4 ᠰᠠᠷ᠎ᠠ ᠶ᠋ᠢᠨ 2 ᠤ᠋ᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠭᠠᠵᠠᠷ ᠳᠤᠤᠷᠠᠬᠢ ᠤᠷᠤᠨ ᠵᠠᠢ ᠳ᠋ᠤ ᠡᠨᠧᠷᠭᠢ ᠨᠦᠬᠡᠴᠡᠯᠡᠬᠦ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ ᠢ ᠣᠷᠳᠣᠰ ᠬᠣᠲᠠ᠎ᠳᠤ ᠪᠥᠲᠥᠭᠡᠨ ᠪᠠᠢᠭᠤᠯᠵᠤ ᠡᠬᠢᠯᠡᠪᠡ᠃
ᠲᠣᠰ ᠲᠤᠷᠱᠢᠯᠲᠠ᠎ᠶ᠋ᠢᠨ ᠲᠠᠰᠤᠭ ᠢ ᠤᠯᠤᠰ ᠤᠨ ᠡᠨᠧᠷᠭᠢ ᠶ᠋ᠢᠨ ᠱᠧᠨ ᠳ᠋ᠦᠩ ᠨᠡᠭᠦᠷᠡᠰᠦᠨ ᠦ ᠪᠦᠯᠦᠭ᠌ᠯᠡᠯ ᠳᠦ ᠲᠦᠱᠢᠭ᠌ᠯᠡᠨ ᠪᠥᠲᠥᠭᠡᠨ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ ᠶ᠋ᠢᠨ ᠬᠡᠯᠪᠡᠷᠢ ᠶ᠋ᠢ ᠬᠤᠪᠢᠷᠠᠭᠤᠯᠬᠤ ᠪᠠ ᠬᠠᠶᠠᠭ᠍ᠳᠠᠮᠠᠯ ᠠᠭᠤᠷᠬᠠᠶ ᠶ᠋ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ᠎ᠳᠤ ᠴᠢᠬᠤᠯᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠯᠭᠠᠭᠤᠷᠢᠯᠠᠯ ᠬᠠᠩᠭᠠᠬᠤ ᠪᠣᠯᠤᠨ᠎ᠠ᠃
ᠣᠢᠯᠠᠭᠠᠭ᠍ᠰᠠᠨ᠎ᠢᠶᠠᠷ᠂ ᠲᠣᠰ ᠲᠤᠷᠱᠢᠯᠲᠠ᠎ᠶ᠋ᠢᠨ ᠲᠠᠰᠤᠭ᠎ᠨᠢ ᠨᠡᠭᠦᠷᠡᠰᠦᠨ᠎ᠦ ᠠᠵᠤ ᠠᠬᠤᠢᠯᠠᠯ᠎ᠤᠨ ᠠᠭᠤᠷᠬᠠᠶ᠎ᠶ᠋ᠢᠨ ᠣᠷᠣᠨ᠎ᠤ ᠬᠠᠶᠠᠭ᠍ᠳᠠᠮᠠᠯ ᠠᠭᠤᠷᠬᠠᠶ᠎ᠶ᠋ᠢᠨ ᠬᠤᠳᠳᠤᠭ᠎ᠢ ᠭᠦᠶ᠋ᠴᠡᠳ ᠠᠰᠢᠬᠯᠠᠵᠤ᠂ ᠤᠰᠤ ᠲᠠᠲᠠᠵᠤ ᠡᠨᠧᠷᠭᠢ ᠨᠦᠬᠡᠴᠡᠯᠡᠬᠦ᠂ ᠬᠦᠨᠳᠦ᠍᠎ᠶ᠋ᠢᠨ ᠬᠦᠴᠦᠨ᠎ᠦ ᠡᠨᠧᠷᠭᠢ ᠨᠦᠭᠡᠴᠡᠯᠡᠬᠦ ᠵᠢᠴᠢ ᠠᠪᠴᠢᠭᠠᠮᠠᠯ ᠠᠭᠠᠷ᠎ᠤᠨ ᠡᠨᠧᠷᠭᠢ ᠨᠦᠭᠡᠴᠡᠯᠡᠬᠦ ᠵᠡᠷᠭᠡ ᠭᠤᠷᠪᠠᠨ ᠶᠡᠬᠡ ᠴᠢᠭ᠌ᠯᠡᠯ᠎ᠦᠨ ᠮᠡᠷᠭᠡᠵᠢᠯ᠎ᠦᠨ ᠪᠣᠭᠣᠮᠲᠠ ᠱᠢᠪᠲᠤᠯᠤᠯᠲᠠ᠎ᠶ᠋ᠢ ᠭᠤᠤᠯᠳᠠᠯᠭ᠎ᠠ᠎ᠲᠠᠶ ᠥᠷᠨᠢᠭᠦᠯᠵᠦ᠍᠂ ᠬᠠᠶᠠᠭ᠍ᠳᠠᠮᠠᠯ ᠬᠤᠳᠳᠤᠭ᠎ᠢ ᠡᠨᠧᠷᠭᠢ ᠬᠠᠳᠠᠭᠠᠯᠠᠬᠤ ᠲᠦᠬᠦᠭᠡᠷᠦᠮᠵᠢ ᠪᠤᠯᠭᠠᠨ ᠥᠭᠡᠷᠡᠴᠢᠯᠡᠬᠦ᠌ ᠠᠷᠭ᠎ᠠ ᠵᠠᠮ ᠢ ᠰᠦᠪᠡᠭ᠌ᠴᠢᠯᠡᠵᠦ᠍᠂ ᠱᠢᠨ᠎ᠡ ᠡᠨᠧᠷᠭᠢ ᠶ᠋ᠢᠨ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌ ᠳᠦ ᠬᠦᠴᠦᠨ ᠨᠡᠮᠡᠷᠢᠯᠡᠨ᠎ᠡ᠃ ᠲᠤᠷᠰᠢᠯᠳᠠ ᠵᠢᠨ ᠲᠠᠰᠤᠭ ᠨᠢ ᠰᠠᠭᠤᠷᠢ ᠰᠤᠳᠤᠯᠭᠠᠨ᠎ᠠᠴᠠ ᠢᠨᠵᠧᠨᠧᠷᠢᠩ ᠳ᠋ᠤ ᠬᠡᠷᠡᠭᠯᠡᠬᠦ ᠬᠦᠷᠲᠡᠯᠡᠬᠢ ᠪᠦᠬᠦ᠌ ᠬᠡᠯᠬᠢᠶᠡᠨ᠎ᠦ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠪᠦᠷᠢᠯᠳᠦᠭᠦᠯᠵᠦ᠍᠂ ᠦᠪᠦᠷ ᠮᠤᠨᠭᠭᠤᠯ ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠣᠷᠠᠬᠢ ᠣᠷᠣᠨ ᠵᠠᠶ ᠳ᠋ᠤ ᠡᠨᠧᠷᠭᠢ ᠨᠦᠬᠡᠴᠡᠯᠡᠬᠦ ᠬᠦᠷᠢᠶᠡᠨ ᠤ ᠮᠤᠵᠢ ᠶ᠋ᠢᠨ ᠲᠡᠰ᠎ᠤᠨ ᠭᠣᠣᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ ᠦᠭᠡᠢ ᠪᠠᠢᠭᠰᠠᠨ ᠲᠡᠦᠭᠡ ᠵᠢ ᠡᠴᠦᠰᠯᠡᠬᠦᠯᠵᠡᠢ᠃
ᠳᠤᠮᠳᠠᠳᠤ ᠤᠯᠤᠰ᠎ᠤᠨ ᠠᠭᠤᠷᠬᠠᠶ᠎ᠶ᠋ᠢᠨ ᠦᠶ᠋ᠯᠡᠰ᠎ᠦᠨ ᠶᠡᠬᠡ ᠰᠤᠷᠭᠠᠭᠤᠯᠢ (ᠪᠡᠭᠡᠵᠢᠩ)᠎ᠶ᠋ᠢᠨ ᠤᠤᠯ᠎ᠤᠨ ᠳᠡᠳ᠋ ᠵᠠᠬᠢᠷᠤᠯ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠤᠨ ᠡᠷᠳᠡᠮ ᠱᠢᠨᠵᠢᠯᠡᠭᠡᠨ᠎ᠦ ᠵᠥᠪᠯᠡᠯ᠎ᠦᠨ ᠡᠷᠬᠢᠯᠡᠭ᠌ᠴᠢ ᠸᠠᠩ ᠵᠢᠶᠠ ᠴᠧᠨ ᠢᠯᠡᠷᠬᠡᠢᠯᠡᠬᠦ᠌᠎ᠳᠡᠭᠡᠨ᠄ 《ᠲᠤᠷᠱᠢᠯᠲᠠ᠎ᠶ᠋ᠢᠨ ᠲᠠᠰᠤᠭ᠎ᠨᠢ ᠣᠯᠠᠨ ᠵᠠᠩᠭᠢᠯᠠᠭ᠎ᠠ ᠶ᠋ᠢᠨ ᠮᠡᠷᠭᠡᠵᠢᠯ᠎ᠦᠨ ᠬᠦᠷᠢᠶᠡᠨ᠎ᠳᠦ ᠱᠢᠪᠲᠤᠯᠤᠯᠲᠠ ᠭᠠᠷᠭᠠᠵᠤ᠂ ᠭᠠᠵᠠᠷ ᠳᠤᠤᠷᠠᠬᠢ ᠣᠷᠣᠨ ᠵᠠᠶ ᠶ᠋ᠢᠨ ᠲᠣᠭ᠍ᠲᠠᠭᠤᠨ ᠪᠠᠢᠬᠤ ᠶ᠋ᠢ ᠦᠨᠡᠨ ᠬᠦ᠌ ᠪᠠᠲᠤᠯᠠᠬᠰᠠᠨ ᠰᠠᠭᠤᠷᠢᠨ ᠲᠡᠭᠡᠷ᠎ᠡ ᠰᠠᠶᠢ ᠤᠰᠤ ᠲᠠᠲᠠᠵᠤ ᠡᠨᠧᠷᠭᠢ ᠬᠠᠳᠠᠭᠠᠯᠠᠬᠤ᠂ ᠬᠦᠨᠳᠦ᠍᠎ᠶ᠋ᠢᠨ ᠬᠦᠴᠦᠨ᠎ᠦ ᠡᠨᠧᠷᠭᠢ ᠨᠦᠬᠡᠴᠡᠯᠡᠬᠦ ᠵᠢᠴᠢ ᠠᠪᠴᠢᠭᠠᠮᠠᠯ ᠠᠭᠠᠷ᠎ᠤᠨ ᠡᠨᠧᠷᠭᠢᠨᠦᠭᠡᠴᠡᠯᠡᠬᠦ ᠬᠠᠮᠢᠶ᠎ᠠ ᠪᠥᠬᠥᠶ ᠠᠵᠢᠯ᠎ᠢ ᠥᠷᠨᠢᠭᠦᠯᠬᠦ᠌ ᠴᠢᠬᠤᠯᠠᠳᠠᠢ》 ᠭᠡᠵᠦ ᠬᠡᠯᠡᠪᠡ᠃