ᠥᠪᠥᠷ ᠮᠣᠩᠭᠣᠯ ᠤ᠋ᠨ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠡᠴᠡ ᠤᠢᠯᠠᠭᠠᠭᠰᠠᠨ ᠵᠢᠡᠷ᠂ ᠬᠠᠩᠰᠢ ᠵᠢᠨ ᠠᠮᠠᠷᠠᠯᠲᠠ ᠢ᠋ᠢᠨ ᠬᠤᠭᠤᠴᠠᠭᠠᠨ ᠳ᠋ᠤ ᠬᠦᠮᠦᠰ ᠤ᠋ᠨ ᠶᠠᠪᠤᠵᠤ ᠰᠠᠭᠤᠬᠤ ᠬᠡᠷᠡᠭᠴᠡᠬᠡ ᠢ᠋ᠢ ᠰᠠᠢᠲᠤᠷ ᠪᠠᠲᠤᠯᠠᠬᠤ ᠢ᠋ᠢᠨ ᠲᠥᠯᠥᠭᠡ ᠥᠪᠥᠷ ᠮᠣᠩᠭᠣᠯ ᠤ᠋ᠨ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠠᠵᠢᠯ ᠢ᠋ ᠤᠷᠢᠳᠴᠢᠯᠠᠨ ᠪᠠᠢᠷᠢᠯᠠᠭᠤᠯᠬᠤ ᠵᠢᠨ ᠬᠠᠮᠳᠤ ᠵᠠᠮ ᠤ᠋ᠨ ᠲᠤᠤᠷ ᠤ᠋ᠨ ᠠᠵᠢᠯᠯᠠᠭᠠᠨ ᠤ᠋ ᠬᠢᠨᠠᠨ ᠬᠡᠮᠵᠢᠯᠲᠡ᠂ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠠᠮᠤᠷ ᠲᠦᠪᠱᠢᠨ ᠤ᠋ ᠬᠠᠮᠢᠶᠠᠷᠤᠯᠲᠠ ᠡᠵᠡᠮᠳᠡᠯ᠂ ᠦᠶ᠋ᠯᠡᠴᠢᠯᠡᠭᠡᠨ ᠤ᠋ ᠪᠠᠲᠤᠯᠠᠭ᠎ᠠ ᠵᠡᠷᠭᠡ ᠠᠵᠢᠯ ᠢ᠋ ᠰᠠᠢᠲᠤᠷ ᠬᠢᠵᠦ᠍᠂ ᠵᠠᠮ ᠬᠠᠷᠢᠯᠴᠠᠭᠠᠨ ᠤ᠋ ᠰᠠᠭᠠᠳ ᠥᠬᠡᠶ ᠨᠡᠪᠲᠡᠷᠡᠬᠦ᠌ ᠢ᠋ᠢ ᠦᠨᠡᠨ ᠬᠦ᠌ ᠪᠠᠲᠤᠯᠠᠵᠤ ᠪᠠᠢᠨ᠎ᠠ᠃
ᠤᠢᠯᠠᠭᠠᠭᠰᠠᠨ ᠵᠢᠡᠷ᠂ ᠮᠠᠨ ᠤ᠋ ᠤᠷᠤᠨ 4 ᠰᠠᠷ᠎ᠠ ᠢ᠋ᠢᠨ 4 ᠤ᠋ ᠡᠳᠦᠷ ᠤ᠋ᠨ 0 ᠴᠠᠭ ᠡᠴᠡ 4 ᠰᠠᠷ᠎ᠠ ᠢ᠋ᠢᠨ 6 ᠤ᠋ ᠡᠳᠦᠷ ᠤ᠋ᠨ 24 ᠴᠠᠭ ᠪᠣᠯᠲᠠᠯ᠎ᠠ ᠪᠠᠭ᠎ᠠ ᠬᠡᠯᠪᠡᠷᠢ ᠢ᠋ᠢᠨ ᠠᠶᠠᠨᠴᠢᠳ ᠤ᠋ᠨ ᠮᠠᠱᠢᠨ ᠲᠡᠷᠬᠡ ᠡᠴᠡ ᠴᠦᠮ ᠵᠠᠮ ᠨᠡᠪᠳᠡᠷᠡᠯᠬᠡ ᠵᠢᠨ ᠰᠦᠶ᠋ᠳᠭᠡᠯ ᠬᠤᠷᠢᠶᠠᠬᠤ ᠥᠬᠡᠶ᠃ ᠪᠠᠰᠠ ᠱᠢᠨ᠎ᠡ ᠡᠨᠧᠷᠭᠢ ᠢ᠋ᠢᠨ ᠮᠠᠱᠢᠨ ᠲᠡᠷᠭᠡᠨ ᠤ᠋ ᠬᠡᠷᠡᠭᠴᠡᠭᠡ ᠳ᠋ᠤ ᠴᠢᠭ᠌ᠯᠡᠭᠦᠯᠦᠨ ᠪᠥᠬᠥ᠌ ᠣᠷᠣᠨ ᠤ᠋ ᠨᠢᠭᠡᠨᠲᠡ ᠨᠡᠪᠲᠡᠷᠡᠭ᠌ᠰᠡᠨ ᠲᠦᠷᠭᠡᠨ ᠤ᠋ ᠵᠠᠰᠠᠮᠠᠯ ᠵᠠᠮ ᠤ᠋ᠨ ᠦᠶ᠋ᠯᠡᠴᠢᠯᠡᠭᠡᠨ ᠤ᠋ ᠲᠣᠭᠣᠷᠢᠭ ᠲᠦ᠍ ᠨᠡᠢᠳᠡ 1827 ᠴᠠᠬᠢᠯᠭᠠᠨ ᠴᠡᠨᠡᠭᠯᠡᠭᠦᠷ ᠢ᠋ ᠵᠠᠪᠳᠤᠨ ᠲᠣᠬᠢᠷᠠᠭᠤᠯᠪᠠ᠃
ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠰᠠᠯᠠᠭ᠎ᠠ ᠮᠦᠴᠢᠷ ᠤ᠋ᠨ ᠵᠢᠱ᠌ᠢᠯᠲᠡ ᠪᠡᠷ᠂ ᠡᠨᠡ ᠵᠢᠯ ᠤ᠋ᠨ ᠬᠠᠩᠰᠢ ᠢ᠋ᠢᠨ ᠠᠮᠠᠷᠠᠯᠲᠠ ᠢ᠋ᠢᠨ ᠬᠤᠭᠤᠴᠠᠭᠠᠨ ᠳ᠋ᠤ ᠦᠪᠤᠷ ᠮᠤᠩᠭᠤᠯ ᠤ᠋ᠨ ᠵᠠᠰᠠᠮᠠᠯ ᠵᠠᠮ ᠤ᠋ᠨ ᠲᠡᠷᠭᠡᠨ ᠤᠷᠤᠰᠬᠠᠯ ᠤ᠋ᠨ ᠬᠡᠮᠵᠢᠶ᠎ᠠ ᠨᠡᠮᠡᠭᠳᠡᠵᠤ᠂ ᠣᠷᠭᠢᠯ ᠡᠳᠦᠷ ᠤ᠋ᠨ ᠲᠡᠷᠭᠡᠨ ᠤᠷᠤᠰᠬᠠᠯ ᠤ᠋ᠨ ᠬᠡᠮᠵᠢᠶ᠎ᠠ 60 ᠲᠦᠮᠡ ᠢ᠋ᠢ ᠳᠠᠪᠠᠨ᠂ ᠲᠦᠷᠭᠡᠨ ᠤ᠋ ᠵᠠᠰᠠᠮᠠᠯ ᠵᠠᠮ ᠤ᠋ᠨ ᠲᠡᠷᠭᠡᠨ ᠤᠷᠤᠰᠬᠠᠯ ᠤ᠋ᠨ ᠬᠡᠮᠵᠢᠶ᠎ᠠ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ ᠪᠠᠷᠤᠭ 4% ᠪᠡᠷ ᠨᠡᠮᠡᠭ᠌ᠳᠡᠬᠦ ᠪᠤᠯᠤᠨ᠎ᠠ᠃ ᠡᠬᠦᠨ ᠳ᠋ᠤ᠂ ᠴᠠᠭ ᠤ᠋ᠨ ᠲᠠᠷᠬᠠᠯᠲᠠ ᠢ᠋ᠢᠨ ᠲᠠᠯ᠎ᠠ ᠪᠡᠷ᠂ 4 ᠰᠠᠷ᠎ᠠ ᠢ᠋ᠢᠨ 3 ᠤ᠋ ᠡᠳᠦᠷ ᠡᠴᠡ ᠲᠡᠷᠭᠡᠨ ᠤᠷᠤᠰᠭᠠᠯ ᠤ᠋ᠨ ᠬᠡᠮᠵᠢᠶ᠎ᠡ ᠨᠡᠮᠡᠭ᠌ᠳᠡᠵᠦ᠍᠂ 4 ᠰᠠᠷ᠎ᠠ ᠢ᠋ᠢᠨ 4 ᠤ᠋ ᠡᠳᠦᠷ ᠣᠷᠭᠢᠯ ᠳ᠋ᠠᠭᠠᠨ ᠬᠦᠷᠤᠨ᠎ᠠ; ᠣᠷᠣᠨ ᠵᠠᠶ ᠢ᠋ᠢᠨ ᠲᠠᠷᠬᠠᠯᠲᠠ ᠢ᠋ᠢᠨ ᠲᠠᠯ᠎ᠠ ᠪᠠᠷ᠂ ᠣᠷᠳᠣᠰ ᠬᠣᠲᠠ᠂ ᠤᠯᠠᠭᠠᠨᠬᠠᠳᠠ ᠬᠣᠲᠠ᠂ ᠬᠥᠬᠡᠬᠣᠲᠠ᠂ ᠤᠯᠠᠭᠠᠨᠴᠠᠪ ᠬᠣᠲᠠ ᠪᠣᠯᠤᠨ ᠪᠤᠭᠤᠲᠤ ᠬᠣᠲᠠ ᠵᠡᠷᠭᠡ ᠠᠢᠮᠠᠭ ᠬᠣᠲᠠ ᠨᠢ ᠠᠶᠠᠯᠠᠯ ᠵᠢᠭᠤᠯᠴᠢᠯᠠᠯ ᠤ᠋ᠨ ᠬᠠᠯᠠᠮᠱᠢᠯ ᠭᠠᠵᠠᠷ ᠪᠤᠯᠤᠨ᠎ᠠ; ᠠᠶᠠᠨᠴᠢᠳ ᠤ᠋ᠨ ᠲᠠᠷᠬᠠᠯᠲᠠ ᠢ᠋ᠢᠨ ᠲᠠᠯ᠎ᠠ ᠪᠡᠷ᠂ ᠭᠤᠤᠯᠳᠠᠭᠤ G6 ᠪᠡᠭᠡᠵᠢᠩ — ᠲᠥᠪᠡᠳ ᠬᠥᠷᠬᠥ᠌ ᠲᠦᠷᠭᠡᠨ ᠤ᠋ ᠵᠠᠰᠠᠮᠠᠯ ᠵᠠᠮ ᠤ᠋ᠨ ᠤᠯᠠᠭᠠᠨᠴᠠᠪ — ᠬᠥᠬᠡᠬᠣᠲᠠ ᠬᠥᠷᠬᠥ᠌ ᠬᠡᠰᠡᠭ᠂ ᠪᠤᠭᠤᠲᠤ — ᠬᠥᠬᠡᠬᠣᠲᠠ ᠢ᠋ᠢᠨ ᠲᠦᠮᠡᠳ ᠪᠠᠷᠠᠭᠤᠨ ᠬᠣᠱᠢᠭᠤ ᠬᠥᠷᠬᠥ᠌ ᠬᠡᠰᠡᠭ᠂ G65 ᠪᠤᠭᠤᠲᠤ — ᠮᠤᠤ ᠮᠢᠡᠭ ᠬᠦᠷᠬᠦ ᠲᠦᠷᠭᠡᠨ ᠤ᠋ ᠵᠠᠰᠠᠮᠠᠯ ᠵᠠᠮ ᠤ᠋ᠨ ᠳ᠋ᠦᠩᠱᠧᠩ ᠤ᠋ᠨ ᠬᠡᠰᠡᠭ ᠵᠢᠴᠢ G45 ᠳ᠋ᠠᠴᠢᠡᠭ — ᠭᠤᠸᠠᠡᠭᠵᠸᠤ ᠬᠦᠷᠬᠦ ᠲᠦᠷᠭᠡᠨ ᠤ᠋ ᠵᠠᠰᠠᠮᠠᠯ ᠵᠠᠮ ᠤ᠋ᠨ ᠤᠯᠠᠭᠠᠨᠬᠠᠳᠠ ᠬᠣᠲᠠ ᠢ᠋ᠢᠨ ᠬᠣᠲᠠ ᠲᠣᠭᠣᠷᠢᠭ ᠲᠠᠶ ᠣᠢᠷᠠᠯᠴᠠᠭ᠎ᠠ ᠬᠡᠰᠡᠭ ᠲᠤ᠌ ᠲᠡᠷᠭᠡᠨ ᠤᠷᠤᠰᠭᠠᠯ ᠤ᠋ᠨ ᠬᠡᠮᠵᠢᠶ᠎ᠡ ᠨᠡᠯᠢᠶᠡᠳ ᠲᠦᠪᠯᠡᠷᠡᠬᠦ ᠪᠤᠯᠤᠨ᠎ᠠ᠃