ᠲᠦᠷᠦᠬᠦᠬᠡᠨ 2026 ᠤᠨ ᠤ᠋ ᠬᠥᠬᠡᠬᠣᠲᠠ ᠶ᠋ᠢᠨ ᠬᠠᠳᠤᠨ ᠭᠣᠣᠯ ᠤ᠋ᠨ ᠭᠤᠤᠯ ᠴᠦᠯᠡᠯᠬᠡ ᠶ᠋ᠢᠨ ᠵᠠᠩ ᠦᠢᠯᠡ ᠰᠣᠶᠣᠯ ᠤ᠋ᠨ ᠭᠠᠷᠠᠭ ᠤ᠋ᠨ ᠠᠵᠢᠯᠯᠠᠭ᠎ᠠ ᠶᠠᠪᠤᠭᠳᠠᠵᠠᠢ᠃ ᠡᠬᠦᠨ ᠳ᠋ᠤ ᠭᠤᠤᠯ ᠳᠠᠯᠠᠪᠠᠢ ᠵᠢᠨ ᠠᠵᠢᠯᠯᠠᠭ᠎ᠠ ᠲᠣᠭ᠍ᠲᠠᠬᠤ ᠱᠢᠶᠠᠨ ᠤ᠋ ᠬᠤᠤ ᠵᠢᠶᠠ ᠶᠣᠣ ᠲᠣᠰᠭᠣᠨ ᠤ᠋ ᠰᠣᠶᠣᠯ ᠤ᠋ᠨ ᠠᠭᠤᠳᠠᠮ ᠲᠠᠯᠠᠪᠠᠢ ᠳ᠋ᠦ ᠶᠠᠪᠤᠭᠳᠠᠨ᠂ ᠬᠤᠪᠢᠶᠠᠷᠢ ᠳᠠᠯᠠᠪᠠᠢ ᠵᠢᠨ ᠠᠵᠢᠯᠯᠠᠭ᠎ᠠ ᠨᠢ ᠲᠤᠰ ᠲᠤᠰ ᠴᠢᠩ ᠱᠦᠢ ᠾᠧᠰᠢᠶᠠᠨ ᠤ᠋ ᠬᠡᠪᠳᠡᠬᠡ ᠦᠬᠡᠷ ᠤ᠋ᠨ ᠲᠤᠬᠤᠢ ᠬᠠᠳᠤᠨ ᠭᠣᠣᠯ ᠤ᠋ᠨ ᠶᠡᠬᠡ ᠬᠠᠪᠴᠢᠯ ᠵᠢᠭᠤᠯᠴᠢᠯᠠᠯ ᠤ᠋ᠨ ᠣᠷᠣᠨ ᠪᠤᠯᠤᠨ ᠲᠦᠮᠡᠳ ᠵᠡᠭᠦᠨ ᠬᠣᠱᠢᠭᠤᠨ ᠤ᠋ ᠬᠠᠷᠠᠠᠤᠰᠤ ᠨᠠᠭᠤᠷ ᠤ᠋ᠨ ᠦᠵᠡᠮᠵᠢ ᠶ᠋ᠢᠨ ᠣᠷᠣᠨ ᠳ᠋ᠤ ᠶᠠᠪᠤᠭᠳᠠᠪᠠ᠃ ᠡᠨᠡ ᠨᠢ ᠬᠥᠬᠡᠬᠣᠲᠠ ᠶ᠋ᠢᠨ ᠬᠠᠲᠤᠨ ᠭᠤᠤᠯ ᠳᠠᠭᠠᠤ 3 ᠭᠠᠵᠠᠷ ᠬᠣᠯᠪᠣᠭᠠᠯᠠᠨ ᠬᠠᠮᠳᠤ ᠪᠡᠷ ᠬᠠᠲᠤᠨ ᠭᠤᠤᠯ ᠤ᠋ᠨ《ᠶᠡᠬᠡ ᠲᠤᠬᠤᠢ》 ᠰᠣᠶᠣᠯ ᠵᠢᠭᠤᠯᠴᠢᠯᠠᠯ ᠤ᠋ᠨ ᠱᠢᠨ᠎ᠡ ᠨᠡᠷ᠎ᠡ ᠶ᠋ᠢᠨ ᠬᠠᠭᠤᠳᠠᠰᠤ ᠵᠢ ᠴᠤᠭᠴᠠᠯᠠᠵᠤ ᠡᠬᠢᠯᠡᠭᠰᠡᠨ ᠢ᠋ ᠬᠠᠷᠠᠭᠤᠯᠵᠤ ᠪᠠᠢᠨ᠎ᠠ ᠃
ᠲᠣᠭ᠍ᠲᠠᠬᠤ ᠱᠢᠶᠠᠨ ᠳ᠋ᠡᠬᠢ ᠭᠤᠤᠯ ᠲᠠᠯᠠᠪᠠᠶ ᠵᠢᠨ ᠠᠵᠢᠯᠯᠠᠭ᠎ᠠ ᠳ᠋ᠤ ᠭᠤᠤᠯ ᠤ᠋ᠨ ᠠᠮᠠ ᠡᠷᠲᠡᠨ ᠤ᠋ ᠪᠠᠯᠭᠠᠰᠤ᠂ ᠰᠢᠳᠢᠳᠦ ᠪᠤᠯᠠᠭ ᠦᠵᠡᠮᠵᠢ ᠶ᠋ᠢᠨ ᠣᠷᠣᠨ᠂ ᠳ᠋ᠦᠩ ᠱᠧᠩ ᠸᠧᠶ ᠰᠣᠶᠣᠯ ᠵᠢᠭᠤᠯᠴᠢᠯᠠᠯ ᠤ᠋ᠨ ᠣᠷᠣᠨ ᠵᠡᠷᠭᠡ ᠭᠠᠵᠠᠷ ᠢ᠋ ᠨᠢᠭᠡᠳᠦᠯᠳᠡᠢ ᠲᠦᠯᠦᠪᠯᠡᠨ᠂ ᠡᠬᠢᠯᠡᠯᠲᠡ ᠶ᠋ᠢᠨ ᠶᠣᠰᠣᠯᠠᠯ ᠳ᠋ᠤ ᠤᠷᠠᠨ ᠰᠠᠢᠬᠠᠨ ᠤ᠋ ᠲᠣᠭ᠍ᠯᠠᠯᠲᠠ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠵᠢᠭᠠᠰᠤ ᠴᠢᠨᠠᠬᠤ ᠤᠷᠤᠯᠳᠤᠭᠠᠨ᠂ ᠬᠡᠩᠭᠡᠷᠭᠡᠨ ᠸᠠᠩ ᠤ᠋ᠨ ᠲᠣᠭ᠍ᠯᠠᠯᠲᠠ ᠵᠡᠷᠭᠡ 9 ᠵᠦᠶ᠋ᠯ ᠤ᠋ᠨ ᠥᠪᠡᠷᠮᠢᠴᠡ ᠣᠨᠴᠠᠯᠢᠭ ᠲᠠᠶ ᠠᠵᠢᠯᠯᠠᠭ᠎ᠠ ᠥᠷᠨᠢᠭᠦᠯᠪᠡ᠃ ᠴᠢᠩ ᠱᠦᠢ ᠾᠧ ᠰᠢᠶᠠᠨ ᠤ᠋ ᠬᠢᠨ ᠵᠢᠭᠠᠰᠤ ᠠᠩᠨᠠᠬᠤ᠂ ᠬᠠᠪᠴᠢᠯ ᠵᠢᠯᠠᠭ᠎ᠠ ᠪᠡᠷ ᠶᠠᠪᠠᠭᠠᠨ ᠠᠶᠠᠯᠠᠬᠤ᠂ ᠬᠦᠯᠬᠡ ᠣᠩᠭᠣᠴᠠ ᠪᠠᠷ ᠲᠦᠷᠦᠬᠦᠦ ᠠᠶᠠᠯᠠᠯ ᠬᠢᠬᠦ ᠵᠡᠷᠭᠡ ᠠᠵᠢᠯᠯᠠᠭ᠎ᠠ ᠵᠢ ᠵᠣᠬᠢᠶᠠᠨ ᠪᠠᠢᠭᠤᠯᠤᠨ ᠥᠷᠨᠢᠭᠦᠯᠵᠦ᠍᠂ ᠵᠢᠭᠤᠯᠴᠢᠯᠠᠭᠰᠠᠳ ᠲᠦ᠍ ᠬᠠᠳᠤᠨ ᠭᠣᠣᠯ ᠪᠣᠯᠤᠨ ᠤᠷᠳᠤ ᠴᠠᠭᠠᠨ ᠬᠡᠷᠡᠮ ᠤ᠋ᠨ ᠠᠭᠤᠯᠵᠠᠷ ᠤ᠋ᠨ ᠰᠦᠷᠯᠢᠭ ᠰᠠᠢᠬᠠᠨ ᠦᠵᠡᠮᠵᠢ ᠵᠢ ᠰᠤᠨᠢᠷᠬᠠᠭᠤᠯᠪᠠ᠃ ᠲᠦᠮᠡᠳ ᠵᠡᠭᠦᠨ ᠬᠣᠱᠢᠭᠤᠨ ᠤ᠋ ᠬᠢᠨ ᠭᠣᠣᠯ ᠴᠦᠯᠡᠯᠬᠡ ᠶ᠋ᠢᠨ ᠬᠡᠰᠢᠭ ᠬᠤᠷᠤᠢᠯᠠᠬᠤ ᠶᠣᠰᠣᠯᠠᠯ᠂ ᠤᠰᠤᠨ ᠳᠡᠭᠡᠷᠡᠬᠢ ᠲᠣᠭ᠍ᠯᠠᠯᠲᠠ᠂ ᠵᠢᠭᠠᠰᠤᠨ ᠳᠠᠢᠯᠠᠯᠭ᠎ᠠ᠂ ᠵᠢᠭᠠᠰᠤ ᠳᠠᠭᠠᠬᠤ ᠤᠷᠤᠯᠳᠤᠭᠠᠨ ᠵᠡᠷᠭᠡ ᠠᠵᠢᠯᠯᠠᠭ᠎ᠠ ᠥᠷᠨᠢᠭᠦᠯᠵᠦ᠍᠂ ᠵᠢᠭᠠᠰᠤᠨ ᠠᠩᠨᠠᠯ ᠤ᠋ᠨ ᠰᠤᠶᠤᠯ ᠤ᠋ᠨ ᠭᠠᠢᠬᠠᠮᠰᠢᠭ ᠢ᠋ ᠦᠵᠡᠬᠦᠯᠵᠡᠢ᠃
ᠠᠵᠢᠯᠯᠠᠭ᠎ᠠ ᠵᠢᠨ ᠬᠤᠭᠤᠴᠠᠭᠠᠨ ᠳ᠋ᠤ ᠢᠵᠢ ᠦᠢᠯᠡᠴᠢᠯᠡᠬᠡ ᠵᠢ ᠰᠠᠢᠳᠤᠷ ᠬᠢᠵᠦ᠂ ᠰᠠᠭᠤᠷᠢ ᠲᠦᠬᠦᠭᠡᠷᠦᠮᠵᠢ ᠵᠢ ᠪᠦᠷᠢᠨ ᠪᠡᠯᠡᠳᠬᠡᠭᠰᠡᠨ ᠵᠢᠡᠷ ᠰᠤᠶᠤᠯ ᠤ᠋ᠨ ᠭᠠᠷᠠᠭ ᠤ᠋ᠨ ᠠᠵᠢᠯᠯᠠᠭ᠎ᠠ ᠵᠢᠨ ᠤᠷᠤᠭᠰᠢᠳᠠᠢ ᠶᠠᠪᠤᠭᠳᠠᠬᠤ ᠳ᠋ᠤ ᠪᠠᠳᠤᠯᠠᠭ᠎ᠠ ᠬᠠᠩᠭᠠᠪᠠ᠃ ᠣᠢᠯᠠᠭᠠᠭ᠍ᠰᠠᠨ ᠢ᠋ᠶ᠋ᠠᠷ᠂ ᠬᠦᠬᠡᠬᠤᠳᠠ ᠵᠢᠨ ᠬᠠᠲᠤᠨ ᠭᠤᠤᠯ ᠳᠠᠭᠠᠤ 3 ᠬᠣᠱᠢᠭᠤ ᠱᠢᠶᠠᠨ ᠳ᠋ᠦ ᠵᠢᠭᠠᠰᠤᠨ ᠬᠣᠭᠣᠯᠠᠨ ᠭᠡᠷ᠂ ᠲᠠᠷᠢᠶᠠᠴᠢᠨ ᠠᠢᠯ ᠤ᠋ᠨ ᠵᠢᠭᠤᠯᠴᠢᠯᠠᠯ ᠪᠠᠷᠤᠭ 300 ᠡᠷᠦᠬᠡ᠂ ᠬᠣᠨᠣᠭ ᠪᠠᠭᠤᠳᠠᠯ ᠪᠠᠷᠤᠭ 250 ᠪᠠᠢᠵᠤ᠂ ᠵᠢᠭᠤᠯᠴᠢᠯᠠᠭ᠍ᠰᠠᠳ ᠢ᠋ ᠭᠥᠯᠢᠶᠡᠨ ᠠᠪᠬᠤ ᠪᠠᠭᠳᠠᠭᠠᠮᠵᠢ ᠪᠠ ᠴᠢᠳᠠᠪᠬᠢ ᠪᠡᠷ ᠨᠡᠯᠢᠶᠡᠳ ᠪᠤᠯᠪᠠᠰᠤᠷᠠᠩᠭᠤᠢ ᠪᠤᠯᠵᠠᠢ᠃ ᠠᠵᠢᠯᠯᠠᠭ᠎ᠠ ᠶ᠋ᠢᠨ ᠬᠤᠭᠤᠴᠠᠭᠠᠨ ᠳ᠋ᠦ ᠮᠧᠶ ᠲᠣᠧᠠᠨ ᠳᠠᠪᠴᠠᠩ ᠤ᠋ᠨ ᠬᠢᠨ 200 ᠲᠦᠮᠡᠨ ᠲᠥᠭᠥᠷᠢᠭ ᠤ᠋ᠨ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡᠨ ᠤ᠋ ᠨᠥᠬᠥᠪᠥᠷᠢ ᠥᠭ᠌ᠴᠦ᠂ 《ᠬᠥᠬᠡᠬᠣᠲᠠ ᠳ᠋ᠦ ᠢᠷᠡᠵᠦ ᠬᠠᠲᠤᠨ ᠭᠤᠤᠯ ᠤ᠋ᠨ ᠮᠥᠷᠭᠥ᠌ ᠵᠢᠭᠠᠰᠤ ᠵᠢ ᠠᠮᠳᠠᠯᠠᠬᠤ》ᠲᠤᠰᠭᠠᠶ ᠬᠡᠷᠡᠭ᠌ᠯᠡᠭᠡᠨ ᠤ᠋ ᠲᠠᠯᠠᠪᠤᠷ ᠭᠠᠷᠭᠠᠪᠠ; ᠭᠠᠳᠠᠷ ᠣᠷᠣᠨ ᠤ᠋ ᠵᠢᠭᠤᠯᠴᠢᠯᠠᠭᠰᠠᠳ ᠪᠡᠶ᠎ᠡ ᠶ᠋ᠢᠨ ᠦᠨᠡᠮᠯᠡᠯ ᠵᠢᠡᠨ ᠠᠪᠴᠤ᠌ ᠲᠣᠭ᠍ᠲᠠᠬᠤ ᠱᠢᠶᠠᠨ ᠳ᠋ᠦ ᠵᠢᠭᠤᠯᠴᠢᠯᠠᠪᠠᠯ ᠬᠣᠨᠣᠭ ᠪᠠᠭᠤᠳᠠᠯ ᠪᠣᠯᠤᠨ ᠦᠵᠡᠮᠵᠢ ᠶ᠋ᠢᠨ ᠣᠷᠣᠨ ᠤ᠋ ᠡᠭᠦᠳᠡᠨ ᠪᠢᠯᠧᠲ ᠨᠢ ᠬᠢᠮᠳᠠᠷᠠᠯᠲᠠᠶ ᠪᠠᠢᠵᠤ᠂ ᠬᠡᠪᠳᠡᠭᠡ ᠦᠬᠡᠷ ᠤ᠋ᠨ ᠲᠤᠬᠤᠢ ᠬᠠᠲᠤᠨ ᠭᠤᠤᠯ ᠤ᠋ᠨ ᠶᠡᠬᠡ ᠬᠠᠪᠴᠢᠯ ᠤ᠋ᠨ ᠠᠵᠢᠯᠯᠠᠭ᠎ᠠ ᠬᠢᠭᠰᠡᠨ ᠲᠤᠬᠠᠶ ᠶ᠋ᠢᠨ ᠡᠳᠦᠷ ᠲᠠᠬᠡᠨ ᠪᠢᠯᠧᠲ ᠬᠤᠷᠢᠶᠠᠭᠰᠠᠨ ᠥᠬᠡᠶ᠃ ᠭᠤᠤᠯ ᠲᠠᠯᠠᠪᠠᠶ ᠵᠢᠨ ᠠᠵᠢᠯᠯᠠᠭ᠎ᠠ ᠵᠢᠨ ᠠᠬᠤᠢ ᠲᠠᠯᠠᠪᠠᠢ ᠳ᠋ᠦ 3500 ᠲᠡᠷᠭᠡ ᠵᠤᠬᠰᠤᠵᠤ ᠪᠤᠯᠬᠤ 3 ᠲᠣᠮᠣ ᠬᠡᠯᠪᠡᠷᠢ ᠶ᠋ᠢᠨ ᠲᠡᠷᠭᠡᠨ ᠵᠣᠭ᠍ᠰᠣᠭᠠᠯ ᠭᠠᠷᠭᠠᠵᠦ᠂ ᠰᠢᠨ᠎ᠠ ᠪᠡᠷ ᠬᠣᠲᠠ ᠲᠣᠭᠣᠷᠢᠭ᠍ᠰᠠᠨ 25 ᠨᠡᠢᠲᠡ ᠶ᠋ᠢᠨ ᠮᠠᠱᠢᠨ ᠲᠡᠷᠭᠡ ᠨᠡᠮᠡᠵᠦ᠂ ᠬᠤᠳᠠ ᠶ᠋ᠢᠨ ᠠᠷᠠᠳ ᠪᠤᠯᠤᠨ ᠵᠢᠭᠤᠯᠴᠢᠯᠠᠬᠰᠠᠳ ᠲᠦ᠍ ᠲᠦᠬᠦᠮ ᠦᠵᠡᠬᠦᠯᠪᠠ᠃
ᠲᠣᠰ ᠤᠳᠠᠭ᠎ᠠ ᠶ᠋ᠢᠨ ᠬᠠᠲᠤᠨ ᠭᠤᠤᠯ ᠤ᠋ᠨ ᠭᠤᠤᠯ ᠴᠦᠯᠡᠯᠬᠡ ᠶ᠋ᠢᠨ ᠠᠷᠠᠳ ᠤ᠋ᠨ ᠵᠠᠩ ᠦᠶ᠋ᠯᠡ ᠰᠣᠶᠣᠯ ᠤ᠋ᠨ ᠭᠠᠷᠠᠭ ᠤ᠋ᠨ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ ᠤ᠋ 《ᠬᠠᠲᠤᠨ ᠭᠤᠤᠯ ᠤ᠋ᠨ ᠭᠤᠤᠯ ᠴᠦᠯᠡᠯᠬᠡ ᠶ᠋ᠢᠨ ᠵᠢᠭᠠᠰᠤ》 ᠰᠤᠶᠤᠯ ᠵᠢᠭᠤᠯᠴᠢᠯᠠᠯ ᠤ᠋ᠨ ᠲᠥᠷᠥᠯ ᠲᠡᠮᠳᠡᠭ ᠤ᠋ᠨ ᠪᠠᠢᠭᠤᠯᠤᠯᠲᠠ ᠶ᠋ᠢ ᠬᠦᠴᠦᠳᠡᠢ ᠠᠬᠢᠭᠤᠯᠤᠭᠰᠠᠨ ᠪᠣᠳᠠᠲᠠᠶ ᠦᠶ᠋ᠯᠡᠳᠦᠯᠭᠡ ᠪᠣᠯᠤᠨ᠎ᠠ᠂ ᠮᠥᠨ ᠴᠦ᠍ ᠬᠥᠬᠡᠬᠣᠲᠠ ᠶ᠋ᠢᠨ ᠬᠠᠲᠤᠨ ᠭᠤᠤᠯ ᠤ᠋ᠨ 《ᠶᠡᠬᠡ ᠲᠤᠬᠤᠢ》 ᠰᠣᠶᠣᠯ ᠵᠢᠭᠤᠯᠴᠢᠯᠠᠯ ᠤ᠋ᠨ ᠪᠦᠰᠡ ᠵᠢ ᠴᠣᠭ᠍ᠴᠠᠯᠠᠬᠤ ᠴᠢᠬᠤᠯᠠ ᠠᠷᠭ᠎ᠠ ᠬᠡᠮᠵᠢᠶ᠎ᠡ ᠪᠠᠢᠵᠦ᠂ ᠬᠠᠳᠤᠨ ᠭᠤᠤᠯ ᠲᠠᠭᠠᠤ 3 ᠭᠠᠵᠠᠷ ᠬᠣᠯᠪᠣᠭᠠᠯᠠᠨ ᠬᠥᠳᠡᠯᠦᠯᠴᠡᠬᠦ᠌᠂ ᠡᠬᠢ ᠪᠠᠶᠠᠯᠢᠭ ᠢ᠋ ᠨᠡᠢᠳᠭᠡᠬᠦ᠌᠂ ᠡᠵᠡᠩᠨᠡᠯᠲᠡ ᠶ᠋ᠢᠨ ᠬᠡᠯᠪᠡᠷᠢ ᠵᠢ ᠠᠭᠤᠰᠤᠯᠴᠠᠭᠤᠯᠬᠤ ᠪᠠᠷ ᠳᠠᠮᠵᠢᠨ ᠬᠠᠲᠤᠨ ᠭᠤᠤᠯ ᠤ᠋ᠨ ᠰᠣᠶᠣᠯ ᠢ᠋ᠶ᠋ᠠᠷ ᠭᠤᠤᠯ ᠪᠣᠯᠭᠠᠭ᠍ᠰᠠᠨ᠂ ᠠᠷᠠᠳ ᠤ᠋ᠨ ᠵᠠᠩ ᠦᠶ᠋ᠯᠡ ᠪᠡᠷ ᠣᠨᠴᠠᠯᠢᠭ ᠪᠣᠯᠭᠠᠭ᠍ᠰᠠᠨ᠂ ᠪᠥᠬᠥ᠌ ᠣᠷᠣᠨ ᠪᠦᠰᠡ ᠶ᠋ᠢᠨ ᠵᠢᠭᠤᠯᠴᠢᠯᠠᠯ ᠢ᠋ᠶ᠋ᠠᠷ ᠴᠢᠭ᠌ᠯᠡᠯ ᠪᠣᠯᠭᠠᠭ᠍ᠰᠠᠨ ᠬᠦᠬᠡᠬᠤᠳᠠ ᠵᠢᠨ ᠬᠠᠪᠤᠷ ᠤ᠋ᠨ ᠤᠯᠠᠷᠢᠯ ᠤ᠋ᠨ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡᠨ ᠤ᠋ ᠱᠢᠨ᠎ᠡ ᠪᠠᠢᠳᠠᠯ ᠢ᠋ ᠡᠬᠦᠳᠴᠦ᠂ 《ᠬᠣᠶᠠᠳᠤᠭᠠᠷ ᠰᠠᠷ᠎ᠠ ᠶ᠋ᠢᠨ ᠰᠢᠨ᠎ᠡ ᠵᠢᠨ ᠬᠣᠶᠠᠷ ᠤ᠋ᠨ ᠡᠳᠤᠷ ᠬᠥᠬᠡᠬᠣᠲᠠ ᠳ᠋ᠦ ᠢᠷᠡᠵᠦ ᠬᠠᠲᠤᠨ ᠭᠤᠤᠯ ᠤ᠋ᠨ ᠲᠣᠮᠣ ᠮᠥᠷᠭᠥ᠌ ᠵᠢᠭᠠᠰᠤ ᠠᠮᠳᠠᠯᠠᠬᠤ》 ᠶ᠋ᠢ ᠣᠷᠣᠨ ᠪᠦᠰᠡ ᠶ᠋ᠢᠨ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠤ᠋ᠨ ᠱᠢᠨ᠎ᠡ IP ᠪᠣᠯᠭᠠᠨ᠂ ᠬᠠᠲᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ ᠳ᠋ᠤ ᠰᠣᠶᠣᠯ ᠤ᠋ᠨ ᠬᠥᠳᠡᠯᠭᠡᠬᠦ᠌ ᠬᠦᠴᠦᠨ ᠨᠡᠮᠡᠷᠢᠯᠡᠵᠦ᠍ ᠪᠠᠢᠨ᠎ᠠ᠃
ᠬᠠᠲᠤᠨ ᠭᠤᠤᠯ ᠤ᠋ᠨ ᠬᠥᠬᠡᠬᠣᠲᠠ ᠳ᠋ᠡᠬᠢ ᠬᠡᠰᠡᠭ ᠨᠡᠢᠳᠡ 109 ᠺᠢᠯᠣᠮᠧᠲ᠋ᠷ ᠤᠷᠳᠤ ᠪᠠᠢᠵᠤ᠂ ᠲᠦᠮᠡᠳ ᠵᠡᠭᠦᠨ ᠬᠣᠱᠢᠭᠤᠨ ᠤ᠋ ᠬᠠᠷᠠᠠᠤᠰᠤ ᠨᠠᠭᠤᠷ᠂ ᠲᠣᠭ᠍ᠲᠠᠬᠤ ᠱᠢᠶᠠᠨ ᠤ᠋ ᠰᠢᠳᠢᠳᠦ ᠪᠤᠯᠠᠭ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠪᠤᠯᠤᠨ ᠴᠢᠩ ᠱᠦᠢ ᠾᠧᠰᠢᠶᠠᠨ ᠤ᠋ ᠬᠡᠪᠳᠡᠬᠡ ᠦᠬᠡᠷ ᠤ᠋ᠨ ᠲᠤᠬᠤᠢ ᠬᠠᠳᠤᠨ ᠭᠣᠣᠯ ᠤ᠋ᠨ ᠶᠡᠬᠡ ᠬᠠᠪᠴᠢᠯ ᠵᠡᠷᠭᠡ ᠰᠣᠶᠣᠯ ᠵᠢᠭᠤᠯᠴᠢᠯᠠᠯ ᠤ᠋ᠨ ᠭᠤᠤᠯ ᠡᠬᠢ ᠪᠠᠶᠠᠯᠢᠭ ᠢ᠋ ᠬᠣᠯᠪᠣᠵᠤ ᠪᠠᠢᠳᠠᠭ᠃ ᠬᠥᠬᠡᠬᠣᠲᠠ ᠡᠨᠡ ᠵᠢᠯ ᠬᠠᠳᠤᠨ ᠭᠤᠤᠯ ᠲᠠᠭᠠᠤ 3 ᠭᠠᠵᠠᠷ ᠤ᠋ᠨ ᠡᠬᠢ ᠪᠠᠶᠠᠯᠢᠭ ᠢ᠋ ᠨᠢᠭᠡᠳᠦᠯᠲᠡᠶ ᠲᠥᠯᠥᠪᠵᠢᠭᠦᠯᠵᠦ᠍᠂ ᠲᠣᠭ᠍ᠲᠠᠬᠤ ᠱᠢᠶᠠᠨ ᠢ᠋ᠶ᠋ᠠᠷ ᠭᠤᠤᠯ ᠲᠠᠯᠠᠪᠠᠶ ᠪᠣᠯᠭᠠᠨ᠂ ᠴᠢᠩ ᠱᠦᠶ ᠾᠧ ᠰᠢᠶᠠᠨ ᠪᠣᠯᠤᠨ ᠲᠦᠮᠡᠳ ᠵᠡᠭᠦᠨ ᠬᠣᠱᠢᠭᠤ ᠪᠠᠷ ᠬᠤᠪᠢᠶᠠᠷᠢ ᠲᠠᠯᠠᠪᠠᠶ ᠪᠣᠯᠭᠠᠵᠤ᠂ 《ᠨᠢᠭᠡ ᠲᠥᠪ ᠬᠣᠶᠠᠷ ᠵᠢᠭᠦᠷ》 ᠤ᠋ᠨ ᠬᠣᠯᠪᠣᠭᠠᠯᠠᠨ ᠬᠥᠳᠡᠯᠦᠯᠴᠡᠬᠦ᠌ ᠪᠠᠢᠷᠢᠱᠢᠯ ᠢ᠋ ᠪᠦᠷᠢᠯᠳᠦᠭᠦᠯᠵᠦ᠍᠂ ᠬᠠᠲᠤᠨ ᠭᠤᠤᠯ ᠳᠠᠭᠠᠤ ᠶ᠋ᠢᠨ ᠰᠣᠶᠣᠯ ᠵᠢᠭᠤᠯᠴᠢᠯᠠᠯ ᠤ᠋ᠨ ᠡᠬᠢ ᠪᠠᠶᠠᠯᠢᠭ ᠢ᠋ ᠣᠯᠠᠨ ᠴᠡᠭ ᠤ᠋ᠨ ᠲᠠᠷᠠᠬᠠᠶ ᠪᠤᠲᠠᠷᠬᠠᠶ ᠪᠠᠢᠭ᠍ᠰᠠᠨ ᠡᠴᠡ ᠪᠦᠬᠦᠯᠢ ᠴᠣᠭ᠍ᠴᠠ ᠶ᠋ᠢᠨ ᠬᠠᠮᠵᠢᠯᠴᠠᠭ᠎ᠠ ᠳᠠᠢᠰᠢ ᠬᠤᠪᠢᠷᠠᠭᠤᠯᠬᠤ ᠵᠢ ᠠᠬᠢᠭᠤᠯᠵᠠᠢ᠃