ᠲᠦᠮᠡᠨ ᠭᠠᠵᠠᠷ ᠤ᠋ᠨ ᠬᠠᠳᠤᠨ ᠭᠣᠣᠯ ᠥᠪᠥᠷ ᠮᠣᠩᠭᠣᠯ ᠢ᠋ ᠤᠮᠳᠠᠯᠠᠨ ᠦᠵᠡᠰᠭᠦᠯᠡᠩᠲᠦ ᠰᠠᠢᠬᠠᠨ 《ᠶᠡᠬᠡ ᠲᠤᠬᠤᠢ》 ᠤᠷᠤᠨ ᠢ᠋ ᠪᠦᠳᠦᠭᠡᠵᠦ᠂ ᠬᠠᠪᠤᠷ ᠤ᠋ᠨ ᠤᠷᠢᠨ ᠳ᠋ᠦ ᠡᠭᠡ ᠳᠡᠯᠡᠬᠡᠢ ᠤᠶᠠᠰᠤᠨ ᠮᠥᠰᠥᠨ ᠭᠣᠣᠯ ᠬᠠᠢᠯᠤᠨ ᠤᠷᠤᠰᠤᠨ᠎ᠠ ᠃ ᠲᠦᠷᠦᠭᠦᠬᠡᠨ 2026 ᠣᠨ ᠤ᠋ ᠥᠪᠥᠷ ᠮᠣᠩᠭᠣᠯ ᠤ᠋ᠨ ᠬᠠᠲᠤᠨ ᠭᠤᠤᠯ ᠤ᠋ᠨ ᠰᠦᠩ ᠬᠠᠯᠢᠶ᠎ᠠ ᠵᠢ ᠰᠣᠨᠢᠷᠬᠠᠬᠤ ᠰᠣᠶᠣᠯ ᠤ᠋ᠨ ᠭᠠᠷᠠᠭ ᠤ᠋ᠨ ᠠᠵᠢᠯᠯᠠᠭ᠎ᠠ ᠪᠤᠭᠤᠲᠤ ᠳ᠋ᠦ ᠬᠥᠷ ᠬᠥᠭ᠌ᠵᠢᠶᠡᠨ ᠲᠡᠶ ᠶᠠᠪᠤᠭᠳᠠᠪᠠ᠃ ᠡᠨᠡ ᠬᠦ᠌ ᠰᠥᠩ ᠬᠠᠯᠢᠶ᠎ᠠ ᠪᠡᠷ ᠦᠵᠡᠮᠵᠢ ᠪᠣᠯᠭᠠᠭ᠍ᠰᠠᠨ᠂ ᠵᠢᠭᠠᠰᠤ ᠵᠢᠷᠠᠭᠠᠬᠠᠢ ᠪᠡᠷ ᠵᠠᠭᠤᠴᠢ ᠪᠣᠯᠭᠠᠭ᠍ᠰᠠᠨ᠂ ᠰᠣᠶᠣᠯ ᠢ᠋ᠶ᠋ᠠᠷ ᠰᠦᠨᠡᠰᠦ ᠪᠣᠯᠭᠠᠭ᠍ᠰᠠᠨ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ᠋ ᠰᠣᠶᠣᠯ ᠵᠢᠭᠤᠯᠴᠢᠯᠠᠯ ᠤ᠋ᠨ ᠭᠦᠨᠵᠡᠭᠡᠶ ᠠᠭᠤᠰᠤᠯᠴᠠᠯ ᠢ᠋ ᠠᠬᠢᠭᠤᠯᠤᠭ᠍ᠰᠠᠨ ᠨᠢᠭᠡᠨ ᠬᠠᠢᠨ ᠰᠦᠪᠡᠭ᠌ᠴᠢᠯᠡᠯᠳᠡ ᠪᠠ ᠱᠢᠨᠡᠴᠢᠯᠡᠯᠳᠡ ᠪᠤᠯᠤᠭᠰᠠᠨ ᠵᠢᠡᠷ ᠪᠠᠷᠠᠬᠤ ᠥᠬᠡᠶ ᠨᠠᠩ ᠴᠤ᠌ ᠬᠠᠳᠤᠨ ᠭᠤᠤᠯ ᠳᠠᠭᠠᠤ ᠠᠷᠠᠳ ᠲᠦᠮᠡᠨ ᠤ᠋ 《ᠬᠠᠪᠤᠷ ᠤ᠋ᠨ ᠡᠯᠪᠡᠭ ᠬᠤᠷᠢᠶᠠᠯᠲᠠ》 ᠪᠣᠯᠵᠠᠢ᠃
ᠪᠤᠭᠤᠲᠤ ᠶ᠋ᠢᠨ 《ᠲᠩᠷᠢ ᠶ᠋ᠢᠨ ᠳᠣᠣᠷᠠᠬᠢ ᠬᠠᠳᠤᠨ ᠭᠣᠣᠯ ᠤ᠋ᠨ ᠨᠢᠭᠡᠳᠦᠭᠡᠷ ᠲᠣᠰᠭᠣᠨ》 ᠬᠡᠮᠡᠭᠳᠡᠭᠰᠡᠨ ᠬᠤᠸᠠ ᠵᠢᠶᠠᠩ ᠶᠢᠩᠽᠢ ᠲᠣᠰᠭᠣᠨ ᠤ᠋ ᠠᠷᠠᠳ ᠲᠦᠮᠡᠨ ᠳ᠋ᠤ ᠠᠪᠴᠤ᠌ ᠬᠡᠯᠡᠪᠡᠯ᠂ ᠡᠨᠡ ᠵᠢᠯ ᠤ᠋ᠨ ᠭᠤᠤᠯ ᠴᠦᠯᠡᠯᠬᠡ ᠣᠨᠴᠠᠭᠠᠢ ᠬᠦᠷ ᠬᠥᠭ᠌ᠵᠢᠶᠡᠨ ᠲᠡᠶ᠃ ᠲᠣᠰᠭᠣᠨ ᠤ᠋ ᠵᠠᠬ᠎ᠠ ᠶ᠋ᠢᠨ ᠵᠠᠩ ᠣᠪᠣᠭ᠍ᠲᠤ ᠶ᠋ᠢᠨ ᠵᠢᠭᠠᠰᠤᠨ ᠤ᠋ ᠬᠣᠭᠣᠯᠠᠨ ᠭᠡᠷ ᠲᠦ᠍ ᠲᠡᠮᠦᠷ ᠲᠣᠭᠣᠭᠠᠨ ᠳ᠋ᠦ ᠴᠢᠨᠠᠭ᠍ᠰᠠᠨ ᠵᠢᠭᠠᠰᠤᠨ ᠤ᠋ ᠠᠩᠬᠢᠯᠤᠮ᠎ᠠ ᠦᠨᠦᠷ ᠬᠠᠩᠬᠤᠯᠵᠤ᠂ ᠵᠠᠩ ᠭᠤᠸᠠᠢ ᠤᠨᠠᠭᠰᠠᠨ ᠮᠠᠯᠠᠭᠠᠢ ᠪᠠᠨ ᠠᠪᠬᠤ ᠵᠠᠪ ᠦᠬᠡᠢ ᠶᠠᠭᠠᠷᠠᠨ᠎ᠠ᠃ 《ᠡᠨᠡ ᠬᠣᠶᠠᠷ ᠡᠳᠦᠷ ᠭᠣᠣᠯ ᠴᠦᠯᠡᠯᠬᠡ ᠵᠢᠨ ᠵᠢᠭᠠᠰᠤ ᠢᠳᠡᠬᠦ᠌ ᠪᠡᠷ ᠢᠷᠡᠭ᠌ᠰᠡᠨ ᠵᠣᠴᠢᠨ ᠡᠩ ᠤ᠋ᠨ ᠦᠶ᠎ᠡ ᠶ᠋ᠢᠨ ᠬᠢ ᠡᠴᠡ ᠪᠡᠷᠤᠭ ᠳᠠᠬᠢᠨ ᠵᠢᠡᠷ ᠨᠡᠮᠡᠭᠳᠡᠵᠠᠢ᠂ ᠪᠦᠷ ᠯᠡ ᠱᠢᠨ᠎ᠡ ᠰᠣᠷᠭᠣᠭ ᠵᠢᠭᠠᠰᠤ ᠵᠢ ᠢᠳᠡᠬᠦ ᠪᠡᠷ ᠵᠣᠷᠢᠵᠤ ᠢᠷᠡᠭ᠌ᠰᠡᠨ ᠬᠦᠮᠦᠰ》 ᠬᠡᠵᠦ ᠲᠡᠷᠡ ᠬᠡᠯᠡᠨ᠎ᠠ᠃ ᠬᠠᠲᠤᠨ ᠭᠤᠤᠯ ᠤ᠋ᠨ ᠪᠤᠭᠤᠲᠤ ᠶ᠋ᠢᠨ ᠬᠡᠰᠡᠭ ᠲᠡᠬᠢ ᠣᠨᠴᠠᠭᠠᠶ ᠤᠰᠤᠨ ᠣᠷᠣᠨ ᠤ᠋ ᠣᠷᠴᠢᠨ ᠨᠦᠬᠦᠴᠡᠯ ᠪᠣᠯᠤᠨ ᠬᠡᠳᠦᠨ ᠰᠠᠷ᠎ᠠ ᠦᠷᠬᠦᠯᠵᠢᠯᠡᠨ ᠭᠤᠤᠯ ᠬᠦᠯᠳᠡᠬᠦ ᠡᠴᠡ ᠪᠤᠯᠵᠦ᠂ ᠭᠤᠤᠯ ᠴᠦᠯᠡᠯᠬᠡ ᠵᠢᠨ ᠵᠢᠭᠠᠰᠤᠨ ᠤ᠋ ᠮᠢᠬ᠎ᠠ ᠨᠢ ᠨᠢᠭ᠍ᠲᠠ ᠪᠥᠭᠡᠳ ᠠᠮᠳᠠ ᠰᠢᠮ᠎ᠠ ᠰᠠᠢᠳᠠᠢ ᠪᠠᠢᠳᠠᠭ᠂ ᠤᠨᠴᠠᠭᠠᠢᠯᠠᠨ ᠬᠠᠲᠤᠨ ᠭᠤᠤᠯ ᠤ᠋ᠨ ᠮᠥᠷᠭᠥ᠌ ᠵᠢᠭᠠᠰᠤ ᠨᠢ ᠬᠤᠯᠠ ᠤᠢᠷ᠎ᠠ ᠳ᠋ᠦ ᠠᠯᠳᠠᠷᠱᠢᠵᠠᠶ᠃ ᠬᠠᠳᠤᠨ ᠭᠤᠤᠯ ᠤ᠋ᠨ ᠬᠦᠪᠡᠬᠡ ᠳᠠᠭᠠᠤ ᠪᠡᠷ ᠵᠠᠩ ᠭᠤᠸᠠᠢ ᠵᠢᠨ ᠱᠢᠭ᠋ ᠵᠢᠭᠠᠰᠤᠨ ᠤ᠋ ᠬᠣᠭᠣᠯᠠᠨ ᠭᠡᠷ 300 ᠭᠠᠷᠤᠢ ᠪᠠᠢᠵᠦ᠂ ᠠᠢᠯ ᠪᠣᠯᠭᠠᠨ ᠪᠦᠷ 《ᠵᠢᠭᠠᠰᠤ ᠵᠢ ᠤᠯᠠᠨ ᠶᠠᠩᠵᠦ ᠪᠡᠷ ᠬᠢᠵᠦ ᠴᠢᠳᠠᠬᠤ》 ᠭᠣᠴᠣ ᠡᠷᠳᠡᠮ ᠲᠡᠶ᠂ ᠲᠡᠮᠦᠷ ᠲᠣᠭᠣᠭᠠᠨ ᠳ᠋ᠦ ᠴᠢᠨᠠᠬᠤ᠂ ᠲᠣᠰᠣᠨ ᠳ᠋ᠦ ᠪᠤᠴᠠᠯᠭᠠᠬᠤ ᠂ ᠡᠯᠳᠡᠪ ᠵᠢᠭᠠᠰᠤᠨ ᠤ᠋ ᠳᠠᠢᠯᠠᠯᠭ᠎ᠠ ᠬᠡᠬᠦᠴᠢᠯᠡᠨ ᠦᠶ᠎ᠡ ᠳᠠᠮᠵᠢᠨ ᠤᠯᠠᠮᠵᠢᠯᠠᠭ᠍ᠳᠠᠭ᠍ᠰᠠᠨ ᠭᠠᠷ ᠤ᠋ᠨ ᠤᠷ᠎ᠠ ᠨᠢ ᠬᠠᠮᠤᠭ ᠤᠯᠠᠨᠤ ᠪᠠᠬᠠᠷᠤᠯ ᠢ᠋ ᠤᠯᠤᠭᠰᠠᠨ ᠶᠤᠮ᠃
ᠰᠣᠶᠣᠯ ᠤ᠋ᠨ ᠭᠠᠷᠠᠭ ᠤ᠋ᠨ ᠠᠵᠢᠯᠯᠠᠭᠠᠨ ᠤ᠋ ᠬᠤᠭᠤᠴᠠᠭᠠᠨ ᠳ᠋ᠦ ᠶᠠᠪᠤᠭ᠍ᠳᠠᠭ᠍ᠰᠠᠨ ᠲᠣᠰᠭᠣᠨ ᠤ᠋ ᠲᠣᠭᠣᠭᠠᠴᠢ ᠶ᠋ᠢᠨ ᠤᠷᠤᠯᠳᠤᠭᠠᠨ ᠨᠢ ᠨᠡᠩ ᠴᠤ᠌ ᠲᠣᠰᠭᠣᠨ ᠤ᠋ ᠲᠣᠭᠣᠭᠠᠴᠢᠳ ᠤ᠋ᠨ ᠤᠷ᠎ᠠ ᠡᠷᠳᠡᠮ ᠢ᠋ ᠤᠯᠠᠨ ᠳ᠋ᠦ ᠭᠠᠢᠬᠠᠭᠤᠯᠵᠠᠢ᠃ 8 ᠲᠥᠯᠥᠭᠡᠯᠡᠭ᠌ᠴᠢ ᠵᠢᠨ ᠠᠩᠭᠢ ᠥᠪᠡᠷ ᠥᠪᠡᠷ ᠤ᠋ᠨ ᠠᠪᠢᠶᠠᠰ ᠴᠢᠳᠠᠪᠤᠷᠢ ᠪᠠᠨ ᠪᠠᠳᠠᠷᠠᠭᠤᠯᠵᠤ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠵᠢᠭᠠᠰᠤ ᠬᠢᠬᠦ᠌ ᠤᠷ᠎ᠠ ᠮᠡᠷᠭᠡᠵᠢᠯ᠂ ᠬᠥᠳᠡᠭᠡ ᠲᠣᠰᠭᠣᠨ ᠤ᠋ ᠠᠮᠳᠠᠳᠦ ᠬᠤᠭᠤᠯᠠ ᠵᠢ ᠱᠢᠷᠡᠭᠡᠨ ᠳ᠋ᠦ ᠭᠠᠷᠭᠠᠵᠤ᠂ ᠵᠢᠭᠤᠯᠴᠢᠯᠠᠭᠰᠠᠳ ᠲᠦ᠍ ᠬᠠᠲᠤᠨ ᠭᠤᠤᠯ ᠤ᠋ᠨ ᠢᠳᠡᠭᠡᠨ ᠤᠮᠳᠠᠭᠠᠨ ᠤ᠋ ᠰᠣᠶᠣᠯ ᠤ᠋ᠨ ᠠᠮᠢᠳᠤᠯᠢᠭ ᠤᠯᠠᠮᠵᠢᠯᠠᠯ ᠢ᠋ ᠮᠡᠳᠡᠷᠡᠭᠦᠯᠪᠡ᠃ ᠵᠠᠷᠢᠮ ᠲᠣᠰᠭᠣᠨ ᠤ᠋ ᠠᠷᠠᠳ᠄ 《ᠮᠠᠨ ᠤ᠋ ᠡᠨᠡ ᠭᠠᠷ ᠤ᠋ᠨ ᠤᠷ᠎ᠠ ᠲᠡᠮ ᠢ᠋ ᠡᠩ ᠤ᠋ᠨ ᠴᠠᠭ ᠲᠦ᠍ ᠵᠥᠪᠬᠡᠨ ᠲᠣᠰᠭᠣᠨ ᠤ᠋ ᠬᠥᠮᠦᠰ ᠯᠡ ᠤᠯᠵᠦ ᠬᠦᠷᠳᠡᠨ᠎ᠠ᠂ ᠤᠳᠤ ᠬᠣᠲᠠ ᠶ᠋ᠢᠨ ᠬᠥᠮᠦᠰ᠂ ᠭᠠᠳᠠᠨ᠎ᠠ ᠣᠷᠣᠨ ᠤ᠋ ᠬᠥᠮᠦᠰ ᠪᠦᠷ ᠬᠦᠷᠳᠡᠬᠦ ᠪᠤᠯᠵᠦ᠂ ᠶᠡᠬᠡ ᠰᠠᠢᠨ ᠭᠡᠵᠦ᠍ ᠮᠠᠭ᠍ᠲᠠᠵᠦ ᠪᠠᠢᠨ᠎ᠠ᠂ ᠪᠢᠳᠡᠨ ᠴᠦ᠍ ᠮᠠᠰᠢ ᠪᠠᠶᠠᠷᠳᠠᠢ ᠪᠠᠢᠨ᠎ᠠ》 ᠭᠡᠵᠦ ᠬᠡᠯᠡᠨ᠎ᠠ᠃
ᠰᠦᠩ ᠲᠦᠷᠢᠵᠦ ᠵᠠᠢᠷ ᠬᠦᠶᠦᠬᠦ ᠨᠢ ᠪᠠᠢᠭᠠᠯᠢ ᠶ᠋ᠢᠨ ᠭᠠᠢᠬᠠᠮᠱᠢᠭ᠍ᠲᠤ ᠦᠵᠡᠮᠵᠢ ᠲᠡᠳᠦᠢ ᠦᠬᠡᠢ ᠨᠡᠩ ᠴᠤ᠌ ᠬᠦᠪᠡᠬᠡ ᠳᠠᠭᠠᠤ ᠵᠢᠨ ᠬᠥᠮᠦᠰ ᠤ᠋ᠨ ᠠᠮᠢᠳᠤᠷᠠᠯ ᠤ᠋ᠨ ᠬᠤᠪᠢᠷᠠᠯᠲᠠ ᠵᠢ ᠠᠴᠢᠶᠠᠯᠠᠵᠤ ᠪᠠᠢᠳᠠᠭ ᠶᠤᠮ᠃ ᠠᠵᠢᠯᠯᠠᠭᠠᠨ ᠤ᠋ ᠭᠤᠤᠯ ᠲᠠᠯᠠᠪᠤᠷ ᠪᠤᠯᠬᠤ 《ᠲᠡᠭᠷᠢ ᠵᠢᠨ ᠲᠤᠤᠷᠠᠬᠢ ᠬᠠᠲᠤᠨ ᠭᠤᠤᠯ ᠤ᠋ᠨ ᠨᠢᠭᠡᠳᠦᠭᠡᠷ ᠲᠣᠰᠭᠣᠨ》 ᠪᠣᠯ ᠰᠤᠯᠠ ᠳᠠᠯᠪᠢᠭᠳᠠᠵᠦ ᠪᠠᠢᠭᠰᠠᠨ ᠡᠬᠢ ᠪᠠᠶᠠᠯᠢᠭ ᠢ᠋ ᠠᠮᠢᠳᠤᠯᠢᠭ ᠠᠰᠢᠭᠯᠠᠵᠦ ᠪᠠᠢᠭᠤᠯᠤᠭᠰᠠᠨ ᠰᠣᠶᠣᠯ ᠵᠢᠭᠤᠯᠴᠢᠯᠠᠯ ᠤ᠋ᠨ ᠶᠡᠷᠦᠩᠬᠡᠢᠯᠡᠭ᠌ᠰᠡᠨ ᠴᠣᠭ᠍ᠴᠠ ᠪᠣᠯᠤᠨ᠎ᠠ᠃ ᠬᠤᠸᠠ ᠵᠢᠶᠠᠩ ᠶᠢᠩᠽᠢ ᠲᠣᠰᠭᠣᠨ ᠤ᠋ ᠤᠤᠯ ᠤ᠋ᠨ ᠳᠦᠷᠰᠦ ᠪᠠᠢᠳᠠᠯ ᠢ᠋ ᠬᠡᠪ ᠢ᠋ᠶ᠋ᠡᠷ ᠨᠢ ᠦᠯᠡᠳᠡᠭᠡᠭ᠌ᠰᠡᠨ ᠰᠠᠭᠤᠷᠢᠨ ᠳᠡᠭᠡᠷ᠎ᠡ 35 ᠥᠪᠡᠷᠮᠢᠴᠡ ᠤᠨᠴᠠᠯᠢᠬ᠍ᠳᠤ ᠬᠦᠷᠢᠶ᠎ᠡ᠂ 8 ᠶᠡᠬᠡ ᠴᠢᠳᠠᠮᠵᠢᠳᠤ ᠣᠷᠣᠨ ᠪᠦᠰᠡ ᠵᠢ ᠪᠠᠢᠭᠤᠯᠤᠨ ᠠᠱᠢᠭ᠍ᠯᠠᠯᠲᠠ ᠳ᠋ᠦ ᠣᠷᠣᠭᠤᠯᠵᠤ᠂ ᠰᠤᠯᠠ ᠲᠠᠯᠪᠢᠭᠳᠠᠵᠤ ᠪᠠᠢᠭᠰᠠᠨ ᠲᠠᠷᠢᠶᠠᠴᠢᠨ ᠤ᠋ ᠬᠡᠷ ᠪᠠᠢᠱᠢᠩ ᠢ᠋ ᠠᠷᠠᠳ ᠤ᠋ᠨ ᠰᠠᠭᠤᠴᠠ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠢᠯᠡᠳᠭᠡᠯ ᠤ᠋ᠨ ᠭᠠᠵᠠᠷ ᠪᠣᠯᠭᠠᠨ ᠬᠤᠪᠢᠷᠠᠭᠤᠯᠪᠠ᠃ ᠲᠣᠰᠭᠣᠨ ᠤ᠋ ᠠᠷᠠᠳ ᠲᠦᠷᠢᠶᠡᠰᠦᠨ ᠮᠥᠩᠭᠥ᠌ ᠤᠯᠬᠤ ᠪᠡᠷ ᠪᠠᠷᠠᠬᠤ ᠦᠭᠡᠢ ᠪᠠᠰᠠ ᠭᠡᠷ ᠤ᠋ᠨ ᠢ᠋ᠶ᠋ᠡᠨ ᠡᠭᠦᠳᠡᠨ ᠳ᠋ᠦ ᠠᠵᠢᠯ ᠣᠯᠵᠤ᠂ ᠵᠠᠷᠢᠮ ᠨᠢ ᠠᠷᠠᠳ ᠤ᠋ᠨ ᠣᠷᠣᠨ ᠰᠠᠭᠤᠴᠠ ᠳ᠋ᠦ ᠬᠠᠮᠢᠶᠠᠷᠤᠭ᠍ᠴᠢ ᠪᠤᠯᠵᠤ᠂ ᠵᠠᠷᠢᠮ ᠨᠢ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠢᠯᠡᠳᠭᠡᠯ ᠤ᠋ᠨ ᠭᠠᠵᠠᠷ ᠲᠦ᠍ ᠵᠢᠭᠤᠯᠴᠢᠯᠠᠭᠰᠠᠳ ᠲᠦ᠍ ᠴᠠᠭᠠᠰᠤᠨ ᠬᠠᠢᠴᠢᠯᠠᠮᠠᠯ ᠬᠢᠵᠦ᠍ ᠥᠭ᠌ᠬᠦᠨ᠂ ᠪᠠᠰᠠ ᠵᠠᠷᠢᠮ ᠨᠢ 《ᠪᠤᠭᠤᠲᠤ ᠶ᠋ᠢᠨ ᠰᠠᠢ᠌ᠨ ᠠᠮᠤ》 ᠵᠢᠨ ᠵᠠᠬ᠎ᠠ ᠳᠡᠯᠭᠡᠭᠦᠷ ᠳᠡᠭᠡᠷ᠎ᠡ ᠥᠪᠡᠷ ᠤ᠋ᠨ ᠣᠷᠭᠠᠨᠢᠭ ᠠᠮᠤ ᠪᠤᠳᠠᠭ᠎ᠠ᠂ ᠴᠢᠨᠠᠷ ᠰᠠᠢᠲᠠᠢ ᠵᠢᠮᠢᠰ ᠨᠣᠭᠣᠭ᠎ᠠ ᠪᠠᠨ ᠳᠡᠯᠭᠡᠨ ᠬᠤᠳᠠᠯᠳᠤᠵᠤ ᠪᠠᠢᠨ᠎ᠠ᠃ ᠠᠲᠠᠷ ᠬᠠᠭᠠᠯᠪᠤᠷᠢᠯᠠᠯᠲᠠ ᠶ᠋ᠢᠨ ᠪᠦᠯᠦᠭ᠌ᠯᠡᠯ ᠤ᠋ᠨ ᠬᠦᠷᠦᠰᠦ ᠦᠬᠡᠢ ᠪᠡᠷ ᠦᠨᠳᠦᠷ ᠲᠦ᠍ ᠳᠠᠷᠢᠭᠰᠠᠨ ᠭᠦᠵᠡᠯᠵᠡᠭᠡᠨ᠎ᠡ᠂ ᠨᠤᠭᠤᠭ᠎ᠠ ᠵᠢᠮᠢᠰ ᠲᠡᠭᠦᠬᠦ᠌ ᠵᠡᠷᠭᠡ ᠲᠥᠷᠥᠯ ᠵᠦᠶ᠋ᠯ ᠨᠢ ᠴᠦ᠍ ᠲᠣᠰᠭᠣᠨ ᠤ᠋ ᠠᠷᠠᠳ ᠤ᠋ᠨ ᠨᠤᠲᠤᠭ ᠤ᠋ᠨ ᠣᠨᠴᠠ ᠭᠠᠷᠤᠯᠲᠠ ᠵᠢ ᠱᠢᠨ᠎ᠡ ᠪᠣᠷᠣᠯᠠᠭᠤᠯᠭ᠎ᠠ ᠶ᠋ᠢᠨ ᠵᠠᠮ ᠲᠠᠶ ᠪᠣᠯᠭᠠᠵᠠᠶ᠃
ᠪᠤᠭᠤᠲᠤ ᠬᠣᠲᠠ ᠶ᠋ᠢᠨ ᠬᠤᠳᠠᠯᠳᠤᠭᠠᠨ ᠤ᠋ ᠶᠠᠪᠤᠳᠠᠯ ᠤ᠋ᠨ ᠲᠣᠪᠴᠢᠶ᠎ᠠ ᠪᠠᠰᠠ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡᠨ ᠤ᠋ ᠲᠡᠮᠳᠡᠭ᠌ᠲᠦ᠍ ᠵᠢ ᠲᠠᠷᠬᠠᠭᠠᠵᠤ᠂ ᠦᠵᠡᠮᠵᠢ ᠶ᠋ᠢᠨ ᠣᠷᠣᠨ᠂ ᠬᠣᠭᠣᠯᠠᠨ ᠬᠡᠷ ᠪᠠ ᠬᠡᠲᠦ ᠳᠡᠯᠭᠡᠭᠦᠷ ᠢ᠋ ᠬᠣᠯᠪᠣᠨ᠂ ᠤᠯᠠᠨ ᠲᠦᠷᠦᠯ ᠤ᠋ᠨ ᠬᠢᠮᠳᠠᠷᠠᠯ ᠭᠠᠷᠭᠠᠪᠠ᠃ 《ᠢᠲᠡᠭᠡᠮᠵᠢ ᠶ᠋ᠢᠨ ᠲᠡᠮᠳᠡᠭ》 ᠲᠠᠪᠴᠠᠩ ᠡᠴᠡ ᠢᠳᠡᠭᠡᠨ ᠤᠮᠳᠠᠭᠠᠨ ᠤ᠋ ᠬᠢᠮᠳᠠᠷᠠᠯ ᠤ᠋ᠨ ᠲᠡᠮᠳᠡᠭᠳᠦ ᠤᠯᠤᠭᠰᠠᠨ ᠵᠢᠭᠤᠯᠴᠢᠯᠠᠭ᠍ᠰᠠᠳ ᠳᠡᠯᠭᠡᠭᠦᠷ ᠲᠦ᠍ ᠣᠷᠣᠵᠤ ᠶᠠᠭᠤᠮ᠎ᠠ ᠬᠤᠳᠠᠯᠳᠤᠨ ᠠᠪᠤᠪᠠᠯ ᠨᠡᠩ ᠢᠯᠡᠭᠦᠦ ᠬᠠᠷᠠᠭᠠᠯᠵᠠᠯ ᠲᠠᠶ ᠪᠣᠯᠵᠤ᠂ ᠵᠢᠭᠠᠰᠤᠨ ᠤ᠋ ᠬᠣᠭᠣᠯᠠᠨ ᠭᠡᠷ ᠤ᠋ᠨ ᠠᠷᠠᠯᠵᠢᠶ᠎ᠠ ᠴᠦ᠍ ᠳᠠᠭᠠᠯᠳᠤᠨ ᠬᠦᠭᠵᠢᠶᠡᠨᠳᠡᠢ ᠪᠤᠯᠵᠠᠢ᠃ 《ᠰᠤᠶᠤᠯ ᠤ᠋ᠨ ᠭᠠᠷᠠᠭ ᠤ᠋ᠨ ᠠᠵᠢᠯᠯᠠᠭ᠎ᠠ ᠬᠢᠭᠰᠡᠨ ᠡᠨᠡ ᠬᠡᠳᠦᠨ ᠡᠳᠦᠷ ᠬᠤᠭᠤᠯᠠᠨ ᠭᠡᠷ ᠤ᠋ᠨ ᠤᠷᠤᠯᠭ᠎ᠠ ᠨᠢ ᠡᠩ ᠤ᠋ᠨ ᠦᠶ᠎ᠡ ᠵᠢᠨ ᠬᠢ ᠡᠴᠡ 2 ᠳᠠᠬᠢᠨ ᠨᠡᠮᠡᠭ᠌ᠳᠡᠵᠡᠢ᠂ ᠡᠨᠡ ᠨᠢ ᠪᠦᠷ ᠭᠤᠤᠯ ᠴᠦᠯᠡᠯᠭᠡ ᠵᠢᠨ ᠨᠠᠢᠷ ᠬᠢᠭᠰᠡᠨ ᠤ᠋ ᠰᠠᠢᠨ ᠶᠤᠮ》 ᠭᠡᠵᠤ ᠨᠢᠭᠡᠨ ᠵᠢᠭᠠᠰᠤᠨ ᠤ᠋ ᠬᠣᠭᠣᠯᠠᠨ ᠭᠡᠷ ᠤ᠋ᠨ ᠡᠵᠡᠨ ᠬᠡᠯᠡᠨ᠎ᠠ᠃
