎ᠠ᠎ᠶ᠋ᠢᠨ ᠴᠠᠭ ᠎ᠲᠤ᠂ ᠪᠢᠳᠡ ᠡᠪᠦᠭᠡ ᠳᠡᠭᠡᠳᠦᠰ᠎ᠢᠶᠡᠨ ᠲᠠᠬᠢᠬᠤ᠎ᠶ᠋ᠢᠨ ᠬᠠᠮᠲᠤ᠂ ᠨᠡᠩ ᠴᠤ᠌ ᠤᠯᠤᠰ ᠎ᠤᠨ ᠲᠥᠯᠥᠭᠡ᠂ ᠦᠨᠳᠦᠰᠦᠲᠡᠨ ᠎ᠦ ᠎ᠪᠡᠨ ᠲᠥᠯᠥᠭᠡ ᠠᠮᠢ ᠪᠡᠶ᠎ᠡ᠎ᠪᠡᠨ ᠦᠷᠡᠭ᠌ᠳᠡᠭᠦᠯᠦᠭ᠌ᠰᠡᠨ ᠲᠡᠳᠡᠭᠡᠷ ᠪᠠᠭᠠᠲᠤᠷᠴᠤᠳ ᠵᠢᠡᠨ ᠮᠠᠷᠲᠠᠵᠤ ᠪᠣᠯᠬᠤ ᠦᠭᠡᠢ᠃ ᠶᠡᠬᠡ ᠬᠤᠪᠢᠰᠭᠠᠯ᠎ᠤᠨ ᠳᠠᠢᠨ ᠲᠤᠯᠤᠯᠳᠤᠭᠠᠨ ᠡᠴᠡ ᠶᠠᠫᠣᠨ᠎ᠢ ᠡᠰᠡᠷᠭᠦᠴᠡᠬᠦ᠌ ᠲᠠᠢ᠌ᠨ᠎ᠦ ᠴᠢᠰᠤᠲᠤ ᠪᠠᠢᠯᠳᠤᠭᠠᠨ ᠬᠦᠷᠲᠡᠯ᠎ᠡ᠂ ᠲᠠᠬᠢᠭᠠᠳ ᠴᠢᠯᠥᠭᠡᠯᠡᠬᠦ᠌ ᠲᠠᠢ᠌ᠨ᠎ᠦ ᠳᠤᠮᠳᠠᠬᠢ ᠲᠠᠭᠠᠷᠢᠯᠳᠠ ᠬᠦᠷᠲᠡᠯ᠎ᠡ᠂ ᠲᠣᠭ᠎ᠠ ᠲᠣᠮᠰᠢ ᠦᠭᠡᠢ ᠦᠷᠡᠭ᠌ᠳᠡᠭ᠌ᠰᠡᠨ ᠪᠠᠭᠠᠲᠤᠷᠴᠤᠳ ᠴᠡᠭᠡᠵᠢ ᠲᠦᠷᠢᠨ ᠭᠠᠷᠴᠤ᠌᠂ ᠬᠠᠯᠠᠭᠤᠨ ᠴᠢᠰᠤ ᠎ᠪᠠᠨ ᠤᠷᠤᠰᠭᠠᠪᠠ; ᠡᠩᠬᠡ ᠲᠠᠢᠪᠤᠩ ᠣᠨ ᠵᠢᠯ᠎ᠦᠳ᠎ᠲᠦ᠂ ᠲᠡᠳᠡ ᠦᠭᠡ ᠳᠠᠭᠤᠨ ᠦᠭᠡᠢ᠎ᠪᠡᠷ ᠬᠤᠪᠢ ᠨᠡᠮᠡᠷᠢ ᠦᠵᠡᠭᠦᠯᠵᠦ᠍᠂ ᠠᠶᠤᠯ ᠲᠦᠭ᠌ᠰᠢᠭᠦᠷᠢ᠎ᠲᠡᠶ ᠴᠠᠭ ᠮᠥᠴᠡ᠎ᠳᠦ ᠰᠥᠷᠥᠨ ᠤᠷᠤᠭ᠍ᠰᠢᠯᠠᠵᠤ᠂ ᠤᠯᠤᠰ ᠣᠷᠣᠨ᠎ᠤ ᠠᠮᠤᠷ ᠲᠣᠭ᠍ᠲᠠᠭᠤᠨ᠂ ᠠᠷᠠᠳ ᠲᠦᠮᠡᠨ᠎ᠦ ᠵᠣᠯ ᠵᠢᠷᠭᠠᠯ᠎ᠤᠨ ᠲᠥᠯᠥᠭᠡ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠢ ᠡᠭᠦᠷᠭᠡᠯᠡᠪᠡ᠃ ᠲᠡᠳᠡᠨ᠎ᠦ ᠣᠪᠣᠭ ᠨᠡᠷ᠎ᠡ ᠨᠢ ᠣᠨ ᠵᠢᠯ᠎ᠳᠦ ᠪᠠᠯᠠᠷᠠᠭ᠍ᠰᠠᠨ ᠪᠠᠢᠵᠤ ᠮᠡᠳᠡᠨ᠎ᠡ᠂ ᠭᠡᠪᠡᠴᠦ᠍ ᠵᠣᠷᠢᠭ ᠰᠠᠨᠠᠭ᠎ᠠ ᠨᠢ ᠠᠯᠢ ᠬᠡᠳᠦᠢᠨ ᠦᠨᠳᠦᠰᠦᠲᠡᠨ᠎ᠦ ᠴᠢᠰᠤ ᠮᠢᠬᠠᠨ᠎ᠳᠤ ᠱᠢᠩᠭᠡᠵᠦ᠍᠂ ᠥᠨᠢᠳᠡ ᠪᠠᠯᠠᠷᠠᠰᠢ ᠥᠬᠡᠶ ᠢᠮ ᠲᠠᠮᠠᠭ᠎ᠠ ᠪᠣᠯᠵᠠᠶ᠃ ᠬᠠᠩᠰᠢ᠎ᠶ᠋ᠢᠨ ᠡᠳᠦᠷ᠂ ᠬᠥᠮᠦᠰ ᠳᠠᠬᠢᠯᠭ᠎ᠠ ᠲᠠᠬᠢᠵᠤ ᠳᠤᠷᠠᠰᠤᠨ ᠰᠠᠨᠠᠭᠠᠯᠵᠠᠵᠤ ᠳᠡᠭᠡᠳᠦᠰ ᠎ᠦᠨ᠎ᠢᠶᠡᠨ ᠠᠴᠢ᠎ᠳᠤ ᠲᠠᠯᠠᠷᠬᠠᠨ᠂ ᠦᠷᠡᠭ᠌ᠳᠡᠭ᠌ᠰᠡᠨ ᠪᠠᠭᠠᠲᠤᠷᠴᠤᠳ᠎ᠢᠶᠠᠨ ᠪᠠᠲᠤ ᠴᠡᠭᠡᠵᠢᠯᠡᠬᠦ᠌ ᠨᠢ ᠲᠡᠦᠬᠡ᠎ᠪᠠᠨ ᠡᠷᠭᠢᠴᠡᠭᠦᠯᠵᠦ᠍᠂ ᠤᠬ ᠰᠠᠨᠠᠭ᠎ᠠ᠎ᠪᠠᠨ ᠦᠯᠦ᠍ ᠮᠠᠷᠲᠠᠬᠤ᠎ᠪᠡᠷ ᠪᠠᠷᠠᠬᠤ ᠦᠭᠡᠢ ᠨᠡᠩ ᠴᠤ᠌ ᠦᠷᠡᠭ᠌ᠳᠡᠭ᠌ᠰᠡᠨ ᠪᠠᠭᠠᠲᠤᠷᠴᠤᠳ᠎ᠤᠨ ᠵᠣᠷᠢᠭ ᠰᠠᠨᠠᠭ᠎ᠠ᠎ᠶ᠋ᠢ ᠦᠶ᠎ᠡ᠎ᠶ᠋ᠢᠨ ᠦᠶ᠎ᠡ᠎ᠳᠡᠭᠡᠨ ᠤᠯᠠᠮᠵᠢᠯᠠᠬᠤ᠎ᠶ᠋ᠢᠨ ᠲᠥᠯᠥᠭᠡ ᠶᠤᠮ᠃

ᠥᠪᠥᠷ ᠮᠣᠩᠭᠣᠯ᠎ᠤᠨ ᠡᠨᠡ ᠬᠦ᠌ ᠬᠤᠪᠢᠰᠭᠠᠯᠳᠤ ᠤᠳᠤᠮᠱᠢᠯ᠎ᠰᠢᠮᠡᠳᠦᠭᠰᠡᠨ᠂ ᠢᠷᠠᠭᠤ ᠠᠯᠳᠠᠷᠲᠤ ᠬᠤᠪᠢᠰᠭᠠᠯ᠎ᠤᠨ ᠤᠯᠠᠮᠵᠢᠯᠠᠯ᠎ᠢ ᠠᠴᠢᠶᠠᠯᠠᠭ᠍ᠰᠠᠨ ᠬᠠᠯᠠᠭᠤᠨ ᠬᠥᠷᠥᠰᠥᠨ᠎ᠳᠦ  ᠪᠠᠭᠠᠲᠤᠷᠴᠤᠳ᠎ᠤᠨ ᠦᠯᠢᠭᠡᠷ ᠶᠡᠷᠦ᠍᠎ᠡᠴᠡ ᠳᠤᠲᠠᠬᠤ ᠦᠭᠡᠢ ᠶᠤᠮ᠃ ᠠᠳᠠᠯᠢ ᠪᠤᠰᠤ ᠲᠡᠦᠬᠡᠨ ᠴᠠᠭ ᠦᠶ᠎ᠡ᠎ᠳᠦ᠂ ᠶᠡᠷᠦ᠍ ᠨᠢ ᠴᠢᠩ ᠵᠤᠷᠢᠬ᠍ᠳᠠᠨ ᠤᠯᠤᠰ ᠣᠷᠣᠨ᠎ᠤ᠎ᠪᠠᠨ ᠲᠥᠯᠥᠭᠡ ᠠᠶᠤᠯ ᠵᠣᠪᠠᠯᠠᠩ᠎ᠡᠴᠡ ᠠᠶᠤᠬᠤ ᠦᠭᠡᠢ ᠲᠡᠮᠡᠴᠡᠵᠦ᠍᠂ ᠢᠲᠡᠭᠡᠯ ᠪᠢᠱᠢᠷᠡᠯ᠎ᠢᠶᠡᠨ ᠪᠠᠲᠤ ᠰᠠᠬᠢᠵᠤ᠂ ᠠᠮᠢ ᠨᠠᠰᠤ᠎ᠪᠠᠷ᠎ᠢᠶᠠᠨ ᠦᠨᠡᠨᠴᠢ ᠱᠢᠳᠤᠷᠭᠤ ᠪᠠ ᠬᠠᠷᠢᠭᠤᠴᠠᠯᠭ᠎ᠠ ᠡᠭᠦᠷᠭᠡᠯᠡᠯ᠎ᠢᠶᠡᠨ ᠪᠢᠴᠢᠭ᠌ᠯᠡᠪᠠ᠃ ᠥᠨᠥᠳᠦᠷ᠂ ᠪᠢᠳᠡ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠵᠤ ᠪᠠᠢᠭ᠎ᠠ ᠨᠢ ᠲᠡᠳᠡᠨ᠎ᠦ ᠦᠷᠡᠭ᠌ᠳᠡᠯ ᠰᠦᠢᠳᠦᠯ ᠪᠠ ᠬᠤᠪᠢ ᠨᠡᠮᠡᠷᠢ᠎ᠶ᠋ᠢ ᠪᠠᠲᠤ ᠴᠡᠭᠡᠵᠢᠯᠡᠵᠦ᠍᠂ ᠲᠡᠳᠡᠨ᠎ᠦ ᠵᠣᠷᠢᠭ ᠰᠠᠨᠠᠭ᠎ᠠ ᠪᠠ ᠢᠲᠡᠭᠡᠯ ᠵᠣᠷᠢᠭ᠎ᠢ ᠤᠯᠠᠮᠵᠢᠯᠠᠨ ᠵᠠᠯᠭᠠᠮᠵᠢᠯᠠᠵᠤ᠂ ᠪᠠᠭᠠᠲᠤᠷᠴᠤᠳ ᠵᠢᠡᠨ ᠪᠢᠰᠢᠷᠡᠨ ᠬᠦᠨᠳᠦᠳᠭᠡᠬᠦ᠌ ᠪᠠ ᠳᠤᠷᠠᠰᠤᠨ ᠰᠠᠨᠠᠭᠠᠯᠵᠠᠬᠤ᠎ᠶ᠋ᠢ ᠬᠦᠴᠦᠨ ᠴᠢᠳᠠᠯ ᠪᠣᠯᠭᠠᠨ ᠬᠤᠪᠢᠷᠠᠭᠤᠯᠵᠤ᠂ ᠠᠵᠢᠯ ᠬᠢᠵᠦ᠍ ᠦᠢᠯᠡᠰ ᠪᠤᠰᠭᠠᠬᠤ ᠣᠷᠭᠢᠯᠤᠮ᠎ᠠ ᠰᠡᠳᠭᠢᠯᠭᠡ᠂ ᠡᠬᠡ ᠤᠯᠤᠰ᠎ᠤᠨ᠎ᠢᠶᠠᠨ ᠲᠥᠯᠥᠭᠡ ᠵᠢᠳᠬᠦᠵᠦ ᠤᠯᠤᠰ᠎ᠢᠶᠡᠨ ᠬᠦᠴᠦᠷᠬᠡᠭᠵᠢᠭᠦᠯᠬᠦ ᠬᠠᠷᠢᠭᠤᠴᠠᠯᠭ᠎ᠠ ᠡᠭᠦᠷᠭᠡᠯᠡᠯ ᠪᠣᠯᠭᠠᠨ ᠬᠤᠪᠢᠷᠠᠭᠤᠯᠵᠤ᠂ ᠡᠬᠡᠯ ᠵᠢᠷ᠎ᠦᠨ ᠠᠵᠢᠯ᠎ᠤᠨ ᠪᠠᠢᠷᠢ ᠳᠡᠭᠡᠷ᠎ᠡ ᠦᠷᠡᠭ᠌ᠳᠡᠭ᠌ᠰᠡᠨ ᠪᠠᠭᠠᠲᠤᠷᠴᠤᠳ᠎ᠲᠠᠭᠠᠨ ᠣᠰᠣᠯᠳᠠᠬᠤ ᠦᠭᠡᠢ ᠠᠮᠢᠳᠤᠷᠠᠯ᠎ᠤᠨ ᠢᠷᠠᠭᠤ ᠲᠤᠤᠯᠢᠰ᠎ᠢ ᠪᠢᠴᠢᠭ᠌ᠯᠡᠬᠦ᠌᠎ᠶ᠋ᠢᠨ ᠲᠥᠯᠥᠭᠡ ᠶᠤᠮ᠃

《ᠲᠠ᠎ᠨᠠᠷ ᠪᠢᠳᠡᠨ᠎ᠦ ᠳᠤᠷᠠᠰᠤᠮᠵᠢ᠎ᠳᠦ ᠠᠮᠢᠳᠤᠷᠠᠵᠤ᠂ ᠪᠢᠳᠡ ᠲᠠ᠎ᠨᠠᠷ᠎ᠤᠨ ᠦᠢᠯᠡᠰ᠎ᠲᠦ ᠠᠮᠢᠳᠤᠷᠠᠵᠤ ᠪᠤᠢ》᠃ ᠦᠷᠡᠭ᠌ᠳᠡᠭ᠌ᠰᠡᠨ ᠪᠠᠭᠠᠲᠤᠷᠴᠤᠳ ᠬᠡᠳᠦᠢᠪᠡᠷ ᠪᠢᠳᠡᠨ᠎ᠡᠴᠡ ᠬᠣᠯᠠᠳᠠᠨ ᠤᠳᠤᠭᠰᠠᠨ ᠪᠣᠯᠪᠠᠴᠤ᠌ ᠲᠡᠳᠡᠨ᠎ᠦ ᠵᠣᠷᠢᠭ ᠰᠠᠨᠠᠭ᠎ᠠ ᠨᠢ ᠤᠳᠤᠨ ᠮᠡᠴᠢᠳ ᠮᠡᠲᠦ ᠡᠭᠦᠷᠢᠳᠡ ᠭᠢᠯᠠᠯᠵᠠᠨ᠎ᠠ᠃ ᠪᠢᠳᠡ ᠳᠤᠷᠠᠰᠤᠨ ᠰᠠᠨᠠᠭᠠᠯᠵᠠᠬᠤ ᠳᠤᠮᠳᠠ ᠡᠴᠡ ᠤᠷᠤᠭ᠍ᠰᠢᠯᠠᠨ ᠳᠠᠪᠱᠢᠬᠤ ᠬᠦᠴᠦᠨ ᠴᠢᠳᠠᠯ ᠣᠯᠵᠤ᠂ ᠳᠤᠷᠠᠰᠤᠨ ᠰᠠᠨᠠᠭᠠᠯᠵᠠᠬᠤ ᠳᠤᠮᠳᠠ ᠤᠷᠤᠭ᠍ᠰᠢᠯᠠᠬᠤ ᠴᠢᠭ᠌ᠯᠡᠯ᠎ᠢᠶᠡᠨ ᠪᠠᠲᠤᠳᠭᠠᠶ᠎ᠠ᠃ ᠡᠨᠡ ᠬᠦ᠌ ᠪᠠᠳᠠᠷᠠᠯᠲᠤ ᠴᠠᠭ ᠪᠤᠯ ᠦᠷᠡᠭ᠌ᠳᠡᠭ᠌ᠰᠡᠨ ᠪᠠᠭᠠᠲᠤᠷᠴᠤᠳ᠎ᠤᠨ ᠬᠦᠰᠡᠯ ᠵᠤᠷᠢᠯᠲᠠ ᠪᠠᠢᠬᠰᠠᠨ ᠶᠤᠮ᠂ ᠢᠷᠡᠭᠡᠳᠦᠢ᠎ᠪᠠᠨ ᠪᠢᠳᠡ ᠬᠠᠮᠲᠤ᠎ᠪᠠᠷ ᠰᠠᠬᠢᠨ ᠬᠠᠮᠠᠭᠠᠯᠠᠬᠤ ᠴᠢᠬᠤᠯᠠᠳᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号