ᠰᠤᠷᠪᠤᠯᠵᠢᠯᠠᠭᠴᠢ ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠡᠴᠡ ᠤᠢᠯᠠᠭᠠᠭᠰᠠᠨ ᠶ᠋ᠢᠡᠷ᠂ ᠮᠠᠨ ᠤ᠋ ᠤᠷᠤᠨ ᠡᠨᠡ ᠵᠢᠯ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨ ᠤ᠋ ᠪᠥᠲᠥᠭᠡᠨ ᠪᠠᠢᠭᠤᠯᠤᠯᠲᠠ ᠶ᠋ᠢᠨ ᠬᠠᠷᠠᠯᠲᠠ ᠲᠠᠶ ᠤᠶᠠᠯᠳᠤᠭᠤᠯᠤᠨ ᠲᠦᠷᠦᠯ ᠲᠡᠮᠲᠡᠭ ᠢ᠋ ᠴᠤᠭᠴᠠᠯᠠᠬᠤ᠂ ᠡᠵᠡᠡᠭᠨᠠᠨ ᠪᠤᠷᠤᠯᠠᠭᠤᠯᠬᠤ ᠠᠷᠭ᠎ᠠ ᠵᠠᠮ ᠢ᠋ ᠦᠷᠭᠡᠳᠭᠡᠬᠦ᠂ ᠪᠠᠷᠠᠭᠠᠨ ᠤ᠋ ᠭᠦᠢᠯᠭᠡᠭᠡ ᠶ᠋ᠢᠨ ᠪᠠᠲᠤᠯᠠᠭ᠎ᠠ ᠬᠠᠡᠭᠭᠠᠬᠤ᠂ ᠲᠠᠪᠴᠠᠡᠭ ᠤ᠋ᠨ ᠲᠤᠯᠭᠠᠭᠤᠷᠢᠯᠠᠯ ᠬᠠᠡᠭᠭᠠᠬᠤ ᠵᠢᠴᠢ ᠬᠠᠤᠯᠢ ᠴᠠᠭᠠᠵᠠ ᠶ᠋ᠢᠨ ᠬᠠᠮᠠᠭᠠᠯᠠᠯᠲᠠ ᠵᠡᠷᠭᠡ 5 ᠲᠠᠯ᠎ᠠ ᠡᠴᠡ ᠭᠠᠷᠳᠠᠵᠤ᠂ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠲᠦᠷᠦᠯ ᠲᠡᠮᠲᠡᠭ ᠢ᠋ ᠪᠤᠢᠵᠢᠭᠤᠯᠬᠤ ᠪᠠ ᠦᠷᠳᠡᠭ ᠢ᠋ ᠤᠨᠳᠤᠤᠰᠢᠭᠤᠯᠬᠤ ᠵᠢ ᠰᠢᠰᠲᠸᠮ ᠲᠠᠢ ᠠᠬᠢᠭᠤᠯᠤᠨ᠂ 《ᠰᠠᠢᠨ ᠪᠦᠲᠦᠭᠡᠭᠳᠡᠭᠦᠨ》 ᠵᠢᠡᠨ 《ᠰᠠᠢᠨ ᠦᠨ᠎ᠡ》 ᠳ᠋ᠦ ᠬᠦᠷᠭᠡᠬᠦ ᠵᠢ ᠠᠬᠢᠭᠤᠯᠬᠤ ᠪᠤᠯᠤᠨ᠎ᠠ᠃
ᠲᠦᠷᠦᠯ ᠲᠡᠮᠲᠡᠭ ᠤ᠋ᠨ ᠵᠢᠭᠰᠠᠯ ᠢ᠋ ᠬᠦᠴᠦᠷᠭᠡᠭᠵᠢᠭᠦᠯᠬᠦ ᠲᠠᠯ᠎ᠠ ᠪᠡᠷ ᠲᠦᠪᠯᠡᠷᠡᠭᠦᠯᠦᠨ ᠪᠤᠭᠤᠮᠳᠠ ᠰᠢᠪᠳᠤᠯᠵᠤ᠂ ᠶᠠᠰᠤ ᠴᠢᠨᠠᠷ ᠤ᠋ᠨ ᠭᠤᠤᠯᠯᠠᠬᠤ ᠰᠠᠭᠤᠷᠢ ᠵᠢ ᠪᠡᠬᠢᠵᠢᠭᠦᠯᠦᠨ᠎ᠡ᠃ ᠮᠠᠨ ᠤ᠋ ᠤᠷᠤᠨ 《 ᠳᠠᠪᠠᠭᠤᠯᠢᠭᠲᠦ ᠠᠵᠤ ᠦᠢᠯᠡᠰ ᠢ᠋ ᠲᠡᠷᠢᠭᠦᠨ ᠳ᠋ᠦ ᠲᠠᠯᠪᠢᠬᠤ᠂ ᠳᠠᠪᠠᠭᠤᠯᠢᠭᠲᠦ ᠠᠵᠤ ᠠᠬᠤᠢᠯᠠᠯ ᠬᠦᠲᠦᠯᠦᠨ ᠳᠠᠭᠠᠭᠤᠯᠬᠤ 》 ᠵᠠᠷᠴᠢᠮ ᠢ᠋ ᠪᠠᠷᠢᠮᠳᠠᠯᠠᠨ᠂ ᠦᠬᠡᠷ ᠤ᠋ᠨ ᠮᠢᠬ᠎ᠠ᠂ ᠬᠣᠨᠢᠨ ᠮᠢᠬ᠎ᠠ᠂ ᠪᠢᠱᠢᠯᠠᠭ᠂ ᠢᠳᠡᠱᠢᠨ ᠨᠣᠭᠣᠭ᠎ᠠ᠂ ᠡᠯᠳᠡᠪ ᠠᠮᠤ᠂ ᠲᠥᠮᠥᠰᠥ᠍ ᠵᠡᠷᠭᠡ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ 6 ᠶᠡᠬᠡ ᠣᠷᠣᠨ ᠪᠦᠰᠡ ᠶ᠋ᠢᠨ ᠨᠡᠢᠲᠡ ᠶ᠋ᠢᠨ ᠬᠡᠷᠡᠭ᠌ᠯᠡᠭᠡᠨ ᠤ᠋ ᠲᠥᠷᠥᠯ ᠲᠡᠮᠳᠡᠭ᠌ ᠢ᠋ ᠬᠦᠴᠦᠷᠬᠡᠭ᠌ᠵᠢᠭᠦᠯᠦᠨ᠂ ᠪᠥᠬᠥ᠌ ᠣᠷᠣᠨ ᠤ᠋ ᠴᠢᠨᠠᠷ ᠰᠠᠢᠲᠠᠶ ᠮᠠᠯ ᠤ᠋ᠨ ᠠᠱᠢᠭ ᠱᠢᠮᠡᠲᠠᠷᠢᠶᠠᠯᠠᠡᠭ ᠤ᠋ᠨ ᠪᠦᠲᠦᠭᠡᠭ᠌ᠳᠡᠬᠦᠨ ᠤ᠋ ᠡᠬᠢ ᠪᠠᠶᠠᠯᠢᠭ ᠢ᠋ ᠡᠮᠬᠢᠯᠡᠨ ᠨᠡᠢᠯᠡᠭᠦᠯᠵᠦ᠍᠂ ᠦᠬᠡᠷ ᠬᠣᠨᠢᠨ ᠮᠢᠬ᠎ᠠ᠂ ᠪᠤᠭᠤᠳᠠᠢ ᠶ᠋ᠢᠨ ᠭᠤᠯᠢᠷ᠂ ᠨᠡᠷᠡᠨ ᠬᠤᠸᠠᠷ ᠤ᠋ᠨ ᠦᠷ᠎ᠡ᠂ ᠲᠤᠲᠤᠷᠭ᠎ᠠ᠂ ᠨᠠᠷᠢᠮᠤ᠂ ᠰᠢᠨ᠎ᠡ ᠰᠣᠷᠭᠣᠭ ᠶ᠋ᠢᠡᠷ ᠢᠳᠡᠬᠦ ᠡᠷᠳᠡᠨᠢ ᠱᠢᠰᠢ ᠵᠡᠷᠭᠡ ᠪᠥᠬᠥ᠌ ᠤᠯᠤᠰ ᠲᠦ᠍ ᠨᠥᠯᠥᠭᠡᠯᠡᠬᠦ᠌ ᠬᠦᠴᠦᠨ ᠲᠠᠢ ᠨᠢᠭᠡ ᠪᠦᠯᠦᠭ ᠲᠠᠩ ᠲᠦᠷᠦᠯ ᠤ᠋ᠨ ᠪᠦᠲᠦᠭᠡᠭ᠌ᠳᠡᠬᠦᠨ ᠤ᠋ ᠲᠦᠷᠦᠯ ᠲᠡᠮᠲᠡᠭ ᠢ᠋ ᠭᠤᠤᠯᠳᠠᠯᠭ᠎ᠠ ᠲᠠᠶ ᠴᠤᠭᠴᠠᠯᠠᠨ᠂ 3 — 5 ᠪᠥᠬᠥ᠌ ᠤᠯᠤᠰ ᠤ᠋ᠨ ᠬᠦᠳᠡᠬᠡ ᠠᠵᠤ ᠠᠬᠤᠢ ᠵᠢᠨ ᠪᠦᠳᠦᠬᠡᠭᠳᠡᠬᠦᠨ ᠤ᠋ ᠨᠡᠷᠡᠲᠦ ᠲᠥᠷᠥᠯ ᠲᠡᠮᠲᠡᠭ ᠢ᠋ ᠰᠢᠨ᠎ᠡ ᠪᠡᠷ ᠨᠡᠮᠡᠭ᠌ᠳᠡᠭᠦᠯᠵᠦ᠍᠂ 《 ᠣᠷᠣᠨ ᠪᠦᠰᠡ ᠶ᠋ᠢᠨ ᠨᠡᠢᠲᠡ ᠶ᠋ᠢᠨ ᠬᠡᠷᠡᠭ᠌ᠯᠡᠭᠡᠨ ᠤ᠋ ᠲᠥᠷᠥᠯ ᠲᠡᠮᠳᠡᠭ᠌ + ᠠᠵᠤ ᠠᠬᠤᠢᠯᠠᠯ ᠤ᠋ᠨ ᠲᠥᠷᠥᠯ ᠲᠡᠮᠳᠡᠭ᠌ + ᠳᠠᠡᠭ ᠲᠦᠷᠦᠯ ᠤ᠋ᠨ ᠪᠦᠲᠦᠭᠡᠭᠳᠡᠭᠦᠨ ᠤ᠋ ᠲᠦᠷᠦᠯ ᠲᠡᠮᠲᠡᠭ 》 ᠤ᠋ᠨ ᠬᠠᠮᠵᠢᠯᠴᠠᠨ ᠬᠦᠴᠦᠯᠡᠵᠦ ᠱᠠᠲᠤᠴᠢ ᠴᠢᠨᠠᠷᠲᠠᠢ ᠪᠡᠷ ᠬᠦᠭᠵᠢᠭᠦ ᠲᠦᠷᠦᠯ ᠲᠡᠮᠲᠡᠭ ᠤ᠋ᠨ ᠰᠢᠰᠲᠸᠮ ᠢ᠋ ᠪᠠᠢᠭᠤᠯᠤᠨ᠎ᠠ ᠃ ᠡᠭᠦᠨ ᠤ᠋ ᠬᠠᠮᠲᠤ ᠲᠥᠷᠥᠯ ᠲᠡᠮᠳᠡᠭ᠌ᠲᠦ᠍ ᠶ᠋ᠢᠨ LOGO ᠢᠯᠡᠷᠬᠡᠢᠯᠡᠯᠲᠦ ᠲᠡᠮᠳᠡᠭ ᠤ᠋ᠨ ᠱᠢᠰᠲ᠋ᠧᠮ ᠢ᠋ ᠰᠢᠯᠢᠳᠡᠭᠵᠢᠭᠦᠯᠦᠨ᠂ ᠲᠥᠷᠥᠯ ᠲᠡᠮᠳᠡᠭ᠌ᠲᠦ᠍ ᠶ᠋ᠢᠨ ᠵᠦᠪᠰᠢᠶᠡᠷᠡᠯ ᠤ᠋ᠨ ᠪᠠᠷᠢᠮᠵᠢᠶ᠎ᠠ ᠵᠢ ᠨᠢᠭᠡᠳᠭᠡᠵᠦ᠂ ᠪᠦᠲᠦᠭᠡᠭᠳᠡᠭᠦᠨ ᠤ᠋ ᠶᠠᠰᠤ ᠴᠢᠨᠠᠷ ᠤ᠋ᠨ ᠮᠦᠷᠳᠡᠯᠲᠡ ᠶ᠋ᠢᠨ ᠱᠢᠰᠲ᠋ᠧᠮ ᠢ᠋ ᠪᠦᠷᠢᠨᠱᠢᠬᠦᠯᠦᠨ᠂ ᠲᠥᠷᠥᠯ ᠲᠡᠮᠳᠡᠭ᠌ᠲᠦ᠍ ᠶ᠋ᠢ 《ᠢᠯᠡᠷᠬᠡᠢᠯᠡᠯᠲᠦ ᠲᠡᠮᠲᠡᠭ ᠲᠡᠶ》 ᠪᠠᠢᠭ᠍ᠰᠠᠨ ᠡᠴᠡ ᠪᠠᠨ 《ᠶᠠᠰᠤ ᠴᠢᠨᠠᠷ ᠲᠠᠶ᠂ ᠨᠡᠷ᠎ᠡ ᠠᠯᠳᠠᠷᠰᠢᠯ ᠲᠠᠢ᠂ ᠢᠲᠡᠭᠡᠮᠵᠢ ᠲᠠᠢ 》 ᠲᠡᠢᠰᠢ ᠲᠠᠰ ᠳᠡᠪᠰᠢᠬᠦ ᠵᠢ ᠠᠬᠢᠭᠤᠯᠵᠤ᠂ ᠲᠠᠷᠢᠭᠦᠨ ᠤ᠋ ᠶᠠᠰᠤ ᠴᠢᠨᠠᠷ ᠶ᠋ᠢᠡᠷ ᠴᠢᠨᠠᠷ ᠰᠠᠢᠲᠠᠶ ᠲᠥᠷᠥᠯ ᠲᠡᠮᠳᠡᠭ᠌ ᠢ᠋ ᠴᠤᠭᠴᠠᠯᠠᠨ᠂ ᠴᠢᠨᠠᠷ ᠰᠠᠢᠲᠠᠶ ᠲᠥᠷᠥᠯ ᠲᠡᠮᠳᠡᠭ᠌ ᠵᠢᠡᠷ ᠪᠥᠬᠥ᠌ ᠤᠯᠤᠰ ᠤ᠋ᠨ ᠵᠠᠬ᠎ᠠ ᠳᠡᠯᠭᠡᠭᠦᠷ ᠢ᠋ ᠨᠡᠭᠡᠭᠡᠨ ᠥᠷᠭᠡᠳᠭᠡᠬᠦ ᠪᠡᠷ ᠪᠤᠢ᠃