ᠪᠤᠭᠤᠳᠤ ᠬᠤᠳᠠ ᠦᠷᠯᠦᠬᠡ ᠡᠴᠡ ᠦᠳᠡᠰᠢ ᠪᠣᠯᠲᠠᠯ᠎ᠠ ᠰᠤᠶᠤᠯ ᠤ᠋ᠨ ᠭᠠᠷᠠᠭ ᠤ᠋ᠨ ᠠᠵᠢᠯᠯᠠᠭ᠎ᠠ ᠵᠢ ᠡᠯᠪᠡᠭ ᠲᠤᠬᠢᠷᠠᠭᠤᠯᠵᠠᠢ᠃ ᠡᠳᠦᠷ ᠨᠢ ᠭᠤᠤᠯ ᠴᠦᠯᠡᠯᠬᠡ ᠵᠢᠨ ᠵᠢᠭᠠᠰᠤᠨ ᠤ᠋ ᠠᠮᠳᠠᠳᠦ ᠵᠠᠭᠤᠰᠢ ᠵᠢ ᠠᠮᠳᠠᠯᠠᠵᠤ᠂ ᠠᠷᠰᠯᠠᠨ ᠪᠦᠵᠢᠭᠯᠡᠬᠦᠯᠦᠨ᠂ ᠲᠩᠷᠢ ᠶ᠋ᠢᠨ ᠥᠬᠢᠨ ᠴᠡᠴᠡᠭ ᠰᠠᠴᠤᠵᠤ᠂ ᠬᠠᠲᠤᠨ ᠭᠣᠣᠯ ᠢ᠋ ᠲᠠᠭᠠᠨ ᠳᠤᠭᠤᠶ ᠤᠨᠤᠵᠤ᠂ ᠣᠷᠣᠢ ᠳ᠋ᠠᠭᠠᠨ DJ ᠳᠠᠭᠤᠤ ᠬᠥᠭ᠌ᠵᠢᠮ ᠢ᠋ᠶ᠋ᠡᠷ ᠨᠠᠷᠭᠢᠯᠳᠤᠨ᠂ ᠪᠣᠳᠠᠰ ᠤ᠋ᠨ ᠪᠤᠰᠤ ᠰᠣᠶᠣᠯ ᠤ᠋ᠨ ᠥᠪ ᠪᠤᠯᠬᠤ ᠲᠡᠮᠦᠷ ᠤ᠋ᠨ ᠤᠴᠢ ᠪᠠᠳᠠᠷᠠᠭᠠᠨ᠎ᠠ᠃ ᠰᠦᠷ ᠬᠦᠴᠦᠲᠦ ᠬᠠᠷᠠᠩᠭ᠎ᠠ ᠬᠡᠩᠭᠡᠷᠭᠡ᠂ ᠤᠯᠠᠮᠵᠢᠯᠠᠯᠲᠤ ᠲᠡᠮᠦᠷ ᠤ᠋ᠨ ᠤᠴᠢ ᠪᠠᠳᠠᠷᠠᠭᠠᠬᠤ ᠵᠡᠷᠬᠡ ᠵᠢ ᠦᠨᠳᠦᠰᠦᠳᠡᠨ ᠤ᠋ ᠬᠤᠪᠴᠠᠰᠤ ᠵᠠᠰᠠᠯ᠂ ᠴᠠᠭ ᠤ᠋ᠨ ᠤᠷᠤᠰᠬᠠᠯᠳᠦ ᠳᠠᠭᠤᠤ ᠪᠦᠵᠢᠭ ᠲᠠᠢ ᠤᠶᠠᠯᠳᠤᠭᠤᠯᠵᠦ᠂ ᠴᠥᠭᠡᠨ ᠪᠤᠰᠤ ᠵᠠᠯᠠᠭᠤᠴᠤᠳ ᠤ᠋ᠨ ᠠᠩᠬᠠᠷᠤᠯ ᠢ᠋ ᠲᠠᠲᠠᠪᠠ᠃ ᠵᠠᠷᠢᠮ ᠲᠣᠰᠭᠣᠨ ᠤ᠋ ᠠᠷᠠᠳ᠄ 《ᠥᠩᠭᠡᠷᠡᠭ᠌ᠰᠡᠨ ᠳ᠋ᠦ ᠴᠠᠭᠠᠨ ᠰᠠᠷ᠎ᠠ ᠶ᠋ᠢᠨ ᠠᠷᠪᠠᠨ ᠲᠠᠪᠤᠨ ᠤ᠋ ᠦᠯᠵᠡᠢᠳᠦ ᠡᠳᠦᠷ ᠥᠩᠭᠡᠷᠡᠪᠡᠯ ᠲᠣᠰᠭᠣᠨ ᠡᠯᠦᠢ ᠬᠤᠯᠤᠢ ᠪᠣᠯᠴᠢᠬᠠᠳᠠᠭ᠂ ᠤᠳᠤ ᠬᠦᠷ ᠬᠥᠭ᠌ᠵᠢᠶᠡᠨ ᠨᠢ ᠰᠠᠷ᠎ᠠ ᠭᠠᠷᠤᠢ ᠦᠷᠭᠦᠯᠵᠢᠯᠡᠬᠦ ᠪᠣᠯᠵᠠᠢ》 ᠭᠡᠵᠦ ᠬᠡᠯᠡᠨ᠎ᠠ᠃
ᠨᠠᠩ ᠴᠢᠬᠤᠯᠠ ᠨᠢ ᠡᠨᠡ ᠤᠳᠠᠭ᠎ᠠ ᠵᠢᠨ ᠠᠵᠢᠯᠯᠠᠭ᠎ᠠ ᠳ᠋ᠤ ᠰᠣᠶᠣᠯ ᠵᠢᠭᠤᠯᠴᠢᠯᠠᠯ ᠤ᠋ᠨ 《ᠤᠯᠠᠷᠢᠯ ᠤ᠋ᠨ ᠬᠢᠵᠠᠭᠠᠷᠯᠠᠯ》 ᠢ᠋ ᠡᠪᠳᠡᠪᠡ᠃ ᠡᠵᠡᠩᠨᠡᠯᠲᠡ ᠶ᠋ᠢᠨ ᠲᠠᠯ᠎ᠠ ᠶ᠋ᠢᠨ ᠬᠢᠨ ᠲᠤᠰᠭᠠᠶ ᠪᠦᠯᠬᠦᠮ ᠤᠷᠢᠵᠦ᠂ ᠴᠦᠬᠡᠨ ᠬᠥᠷᠥᠩᠭᠡ ᠪᠡᠷ ᠤᠯᠠᠨ ᠠᠰᠢᠭ ᠡᠬᠦᠳᠤᠨ᠂ ᠬᠠᠪᠤᠷ ᠭᠤᠤᠯ ᠴᠦᠯᠡᠯᠬᠡ ᠵᠢᠨ ᠰᠣᠶᠣᠯ ᠤ᠋ᠨ ᠭᠠᠷᠠᠭ ᠤ᠋ᠨ ᠠᠵᠢᠯᠯᠠᠭ᠎ᠠ ᠡᠷᠭᠢᠯᠡᠵᠦ᠍᠂ ᠵᠤᠨ ᠨᠤᠭᠤ ᠭᠠᠵᠠᠷ ᠬᠡᠭᠡᠷᠡᠯᠡᠨ ᠪᠠᠭᠤᠳᠠᠯᠯᠠᠵᠤ᠂ ᠨᠠᠮᠤᠷ ᠡᠯᠪᠡᠭ ᠬᠤᠷᠢᠶᠠᠯᠲᠠ ᠶ᠋ᠢᠨ ᠵᠠᠬ᠎ᠠ ᠳᠡᠯᠭᠡᠭᠦᠷ ᠡᠷᠬᠢᠯᠡᠵᠦ᠍᠂ ᠡᠪᠦᠯ ᠴᠠᠰᠤ ᠮᠥᠰᠥᠨ ᠤ᠋ ᠴᠤᠭᠯᠠᠭᠠᠨ ᠦᠷᠨᠢᠬᠦᠯᠵᠦ᠂ ᠲᠥᠷᠥᠯ ᠵᠦᠶ᠋ᠯ ᠢ᠋ ᠤᠯᠠᠷᠢᠯ ᠤ᠋ᠨ ᠴᠢᠨᠠᠷᠲᠠᠶ ᠲᠤᠷᠠᠰᠬᠠᠯ ᠦᠯᠡᠳᠡᠭᠡᠬᠦ ᠭᠠᠵᠠᠷ ᠡᠴᠡ ᠪᠥᠬᠥ᠌ ᠵᠢᠯ ᠵᠢᠡᠷ ᠦᠷᠭᠦᠯᠵᠢᠯᠡᠨ ᠡᠵᠡᠩᠨᠡᠬᠦ᠌ ᠰᠣᠶᠣᠯ ᠵᠢᠭᠤᠯᠴᠢᠯᠠᠯ ᠤ᠋ᠨ ᠬᠡᠪ ᠳᠠᠭᠤᠷᠢᠶᠠᠯ ᠪᠣᠯᠭᠠᠨ ᠲᠠᠰ ᠳᠡᠪᠱᠢᠭᠦᠯᠪᠡ᠃ ᠲᠣᠰᠭᠣᠨ ᠤ᠋ ᠠᠷᠠᠳ ᠴᠤ᠌ 《ᠨᠢᠭᠡ ᠯᠡ ᠴᠠᠭ ᠤ᠋ᠨ ᠤᠷᠤᠯᠭ᠎ᠠ》 ᠡᠴᠡ ᠪᠠᠨ ᠳᠥᠷᠪᠡᠨ ᠤᠯᠠᠷᠢᠯ ᠳ᠋ᠦ ᠪᠦᠷ ᠤᠷᠤᠯᠭ᠎ᠠ ᠤᠯᠬᠤ ᠪᠤᠯᠵᠠᠢ᠃
ᠬᠠᠲᠤᠨ ᠭᠤᠤᠯ ᠤ᠋ᠨ ᠰᠦᠩ ᠬᠠᠯᠢᠶ᠎ᠠ ᠵᠢ ᠰᠤᠨᠢᠷᠬᠠᠬᠤ ᠰᠣᠶᠣᠯ ᠤ᠋ᠨ ᠭᠠᠷᠠᠭ ᠨᠢ ᠪᠤᠭᠤᠲᠤ ᠶ᠋ᠢᠨ ᠬᠣᠲᠠ ᠶ᠋ᠢᠨ ᠠᠵᠢᠯᠯᠠᠭ᠎ᠠ ᠪᠣᠯᠬᠤ ᠪᠡᠷ ᠪᠠᠷᠠᠬᠤ ᠥᠬᠡᠶ ᠨᠠᠩ ᠴᠤ᠌ ᠥᠪᠥᠷ ᠮᠣᠩᠭᠣᠯ ᠤ᠋ᠨ ᠬᠠᠲᠤᠨ ᠭᠤᠤᠯ ᠤ᠋ᠨ 《ᠶᠡᠬᠡ ᠲᠣᠬᠣᠶ》 ᠵᠢᠨ ᠰᠣᠶᠣᠯ ᠵᠢᠭᠤᠯᠴᠢᠯᠠᠯ ᠤ᠋ᠨ ᠪᠦᠰᠡ ᠶ᠋ᠢᠨ ᠪᠥᠲᠥᠭᠡᠨ ᠪᠠᠢᠭᠤᠯᠤᠯᠲᠠ ᠳ᠋ᠦ ᠰᠠᠭᠤᠷᠢᠯᠠᠭ᠍ᠰᠠᠨ ᠴᠢᠬᠤᠯᠠ ᠦᠢᠯᠡᠳᠦᠯᠬᠡ ᠪᠣᠯᠤᠨ᠎ᠠ᠃ ᠬᠠᠲᠤᠨ ᠭᠤᠤᠯ ᠤ᠋ᠨ ᠮᠦᠽᠧᠶ᠂ ᠪᠠᠭ᠎ᠠ ᠪᠠᠶ ᠾᠧ ᠭᠤᠤᠯ ᠤ᠋ᠨ ᠨᠤᠭᠤ ᠭᠠᠵᠠᠷ᠂ ᠠᠵᠤ ᠦᠶ᠋ᠯᠡᠳᠪᠦᠷᠢ ᠶ᠋ᠢᠨ ᠰᠤᠳᠤᠯᠤᠨ ᠰᠤᠷᠤᠯᠴᠠᠬᠤ ᠰᠠᠭᠤᠷᠢᠨ᠂ ᠬᠠᠲᠤᠨ ᠭᠤᠤᠯ ᠳᠠᠭᠠᠤ ᠶ᠋ᠢᠨ ᠠᠷᠠᠳ ᠤ᠋ᠨ ᠵᠠᠩ ᠦᠶ᠋ᠯᠡ ᠶ᠋ᠢᠨ ᠣᠷᠣᠨ ᠵᠡᠷᠬᠡ ᠵᠢ ᠬᠣᠯᠪᠣᠬᠤ ᠪᠡᠷ ᠳᠠᠮᠵᠢᠨ ᠰᠣᠳᠣᠨ ᠵᠢᠭᠤᠯᠴᠢᠯᠠᠯ ᠤ᠋ᠨ ᠵᠠᠮ ᠱᠤᠭᠤᠮ ᠢ᠋ ᠭᠠᠷᠭᠠᠪᠠ; ᠬᠣᠲᠠ ᠲᠣᠭᠣᠷᠢᠭ ᠡᠴᠡ ᠦᠵᠡᠮᠵᠢ ᠶ᠋ᠢᠨ ᠣᠷᠣᠨ ᠬᠦᠷᠲᠡᠯ᠎ᠡ ᠨᠡᠢᠲᠡ ᠶ᠋ᠢᠨ ᠮᠠᠱᠢᠨ ᠲᠡᠷᠭᠡ ᠨᠡᠪᠲᠡᠷᠡᠭᠦᠯᠤᠨ᠂ ᠲᠦᠷᠭᠡᠨ ᠤ᠋ ᠲᠡᠮᠦᠷ ᠵᠠᠮ ᠤ᠋ᠨ ᠵᠢᠭᠤᠯᠴᠢᠯᠠᠯ ᠤ᠋ᠨ ᠲᠤᠰᠭᠠᠶ ᠱᠤᠭᠤᠮ ᠢ᠋ ᠵᠣᠯᠭᠠᠭᠤᠯᠵᠤ᠂ ᠵᠢᠭᠤᠯᠴᠢᠯᠠᠭᠰᠠᠳ ᠤ᠋ᠨ ᠠᠶᠠᠯᠠᠯ ᠵᠢᠭᠤᠯᠴᠢᠯᠠᠯ ᠳ᠋ᠦ ᠲᠥᠬᠥᠮ ᠦᠵᠡᠭᠦᠯᠬᠦ ᠵᠢᠨ ᠤᠯᠠᠮ ᠵᠢᠡᠷ ᠬᠠᠨᠲᠠᠯ᠎ᠠ ᠨᠠᠭᠠᠳᠤᠭᠤᠯᠤᠨ᠎ᠠ᠃ ᠢᠷᠭᠠᠶ᠂ ᠪᠠᠶᠠᠨᠨᠠᠭᠤᠷ ᠵᠡᠷᠭᠡ ᠬᠠᠲᠤᠨ ᠭᠤᠤᠯ ᠳᠠᠭᠠᠤ ᠶ᠋ᠢᠨ ᠬᠣᠲᠠ ᠲᠠᠶ ᠬᠣᠯᠪᠣᠭᠠᠯᠠᠨ ᠰᠣᠶᠣᠯ ᠵᠢᠭᠤᠯᠴᠢᠯᠠᠯ ᠤ᠋ᠨ ᠬᠠᠮᠲᠤ ᠶ᠋ᠢᠨ ᠴᠣᠭ᠍ᠴᠠ ᠵᠢ ᠬᠠᠮᠲᠤ ᠪᠡᠷ ᠪᠠᠢᠭᠤᠯᠵᠤ᠂ ᠵᠢᠭᠤᠯᠴᠢᠯᠠᠭᠰᠠᠳ ᠤ᠋ᠨ ᠢᠷᠡᠯᠲᠡ ᠵᠢ ᠬᠠᠷᠢᠯᠴᠠᠨ ᠬᠦᠷᠭᠡᠬᠦ᠌᠂ ᠡᠬᠢ ᠪᠠᠶᠠᠯᠢᠭ ᠢ᠋ ᠬᠠᠮᠲᠤ ᠪᠡᠷ ᠡᠳ᠋ᠯᠡᠬᠦ᠌ ᠵᠢ ᠠᠬᠢᠭᠤᠯᠵᠤ᠂ ᠪᠠᠰᠠ ᠬᠥᠪᠡᠭᠡ ᠳᠠᠭᠠᠤ ᠶ᠋ᠢᠨ ᠠᠷᠠᠳ ᠣᠯᠠᠨ ᠤ᠋ 《ᠬᠠᠲᠤᠨ ᠭᠤᠤᠯ ᠤ᠋ᠨ ᠠᠷᠠᠯᠵᠢᠶ᠎ᠠ》 ᠶ᠋ᠢ ᠤᠯᠠᠮ ᠡᠴᠡ ᠤᠯᠠᠮ ᠰᠠᠢᠵᠢᠷᠠᠭᠤᠯᠪᠠ᠃
ᠬᠠᠲᠤᠨ ᠭᠣᠣᠯ ᠤ᠋ᠨ ᠬᠥᠪᠡᠭᠡᠨ ᠳ᠋ᠡᠬᠢ ᠡᠨᠡ ᠬᠦ᠌ ᠰᠣᠶᠣᠯ ᠤ᠋ᠨ ᠦᠢᠯᠡᠳᠦᠯᠭᠡ ᠨᠢ ᠪᠠᠢᠭᠠᠯᠢ ᠶ᠋ᠢᠨ ᠭᠠᠢᠬᠠᠮᠱᠢᠭ ᠢ᠋ 《ᠦᠵᠡᠮᠵᠢ ᠰᠣᠨᠢᠷᠬᠠᠬᠤ》ᠡᠴᠡ 《ᠰᠣᠶᠣᠯ ᠢ ᠤᠢᠯᠠᠭᠠᠬᠤ》 ᠪᠣᠯᠭᠠᠨ ᠳᠡᠰ ᠳᠡᠪᠱᠢᠭᠦᠯᠵᠦ᠍᠂ ᠬᠠᠳᠤᠨ ᠭᠤᠤᠯ ᠤ᠋ᠨ ᠰᠦᠩ ᠬᠠᠯᠢᠶ᠎ᠠ ᠢᠷᠡᠬᠦ ᠵᠢ ᠳᠠᠭᠠᠯᠳᠤᠨ ᠬᠦᠪᠡᠬᠡ ᠳᠠᠭᠠᠤ ᠵᠢᠨ ᠬᠥᠮᠦᠰ ᠦᠩᠭᠡ ᠲᠠᠢ ᠦᠬᠡᠳᠡ ᠲᠠᠢ ᠪᠠᠰᠠ ᠨᠢᠭᠡ ᠵᠢᠯ ᠵᠢᠡᠨ ᠤᠭᠳᠤᠨ ᠠᠪᠤᠯ᠎ᠠ᠃