ᠣᠯᠠᠨ ᠲᠠᠯ᠎ᠠ ᠪᠠᠷ ᠬᠦᠴᠦᠯᠡᠨ ᠡᠵᠡᠩᠨᠡᠨ ᠪᠣᠷᠣᠯᠠᠭᠤᠯᠬᠤ ᠠᠷᠭ᠎ᠠ ᠵᠠᠮ ᠢ᠋ ᠦᠷᠭᠡᠳᠭᠡᠵᠦ᠂ ᠲᠥᠷᠥᠯ ᠲᠡᠮᠳᠡᠭ᠌ᠲᠦ᠍ ᠶ᠋ᠢᠨ ᠳᠠᠮᠵᠢᠭᠤᠯᠭ᠎ᠠ ᠶ᠋ᠢᠨ ᠨᠥᠯᠥᠭᠡᠯᠡᠬᠦ᠌ ᠬᠦᠴᠦᠨ ᠢ᠋ ᠴᠢᠩᠭᠠᠳᠬᠠᠨ᠎ᠠ᠃ ᠮᠠᠨ ᠤ᠋ ᠤᠷᠤᠨ ᠡᠨᠡ ᠵᠢᠯ 《ᠰᠦᠯᠵᠢᠶ᠎ᠡ ᠪᠠ ᠲᠤᠬᠠᠢ ᠶ᠋ᠢᠨ ᠲᠠᠯᠠᠪᠠᠢ ᠵᠢ ᠠᠭᠤᠰᠤᠯᠴᠠᠭᠤᠯᠬᠤ᠂ ᠤᠯᠤᠰ ᠤ᠋ᠨ ᠳᠣᠲᠣᠭᠠᠳᠤ ᠭᠠᠳᠠᠭᠠᠳᠤ ᠲᠠᠢ ᠬᠣᠯᠪᠣᠭᠠᠯᠠᠨ ᠬᠥᠳᠡᠯᠦᠯᠴᠡᠬᠦ᠌》 ᠪᠥᠬᠥ᠌ ᠲᠠᠯ᠎ᠠ ᠶ᠋ᠢᠨ ᠡᠵᠡᠩᠨᠡᠨ ᠪᠣᠷᠣᠯᠠᠭᠤᠯᠬᠤ ᠱᠢᠰᠲ᠋ᠧᠮ ᠢ᠋ ᠪᠠᠢᠭᠤᠯᠵᠤ᠂ ᠰᠦᠯᠵᠢᠶᠡᠨ ᠳᠡᠭᠡᠷ᠎ᠡ ᠭᠤᠤᠯ ᠵᠠᠭᠤᠴᠢᠯᠠᠭᠤᠷ ᠤ᠋ᠨ ᠤᠬᠠᠭᠤᠯᠭ᠎ᠠ ᠶ᠋ᠢᠨ ᠵᠢᠭ᠍ᠰᠠᠯ ᠳ᠋ᠤ ᠲᠦᠰᠢᠭᠯᠡᠨ ᠥᠪᠡᠷᠮᠢᠴᠡ ᠣᠨᠴᠠᠯᠢᠭ ᠲᠠᠶ ᠰᠦᠯᠵᠢᠶᠡᠨ ᠤᠳᠤᠳ ᠤ᠋ᠨ IP ᠵᠢ ᠴᠤᠭᠴᠠᠯᠠᠵᠤ᠂ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠲᠠᠨᠢᠯᠴᠠᠭᠤᠯᠤᠭᠴᠢ ᠶ᠋ᠢᠨ ᠲᠤᠰᠬᠠᠢ ᠮᠡᠷᠭᠡᠵᠢᠯ ᠤ᠋ᠨ ᠡᠡᠭᠨᠡᠭᠡ ᠵᠢ ᠵᠤᠬᠢᠶᠠᠨ ᠪᠠᠢᠭᠤᠯᠤᠨ ᠪᠢᠴᠢᠯ ᠸᠢᠳᠢᠦ᠌ ᠪᠠ ᠰᠢᠭᠤᠳ ᠨᠡᠪᠲᠡᠷᠡᠭᠦᠯᠭᠡ ᠵᠡᠷᠭᠡ ᠰᠢᠨ᠎ᠡ ᠵᠠᠭᠤᠴᠢᠯᠠᠭᠤᠷ ᠶ᠋ᠢᠡᠷ 《ᠦᠪᠦᠷ ᠮᠤᠡᠭᠭᠤᠯ ᠤ᠋ᠨ ᠦᠨᠦᠷ ᠠᠮᠲᠠ》 ᠵᠢ ᠦᠷᠭᠡᠨ ᠲᠠᠯᠬᠡᠷ ᠤᠬᠠᠭᠤᠯᠵᠤ᠂ ᠦᠪᠤᠷ ᠮᠤᠩᠭᠤᠯ ᠤ᠋ᠨ ᠴᠢᠨᠠᠷ ᠰᠠᠢᠲᠠᠢ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠪᠦᠬᠦ ᠤᠯᠤᠰ ᠤ᠋ᠨ ᠬᠡᠷᠡᠭᠯᠡᠭᠴᠢᠳ ᠤ᠋ᠨ ᠭᠠᠷ ᠲᠦ᠍ ᠰᠢᠭᠤᠳ ᠬᠦᠷᠬᠦ ᠵᠢ ᠦᠷᠬᠡᠳᠬᠡᠨ᠎ᠠ᠃ ᠪᠡᠭᠡᠵᠢᠩ᠂ ᠱᠠᠩᠬᠠᠶ ᠭᠤᠸᠠᠩᠵᠧᠦ ᠵᠡᠷᠭᠡ ᠲᠤᠮᠤ ᠬᠣᠲᠠ ᠶ᠋ᠢᠨ ᠭᠤᠤᠯ ᠪᠤᠯᠬᠤ ᠬᠤᠳᠠᠯᠳᠤᠭᠠᠨ ᠤ᠋ ᠲᠣᠭᠣᠷᠢᠭ᠂ ᠨᠢᠰᠭᠡᠯ ᠤ᠋ᠨ ᠪᠠᠭᠤᠳᠠᠯ᠂ ᠲᠦᠷᠭᠡᠨ ᠤ᠋ ᠲᠡᠮᠦᠷ ᠵᠠᠮ ᠤ᠋ᠨ ᠥᠷᠲᠡᠭᠡ ᠳ᠋ᠦ ᠲᠥᠷᠥᠯ ᠲᠡᠮᠲᠡᠭᠲᠦ ᠶ᠋ᠢᠨ ᠵᠠᠷ ᠮᠡᠳᠡᠭᠡ ᠲᠠᠯᠪᠢᠵᠤ᠂ ᠲᠥᠷᠥᠯ ᠲᠡᠮᠳᠡᠭᠲᠦ ᠶ᠋ᠢᠨ ᠶᠡᠬᠡ ᠬᠤᠷᠠᠯ ᠵᠢᠴᠢ ᠬᠣᠨᠢᠨ ᠮᠢᠬ᠎ᠠ᠂ ᠪᠢᠱᠢᠯᠠᠭ᠂ ᠱᠣᠣᠮᠠᠶ ᠪᠤᠯᠤᠨ ᠬᠠᠯᠠᠭᠤᠨ ᠲᠣᠭᠣᠭ᠎ᠠ ᠵᠡᠷᠭᠡ ᠣᠨᠴᠠᠯᠢᠭ᠍ᠲᠤ ᠠᠵᠤ ᠦᠶ᠋ᠯᠡᠰ ᠤ᠋ᠨ ᠲᠤᠰᠭᠠᠶ ᠲᠠᠨᠢᠯᠴᠠᠭᠤᠯᠭ᠎ᠠ ᠶ᠋ᠢᠨ ᠬᠤᠷᠠᠯ ᠢ᠋ ᠡᠷᠬᠢᠯᠡᠨ ᠬᠤᠷᠠᠯᠳᠤᠭᠤᠯᠤᠨ᠎ᠠ; ᠠᠵᠤ ᠠᠬᠤᠢᠯᠠᠯ ᠢ᠋ ᠵᠣᠬᠢᠶᠠᠨ ᠪᠠᠢᠭᠤᠯᠤᠨ ᠳᠤᠮᠳᠠᠳᠤ ᠤᠯᠤᠰ ᠤ᠋ᠨ ᠤᠯᠠᠨ ᠤᠯᠤᠰ ᠤ᠋ᠨ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠠᠷᠠᠯᠵᠢᠶᠠᠨ ᠤ᠋ ᠴᠤᠭ᠍ᠯᠠᠭᠠᠨ᠂ ᠳᠤᠮᠳᠠᠳᠤ ᠤᠯᠤᠰ ᠤ᠋ᠨ ᠲᠠᠷᠢᠶᠠᠴᠢᠳ ᠤ᠋ᠨ ᠡᠯᠪᠡᠭ ᠬᠤᠷᠢᠶᠠᠯᠲᠠ ᠶ᠋ᠢᠨ ᠪᠠᠶᠠᠷ ᠵᠡᠷᠭᠡ ᠤᠯᠤᠰ ᠤ᠋ᠨ ᠲᠡᠰ ᠤ᠋ᠨ ᠦᠵᠡᠰᠭᠦᠯᠡᠩ ᠴᠤᠭᠯᠠᠭᠠᠨ ᠳ᠋ᠦ ᠣᠷᠣᠯᠴᠠᠭᠤᠯᠵᠤ᠂ ᠲᠦᠷᠦᠯ ᠲᠡᠮᠳᠡᠭᠲᠦ ᠶ᠋ᠢᠨ ᠲᠦᠷᠢ ᠲᠥᠷᠬᠦ᠌ ᠪᠠᠨ ᠲᠥᠪᠯᠡᠷᠡᠭᠦᠯᠦᠨ ᠳᠡᠯᠭᠡᠨ ᠦᠵᠡᠭᠦᠯᠦᠨ᠎ᠡ᠃ ᠳᠠᠭᠠᠭᠤᠯᠤᠭ᠍ᠴᠢ ᠠᠵᠤ ᠠᠬᠤᠢᠯᠠᠯ ᠢ᠋ ᠵᠣᠷᠢᠭ᠍ᠵᠢᠭᠤᠯᠤᠨ ᠱᠧᠨᠵᠧᠨ ᠤ᠋ ᠬᠠᠶ ᠵᠢᠶ ᠱᠢᠩ᠂ ᠪᠡᠭᠡᠵᠢᠩ ᠤ᠋ᠨ ᠱᠢᠨ ᠹᠠ ᠳ᠋ᠢ ᠵᠡᠷᠭᠡ ᠪᠦᠬᠦ᠌ ᠤᠯᠤᠰ ᠤ᠋ᠨ ᠨᠢᠭᠡᠳᠦᠭᠡᠷ ᠳᠡᠰ ᠤ᠋ᠨ ᠪᠥᠭᠡᠮ ᠶ᠋ᠢᠡᠷ ᠪᠤᠷᠤᠯᠠᠭᠤᠯᠬᠤ ᠵᠠᠬ᠎ᠠ ᠳᠡᠯᠭᠡᠭᠦᠷ ᠲᠦ᠍ ᠨᠢᠭᠡᠳᠦᠯᠲᠡᠶ ᠪᠡᠷ ᠲᠦᠷᠦᠯ ᠲᠡᠮᠲᠡᠭᠲᠦ ᠶ᠋ᠢᠨ ᠳᠡᠯᠭᠡᠭᠦᠷ ᠨᠡᠭᠡᠭᠡᠵᠦ᠂ ᠭᠣᠣᠯᠳᠠᠯᠭ᠎ᠠ ᠲᠠᠶ ᠬᠡᠷᠡᠭ᠌ᠯᠡᠭᠡᠨ ᠤ᠋ ᠬᠣᠲᠠ ᠳ᠋ᠦ ᠬᠣᠱᠢᠭᠤᠴᠢ ᠳᠡᠯᠭᠡᠭᠦᠷ᠂ ᠦᠢᠯᠡᠳᠪᠦᠷᠢ ᠶ᠋ᠢᠨ ᠳᠡᠯᠭᠡᠭᠦᠷ ᠪᠤᠯᠤᠨ ᠨᠡᠢᠭᠡᠮ ᠲᠣᠭᠣᠷᠢᠭ ᠤ᠋ᠨ ᠳᠡᠯᠭᠡᠭᠦᠷ ᠢ᠋ ᠪᠠᠢᠷᠢᠯᠠᠭᠤᠯᠤᠨ᠎ᠠ᠃ ᠡᠭᠦᠨ ᠤ᠋ ᠬᠠᠮᠲᠤ ᠤᠯᠠᠨ ᠤᠯᠤᠰ ᠤ᠋ᠨ ᠵᠠᠬ᠎ᠠ ᠳᠡᠯᠭᠡᠭᠦᠷ ᠢ᠋ ᠢᠳᠡᠪᠬᠢᠲᠡᠢ ᠨᠡᠭᠡᠭᠡᠵᠦ᠍᠂ ᠠᠵᠤ ᠠᠬᠤᠢᠯᠠᠯ ᠢ᠋ ᠵᠣᠬᠢᠶᠠᠨ ᠪᠠᠢᠭᠤᠯᠤᠨ ᠳᠤᠮᠳᠠᠳᠤ ᠤᠯᠤᠰ ᠵᠡᠭᠦᠨ ᠡᠮᠦᠨᠡᠲᠦ ᠠᠽᠢᠶ᠎ᠠ ᠶ᠋ᠢᠨ ᠤᠯᠤᠰ ᠤ᠋ᠳ ᠤ᠋ᠨ ᠬᠣᠯᠪᠣᠭ᠎ᠠ ᠶ᠋ᠢᠨ ᠲᠠᠷᠢᠶᠠᠯᠠᠩ ᠤ᠋ᠨ ᠦᠵᠡᠰᠭᠦᠯᠡᠩ᠂ ᠲᠥᠮᠥᠰᠥ ᠶ᠋ᠢᠨ ᠦᠢᠯᠡᠰ ᠤ᠋ᠨ ᠦᠵᠡᠰᠭᠦᠯᠡᠩ ᠵᠡᠷᠭᠡ ᠤᠯᠠᠨ ᠤᠯᠤᠰ ᠤ᠋ᠨ ᠦᠵᠡᠰᠭᠦᠯᠡᠩ ᠳ᠋ᠦ ᠣᠷᠣᠯᠴᠠᠭᠤᠯᠵᠤ᠂ ᠬᠠᠢᠨᠠᠨ ᠤ᠋ ᠴᠢᠯᠥᠭᠡᠲᠦ ᠠᠷᠠᠯᠵᠢᠶᠠᠨ ᠤ᠋ ᠭᠠᠷᠠᠮ ᠳ᠋ᠤ ᠪᠠᠷᠠᠭ᠎ᠠ ᠰᠣᠩᠭᠣᠬᠤ ᠠᠭᠤᠳᠠᠮ ᠲᠠᠯᠠᠪᠠᠢ ᠪᠠᠢᠭᠤᠯᠤᠨ᠂ ᠥᠪᠥᠷ ᠮᠣᠩᠭᠣᠯ ᠤ᠋ᠨ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠤᠯᠠᠨ ᠤᠯᠤᠰ ᠤ᠋ᠨ ᠵᠠᠬ᠎ᠠ ᠳᠡᠯᠭᠡᠭᠦᠷ ᠲᠦ᠍ ᠣᠷᠣᠬᠤ ᠵᠢ ᠠᠬᠢᠭᠤᠯᠬᠤ ᠪᠤᠯᠤᠨ᠎ᠠ᠃
ᠪᠠᠷᠠᠭᠠᠨ ᠤ᠋ ᠬᠦᠢᠯᠬᠡᠬᠡ ᠪᠠ ᠬᠦᠮᠦᠷᠬᠡᠯᠡᠨ ᠬᠠᠳᠠᠭᠠᠯᠠᠬᠤ ᠰᠢᠰᠲᠸᠮ ᠢ᠋ ᠰᠢᠨᠵᠢᠯᠡᠬᠦ ᠤᠬᠠᠭᠠᠨᠴᠢ ᠪᠡᠷ ᠪᠠᠢᠷᠢᠰᠢᠭᠤᠯᠵᠤ᠂ ᠦᠢᠯᠡᠳᠪᠤᠷᠢᠯᠡᠯ ᠪᠤᠷᠤᠯᠠᠭᠤᠯᠭ᠎ᠠ ᠪᠠ ᠬᠦᠢᠯᠬᠡᠬᠡ ᠵᠢ ᠨᠡᠪᠳᠡᠷᠡᠬᠦᠯᠦᠨ᠎ᠠ᠃ ᠮᠠᠨ ᠤ᠋ ᠤᠷᠤᠨ 《ᠥᠪᠡᠷ ᠤ᠋ᠨ ᠥᠷᠲᠡᠭ ᠢ᠋ ᠪᠠᠭᠤᠷᠠᠭᠤᠯᠤᠨ ᠦᠷ᠎ᠡ ᠠᠱᠢᠭ ᠢ᠋ ᠨᠡᠮᠡᠭ᠌ᠳᠡᠭᠦᠯᠵᠦ᠍᠂ ᠲᠥᠷᠭᠡᠨ ᠬᠤᠷᠳᠤᠴᠠ ᠪᠡᠷ ᠲᠤᠬᠢᠷᠠᠭᠤᠯᠤᠨ ᠬᠦᠷᠭᠡᠬᠦ》 ᠬᠠᠷᠠᠯᠲᠠ ᠶ᠋ᠢᠨ ᠲᠣᠭᠣᠷᠢᠨ ᠳ᠋ᠤ ᠪᠦᠬᠦ᠌ ᠤᠯᠤᠰ ᠤ᠋ᠨ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠬᠥᠮᠥᠷᠭᠡᠯᠡᠨ ᠬᠠᠳᠠᠭᠠᠯᠠᠬᠤ ᠪᠠᠷᠠᠭ᠎ᠠ ᠶ᠋ᠢᠨ ᠭᠦᠢᠯᠭᠡᠭᠡ ᠶ᠋ᠢᠨ ᠪᠠᠢᠷᠢᠱᠢᠭᠤᠯᠤᠯᠳᠠ ᠵᠢ ᠱᠢᠯᠢᠳᠡᠭ᠌ᠵᠢᠭᠦᠯᠵᠤ᠂ ᠲᠤᠷᠤᠨᠠᠳᠤ ᠤᠷᠤᠨ (ᠱᠠᠩᠬᠠᠶ)᠂ ᠡᠮᠦᠨᠡᠲᠦ ᠤᠷᠤᠨ (ᠭᠤᠸᠠᠩᠵᠧᠦ)᠂ ᠪᠠᠷᠠᠭᠤᠨ ᠡᠮᠦᠨᠡᠲᠦ ᠣᠷᠣᠨ (ᠴᠧᠡᠭᠳ᠋ᠥ᠋)᠂ ᠪᠠᠷᠠᠭᠤᠨ ᠬᠣᠢᠲᠤ ᠣᠷᠣᠨ (ᠰᠢ ᠠᠨ)᠂ ᠳᠤᠮᠳᠠᠳᠤ ᠤᠷᠤᠨ (ᠵᠸᠩᠵᠸᠦ)᠂ ᠬᠠᠢᠨᠠᠨ (ᠬᠠᠢᠺᠸᠤ) ᠵᠡᠷᠭᠡ ᠪᠥᠬᠥ᠌ ᠤᠯᠤᠰ ᠤ᠋ᠨ 6 ᠶᠡᠬᠡ ᠪᠠᠷᠠᠭᠠᠨ ᠤ᠋ ᠭᠦᠢᠯᠭᠡᠭᠡ ᠵᠢ ᠲᠥᠪᠯᠡᠷᠡᠭᠦᠯᠵᠦ᠍ ᠲᠠᠷᠬᠠᠭᠠᠬᠤ ᠬᠦᠶ᠋ᠰᠦ ᠤᠷᠤᠨ ᠳ᠋ᠦ ᠥᠪᠥᠷ ᠮᠣᠩᠭᠣᠯ ᠤ᠋ᠨ ᠮᠠᠯ ᠤ᠋ᠨ ᠠᠱᠢᠭ ᠱᠢᠮ᠎ᠡ ᠲᠠᠷᠢᠶᠠᠯᠠᠡᠭ ᠤ᠋ᠨ ᠪᠦᠲᠦᠭᠡᠭ᠌ᠳᠡᠬᠦᠨ ᠤ᠋ ᠣᠷᠣᠨ ᠪᠦᠰᠡ ᠶ᠋ᠢᠨ ᠲᠥᠷᠥᠯ ᠲᠡᠮᠳᠡᠭ᠌ᠲᠦ᠍ ᠶ᠋ᠢᠨ ᠤᠷᠢᠳᠴᠢᠯᠠᠨ ᠨᠦᠬᠡᠴᠡᠯᠡᠬᠦ ᠬᠥᠮᠥᠷᠭᠡ ᠵᠢ ᠪᠠᠢᠭᠤᠯᠵᠤ᠂ ᠪᠦᠲᠦᠭᠡᠭᠳᠡᠭᠦᠨ ᠵᠢᠡᠨ ᠣᠢᠷ᠎ᠠ ᠬᠠᠪᠢ ᠳ᠋ᠤᠨᠢ ᠬᠠᠳᠠᠭᠠᠯᠠᠵᠤ ᠥᠨᠳᠥᠷ ᠪᠦᠲᠦᠮᠵᠢᠲᠡᠶ ᠪᠡᠷ ᠳᠣᠭᠢᠷᠠᠭᠤᠯᠤᠨ ᠬᠦᠷᠭᠡᠬᠦ᠌ ᠵᠢ ᠪᠡᠶᠡᠯᠡᠭᠦᠯᠦᠨ᠎ᠡ; ᠥᠪᠥᠷ ᠮᠣᠩᠭᠣᠯ ᠤ᠋ᠨ ᠵᠡᠭᠦᠨ ᠪᠠᠶ᠎ᠠ᠂ ᠳᠤᠮᠳᠠ ᠪᠠᠶ᠎ᠠ᠂ ᠪᠠᠷᠠᠭᠤᠨ ᠪᠠᠶ᠎ᠠ ᠵᠢᠨ ᠭᠤᠤᠯ ᠭᠠᠷᠤᠯᠲᠠ ᠶ᠋ᠢᠨ ᠣᠷᠣᠨ ᠳ᠋ᠤ 3 ᠲᠦᠷᠭᠡᠨ ᠬᠦᠷᠭᠡᠯᠲᠡ ᠶ᠋ᠢᠨ ᠪᠠᠷᠠᠭᠠᠨ ᠤ᠋ ᠭᠦᠶ᠋ᠯᠭᠡᠭᠡ ᠶ᠋ᠢᠨ ᠪᠠᠷᠠᠭ᠎ᠠ ᠶᠠᠪᠤᠭᠤᠯᠬᠤ ᠨᠢᠭᠡᠲᠦᠯᠲᠡᠢ ᠬᠥᠮᠥᠷᠭᠡ ᠵᠢ ᠪᠠᠢᠷᠢᠱᠢᠭᠤᠯᠵᠤ᠂ ᠭᠠᠷᠤᠯᠲᠠ ᠶ᠋ᠢᠨ ᠣᠷᠣᠨ ᠤ᠋ ᠪᠠᠷᠠᠭ᠎ᠠ ᠶᠠᠪᠤᠭᠤᠯᠬᠤ ᠦᠷ᠎ᠡ ᠪᠦᠲᠦᠮᠵᠢ ᠵᠢ ᠳᠡᠭᠡᠭ᠌ᠰᠢᠯᠡᠭᠦᠯᠦᠨᠡ᠃ ᠤᠷᠢᠳᠴᠢᠯᠠᠨ ᠨᠦᠬᠡᠴᠡᠯᠡᠬᠦ ᠬᠦᠮᠦᠷᠭᠡ ᠪᠠ ᠨᠢᠭᠡᠲᠦᠯᠲᠡᠢ ᠬᠦᠮᠦᠷᠭᠡ ᠳ᠋ᠦ ᠤᠷᠤᠵᠤ ᠰᠠᠭᠤᠭᠰᠠᠨ ᠠᠵᠤ ᠠᠬᠤᠢᠯᠠᠯ ᠳ᠋ᠦ ᠬᠦᠮᠦᠷᠭᠡᠯᠡᠨ ᠬᠠᠳᠠᠭᠠᠯᠠᠬᠤ ᠵᠠᠷᠤᠳᠠᠯ ᠤ᠋ᠨ ᠨᠦᠬᠦᠪᠦᠷᠢ ᠤᠯᠭᠤᠵᠤ᠂ ᠠᠵᠤ ᠠᠬᠤᠢᠯᠠᠯ ᠤ᠋ᠨ ᠪᠠᠷᠠᠭᠠᠨ ᠤ᠋ ᠭᠦᠢᠯᠭᠡᠭᠡ ᠶ᠋ᠢᠨ ᠦᠪᠡᠷ ᠤ᠋ᠨ ᠦᠷᠳᠡᠭ ᠢ᠋ ᠪᠠᠭᠤᠷᠠᠭᠤᠯᠤᠨ᠂ ᠲᠤᠬᠢᠷᠠᠭᠤᠯᠤᠨ ᠬᠦᠷᠭᠡᠬᠦ ᠴᠠᠭ ᠢ᠋ ᠪᠤᠭᠤᠨᠢᠰᠬᠠᠵᠤ᠂ ᠦᠪᠤᠷ ᠮᠤᠩᠭᠤᠯ ᠤ᠋ᠨ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠢ᠋ ᠰᠢᠨ᠎ᠡ ᠰᠤᠷᠭᠤᠭ ᠶ᠋ᠢᠡᠷ ᠨᠢ ᠪᠦᠬᠦ ᠤᠯᠤᠰ ᠤ᠋ᠨ ᠬᠡᠷᠡᠭᠯᠡᠭᠴᠢᠳ ᠲᠦ᠍ ᠬᠦᠷᠬᠡᠬᠦ ᠪᠡᠷ ᠪᠠᠢᠨ᠎ᠠ᠃
ᠠᠷᠠᠯᠵᠢᠶᠠᠨ ᠤ᠋ ᠦᠶ᠋ᠯᠡᠴᠢᠯᠡᠭᠡᠨ ᠤ᠋ ᠲᠠᠪᠴᠠᠩ ᠢ᠋ ᠥᠨᠳᠥᠷ ᠪᠠᠷᠢᠮᠵᠢᠶ᠎ᠠ ᠪᠠᠷ ᠪᠠᠢᠭᠤᠯᠵᠤ᠂ ᠵᠠᠬ᠎ᠠ ᠳᠡᠯᠭᠡᠭᠦᠷ ᠤ᠋ᠨ ᠦᠨ᠎ᠡ ᠲᠣᠭ᠍ᠲᠠᠭᠠᠬᠤ ᠡᠷᠬᠡ ᠵᠢ ᠵᠠᠪᠳᠤᠨ ᠡᠵᠡᠯᠡᠨ᠎ᠡ᠃ ᠮᠠᠨ ᠤ᠋ ᠤᠷᠤᠨ ᠲᠠᠪᠴᠠᠩ ᠤ᠋ᠨ ᠪᠠᠢᠭᠤᠯᠤᠯᠲᠠ ᠪᠡᠷ ᠠᠵᠤ ᠦᠶ᠋ᠯᠡᠰ ᠤ᠋ᠨ ᠳᠡᠰ ᠳᠡᠪᠰᠢᠯᠲᠡ ᠳ᠋ᠦ ᠡᠨ᠋ᠸᠷᠬᠢ ᠤᠯᠭᠤᠨ᠂ 《ᠰᠦᠯᠵᠢᠶ᠎ᠡ + ᠲᠤᠬᠠᠢ ᠶ᠋ᠢᠨ ᠲᠠᠯᠠᠪᠠᠢ + ᠡᠯᠧᠺᠲ᠋ᠷᠣᠨ ᠬᠤᠳᠠᠯᠳᠤᠭ᠎ᠠ》 ᠵᠢᠨ ᠵᠠᠭ᠍ᠪᠤᠷ ᠢ᠋ ᠠᠰᠢᠭᠯᠠᠵᠤ᠂ ᠮᠤᠵᠢ ᠶᠠᠮᠤᠨ ᠬᠠᠮᠲᠤᠷᠠᠨ ᠪᠥᠬᠥ᠌ ᠤᠯᠤᠰ ᠤ᠋ᠨ ᠦᠬᠡᠷ ᠬᠣᠨᠢᠨ ᠮᠢᠬ᠎ᠠ ᠵᠢᠨ ᠠᠷᠠᠯᠵᠢᠶᠠᠨ ᠤ᠋ ᠲᠥᠪ ᠢ᠋ ᠪᠠᠢᠭᠤᠯᠵᠤ᠂ ᠪᠥᠬᠥ᠌ ᠤᠯᠤᠰ ᠤ᠋ᠨ ᠦᠬᠡᠷ ᠬᠣᠨᠢᠨ ᠮᠢᠬᠠᠨ ᠤ᠋ ᠠᠵᠤ ᠦᠶ᠋ᠯᠡᠰ ᠤ᠋ᠨ ᠬᠡᠯᠬᠢᠶ᠎ᠡ ᠶ᠋ᠢᠨ ᠳᠠᠭᠠᠭᠤᠯᠤᠭᠴᠢ ᠠᠵᠤ ᠠᠬᠤᠢᠯᠠᠯ᠂ ᠪᠤᠯᠪᠠᠰᠤᠷᠠᠭᠤᠯᠬᠤ ᠠᠵᠤ ᠠᠬᠤᠢᠯᠠᠯ᠂ ᠪᠠᠷᠠᠭᠠᠨ ᠤ᠋ ᠭᠦᠢᠯᠭᠡᠭᠡ ᠶ᠋ᠢᠨ ᠠᠵᠤ ᠠᠬᠤᠢᠯᠠᠯ ᠢ᠋ ᠰᠠᠭᠤᠷᠢᠰᠢᠭᠤᠯᠤᠨ᠎ᠠ᠃ ᠲᠠᠪᠴᠠᠩ ᠤ᠋ᠨ ᠠᠷᠠᠯᠵᠢᠶ᠎ᠠ᠂ ᠳ᠋ᠦᠩᠨᠡᠨ ᠪᠤᠳᠤᠬᠤ᠂ ᠪᠠᠷᠠᠭᠠᠨ ᠤ᠋ ᠭᠦᠶ᠋ᠯᠭᠡᠭᠡ᠂ ᠮᠡᠳᠡᠭᠡ ᠵᠠᠩᠭᠢ ᠨᠡᠢᠲᠡᠯᠡᠬᠦ᠌ ᠵᠡᠷᠭᠡ ᠭᠤᠤᠯᠯᠠᠬᠤ ᠴᠢᠳᠠᠮᠵᠢ ᠵᠢ ᠡᠮᠬᠢᠯᠡᠨ ᠨᠡᠢᠯᠡᠭᠦᠯᠵᠦ᠍᠂ ᠠᠷᠠᠯᠵᠢᠶᠠᠯᠠᠬᠤ᠂ ᠭᠠᠷᠳᠠᠮ ᠭᠦᠶ᠋ᠴᠡᠳᠭᠡᠬᠦ᠌᠂ ᠦᠨ᠎ᠡ ᠲᠣᠭ᠍ᠲᠠᠭᠠᠬᠤ ᠪᠠ ᠮᠡᠳᠡᠭᠡ ᠵᠠᠩᠭᠢ ᠶ᠋ᠢᠨ ᠦᠶ᠋ᠯᠡᠴᠢᠯᠡᠭᠡ ᠵᠢ ᠨᠢᠭᠡ ᠴᠣᠠᠠᠴᠠᠵᠢᠭᠤᠯᠥᠠᠠᠰᠠᠨ ᠪᠥᠬᠥ᠌ ᠤᠯᠤᠰ ᠤ᠋ᠨ ᠦᠬᠡᠷ ᠬᠣᠨᠢᠨ ᠮᠢᠬ᠎ᠠ ᠵᠢᠨ ᠠᠵᠤ ᠦᠶ᠋ᠯᠡᠰ ᠤ᠋ᠨ ᠶᠡᠷᠦᠩᠬᠡᠶ ᠰᠠᠭᠤᠷᠢᠨ ᠢ᠋ ᠪᠠᠢᠭᠤᠯᠵᠤ᠂ ᠪᠥᠬᠥ᠌ ᠤᠯᠤᠰ ᠤ᠋ᠨ ᠵᠠᠬ᠎ᠠ ᠳᠡᠯᠭᠡᠭᠦᠷ ᠲᠡᠬᠢ ᠥᠪᠥᠷ ᠮᠣᠩᠭᠣᠯ ᠤ᠋ᠨ ᠦᠬᠡᠷ ᠬᠣᠨᠢᠨ ᠮᠢᠬ᠎ᠠ ᠵᠢᠨ ᠦᠨ᠎ᠡ ᠲᠣᠭ᠍ᠲᠠᠭᠠᠬᠤ ᠡᠷᠬᠡ ᠪᠠ ᠦᠭᠡ ᠬᠡᠯᠡᠬᠦ᠌ ᠡᠷᠬᠡ ᠵᠢ ᠳᠡᠭᠡᠭ᠌ᠰᠢᠯᠡᠭᠦᠯᠦᠨ᠂ ᠮᠠᠨ ᠤ᠋ ᠣᠷᠣᠨ ᠤ᠋ ᠦᠬᠡᠷ ᠬᠣᠨᠢ ᠵᠢᠨ ᠠᠵᠤ ᠦᠶ᠋ᠯᠡᠰ ᠢ᠋ 《ᠦᠶ᠋ᠯᠡᠳᠪᠦᠷᠢᠯᠡᠯ ᠤ᠋ᠨ ᠲᠣᠮᠣ ᠣᠷᠣᠨ》 ᠡᠴᠡ 《ᠠᠵᠤ ᠦᠶ᠋ᠯᠡᠰ ᠤ᠋ᠨ ᠬᠦᠴᠦᠷᠬᠡᠭ ᠣᠷᠣᠨ》 ᠲᠡᠢᠰᠢ ᠬᠤᠪᠢᠷᠠᠭᠤᠯᠬᠤ ᠵᠢ ᠠᠬᠢᠭᠤᠯᠤᠨ᠎ᠠ᠃
ᠬᠠᠤᠯᠢ ᠪᠠᠷ ᠵᠠᠰᠠᠬᠤ ᠬᠢᠨᠠᠯᠲᠠ ᠬᠠᠮᠢᠶᠠᠷᠤᠯᠲᠠ ᠶ᠋ᠢᠨ ᠬᠣᠷᠢᠭ᠎ᠠ ᠱᠤᠭᠤᠮ ᠢ᠋ ᠴᠢᠩᠭ᠎ᠠ ᠰᠠᠬᠢᠵᠤ᠂ ᠲᠥᠷᠥᠯ ᠲᠡᠮᠳᠡᠭ᠌ᠲᠦ᠍ ᠶ᠋ᠢᠨ ᠣᠷᠳᠣ ᠬᠤᠭᠤᠴᠠᠭᠠᠨ ᠤ᠋ ᠪᠦᠲᠦᠮᠵᠢᠲᠡᠶ ᠡᠷᠡᠭᠦᠯᠬᠦᠭᠵᠢᠯᠲᠡ ᠵᠢ ᠬᠠᠮᠠᠭᠠᠯᠠᠨ᠎ᠠ᠃ ᠥᠪᠥᠷ ᠮᠣᠩᠭᠣᠯ ᠤ᠋ᠨ ᠮᠠᠯ ᠤ᠋ᠨ ᠠᠱᠢᠭ ᠱᠢᠮ᠎ᠡ ᠲᠠᠷᠢᠶᠠᠯᠠᠡᠭ ᠤ᠋ᠨ ᠪᠦᠲᠦᠭᠡᠭ᠌ᠳᠡᠬᠦᠨ ᠤ᠋ ᠲᠥᠷᠥᠯ ᠲᠡᠮᠳᠡᠭ᠌ᠲᠦ᠍ ᠶ᠋ᠢᠨ ᠭᠠᠷᠴᠠᠭ ᠤ᠋ᠨ ᠲᠦᠷᠢᠮ ᠬᠢᠭᠡᠳ ᠬᠥᠳᠡᠯᠦᠩᠭᠦᠶ ᠬᠠᠮᠢᠶᠠᠷᠤᠯᠲᠠ ᠶ᠋ᠢᠨ ᠲᠣᠭ᠍ᠲᠠᠴᠠ ᠵᠢ ᠪᠦᠷᠢᠨᠱᠢᠬᠦᠯᠵᠦ᠍᠂ ᠲᠥᠷᠥᠯ ᠲᠡᠮᠳᠡᠭ᠌ᠲᠦ᠍ ᠶ᠋ᠢᠨ ᠦᠨᠡᠯᠡᠯᠲᠡ ᠶ᠋ᠢᠨ ᠱᠢᠰᠲ᠋ᠧᠮ ᠢ᠋ ᠲᠡᠭᠦᠯᠳᠡᠷᠵᠢᠭᠦᠯᠦᠨ᠎ᠡ᠃ ᠪᠦᠬᠦ᠌ ᠬᠡᠯᠬᠢᠶ᠎ᠡ ᠶ᠋ᠢᠨ ᠬᠠᠤᠯᠢ ᠪᠠᠷ ᠵᠠᠰᠠᠬᠤ ᠬᠢᠨᠠᠯᠲᠠ ᠬᠠᠮᠢᠶᠠᠷᠤᠯᠲᠠ ᠵᠢ ᠴᠢᠩᠭᠠᠳᠬᠠᠨ᠂ ᠬᠤᠳᠠᠯ ᠬᠠᠭᠤᠷᠮᠠᠭ ᠴᠢᠨᠠᠷ ᠮᠠᠭᠤ ᠲᠠᠸᠠᠷ ᠦᠢᠯᠡᠳᠬᠦ᠌᠂ ᠮᠠᠭᠤ ᠪᠠᠷ ᠰᠠᠢᠨ ᠢ᠋ ᠣᠷᠣᠯᠠᠭᠤᠯᠬᠤ ᠵᠡᠷᠭᠡ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠦᠢᠯᠡ ᠠᠵᠢᠯᠯᠠᠭ᠎ᠠ ᠳ᠋ᠤ ᠴᠢᠩᠭ᠎ᠠ ᠴᠣᠬᠢᠯᠲᠠ ᠥᠭ᠌ᠴᠦ᠂ ᠲᠥᠷᠥᠯ ᠲᠡᠮᠳᠡᠭ᠌ ᠢ᠋ ᠬᠡᠷᠡᠭ᠌ᠯᠡᠬᠦ᠌ ᠡᠮᠬᠢ ᠵᠢᠷᠤᠮ ᠬᠢᠭᠡᠳ ᠵᠠᠬ᠎ᠠ ᠳᠡᠯᠭᠡᠭᠦᠷ ᠤ᠋ᠨ ᠡᠵᠡᠩᠨᠡᠯᠲᠡ ᠶ᠋ᠢᠨ ᠣᠷᠴᠢᠨ ᠲᠣᠭᠣᠷᠢᠨ ᠢ᠋ ᠳᠦᠷᠢᠮᠵᠢᠭᠦᠯᠦᠨ᠂ 《ᠥᠪᠥᠷ ᠮᠣᠩᠭᠣᠯ ᠨᠡᠷᠡᠮᠵᠢᠲᠦ》 ᠲᠥᠷᠥᠯ ᠲᠡᠮᠳᠡᠭ᠌ᠲᠤ ᠵᠢᠨ ᠢᠲᠡᠭᠡᠭᠦᠯᠬᠦ᠌ ᠬᠦᠴᠦᠨ ᠢ᠋ ᠬᠠᠮᠠᠭᠠᠯᠠᠵᠤ᠂ ᠠᠮᠢ ᠠᠬᠤᠶ᠂ ᠠᠵᠤ ᠠᠬᠤᠶ ᠪᠠ ᠨᠡᠢᠭᠡᠮ ᠤ᠋ᠨ ᠦᠷ᠎ᠡ ᠠᠱᠢᠭ ᠤ᠋ᠨ ᠣᠷᠭᠠᠨᠢᠭ ᠨᠢᠭᠡᠳᠦᠯ ᠢ᠋ ᠪᠡᠶᠡᠯᠡᠭᠦᠯᠦᠨ᠎ᠡ᠃
ᠤᠢᠯᠠᠭᠠᠭᠰᠠᠨ ᠵᠢᠡᠷ᠂ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠲᠥᠷᠥᠯ ᠲᠡᠮᠲᠡᠭ ᠢ᠋ ᠪᠣᠢᠵᠢᠭᠤᠯᠬᠤ ᠪᠠᠷ ᠭᠤᠤᠯ ᠪᠣᠯᠭᠠᠨ᠂ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠠᠵᠤ ᠦᠶ᠋ᠯᠡᠰ ᠤ᠋ᠨ ᠬᠡᠯᠬᠢᠶ᠎ᠡ᠂ ᠬᠠᠩᠭᠠᠯᠭ᠎ᠠ ᠶ᠋ᠢᠨ ᠬᠡᠯᠬᠢᠶ᠎ᠡ ᠪᠠ ᠥᠷᠲᠡᠭ ᠤ᠋ᠨ ᠬᠡᠯᠬᠢᠶ᠎ᠡ ᠶ᠋ᠢᠨ ᠭᠦᠨᠵᠡᠭᠡᠶ ᠠᠭᠤᠰᠤᠯᠴᠠᠯ ᠢ᠋ ᠦᠷᠭᠦᠯᠵᠢᠯᠡᠨ ᠠᠬᠢᠭᠤᠯᠵᠤ᠂ ᠨᠠᠩ ᠣᠯᠠᠨ ᠥᠪᠥᠷ ᠮᠣᠩᠭᠣᠯ ᠤ᠋ᠨ ᠴᠢᠨᠠᠷ ᠰᠠᠢᠲᠠᠶ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠪᠥᠬᠥ᠌ ᠤᠯᠤᠰ ᠲᠦ᠍ ᠠᠯᠳᠠᠷᠱᠢᠭᠤᠯᠤᠨ᠂ ᠳᠡᠯᠡᠬᠡᠶ ᠳ᠋ᠠᠬᠢᠨ ᠳ᠋ᠤ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ᠋ ᠴᠢᠨᠠᠷ ᠰᠠᠢᠲᠠᠶ ᠬᠥᠭ᠌ᠵᠢᠯᠲᠡ ᠳ᠋ᠦ ᠬᠦᠴᠦᠷᠬᠡᠭ ᠶᠡᠬᠡ ᠬᠥᠳᠡᠯᠭᠡᠬᠦ᠌ ᠡᠨᠧᠷᠭᠢ ᠨᠡᠮᠡᠷᠢᠯᠡᠬᠦ ᠪᠡᠷ ᠬᠦᠴᠦᠯᠡᠨ ᠴᠢᠷᠮᠠᠢᠵᠤ ᠪᠠᠢᠨ᠎ᠠ᠃