ᠰᠤᠷᠪᠤᠯᠵᠢᠯᠠᠭᠴᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭᠠᠲᠡᠭᠡᠭᠡᠪᠦᠷᠢ ᠵᠢᠨ ᠲᠢᠩᠬᠢᠮ ᠡᠴᠡ ᠣᠢᠯᠠᠭᠠᠭᠰᠠᠨ ᠢ᠋ᠢᠡᠷ᠂ ᠮᠠᠨ ᠤ᠋ ᠤᠷᠤᠨ ᠤᠢᠷ᠎ᠠ ᠳ᠋ᠤ G1816 ᠦᠬᠠᠢ — ᠱᠢ ᠽᠦᠢ ᠱᠠᠨ ᠬᠦᠷᠬᠦ ᠵᠠᠰᠠᠮᠠᠯ ᠵᠠᠮ᠂ S27 ᠬᠥᠬᠡᠬᠣᠲᠠ — ᠣᠷᠳᠣᠰ ᠬᠦᠷᠬᠦ ᠲᠦᠷᠭᠡᠨ ᠤ᠋ ᠵᠠᠰᠠᠮᠠᠯ ᠵᠠᠮ ᠵᠡᠷᠭᠡ 15 ᠭᠣᠣᠯᠳᠠᠯᠭ᠎ᠠ ᠲᠠᠢ ᠵᠠᠰᠠᠮᠠᠯ ᠵᠠᠮ ᠤ᠋ᠨ ᠲᠥᠷᠥᠯ ᠵᠦᠢᠯ ᠤ᠋ᠨ ᠪᠠᠷᠢᠯᠭ᠎ᠠ ᠵᠢ ᠰᠡᠷᠭᠦᠭᠡᠵᠦ᠂ ᠪᠤᠰᠤᠳ ᠲᠥᠷᠥᠯ ᠵᠦᠢᠯ ᠢ᠋ ᠴᠦ᠍ ᠵᠠᠯᠭᠠᠭ᠎ᠠ ᠪᠡᠷ ᠪᠠᠷᠢᠯᠭ᠎ᠠ ᠡᠬᠢᠯᠡᠭᠦᠯᠬᠦ ᠪᠡᠷ ᠲᠦᠯᠦᠪᠯᠡᠵᠤ ᠪᠠᠢᠨ᠎ᠠ᠃
ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠤᠨ ᠭᠢᠨ ᠣᠨ ᠤ᠋ ᠭᠣᠣᠯᠳᠠᠯᠭ᠎ᠠ ᠲᠠᠢ ᠵᠠᠮ ᠬᠠᠷᠢᠯᠴᠠᠭᠠᠨ ᠤ᠋ ᠢᠨᠵᠧᠨᠧᠷᠢᠩ ᠤ᠋ᠨ ᠪᠦᠲᠦᠭᠡᠨ ᠪᠠᠢᠭᠤᠯᠤᠯᠲᠠ ᠢ᠋ᠢᠨ ᠲᠥᠷᠥᠯ ᠵᠦᠢᠯ ᠢ᠋ ᠰᠠᠢᠲᠤᠷ ᠠᠩᠬᠠᠷᠴᠤ᠂ ᠬᠠᠪᠤᠷ ᠤ᠋ᠨ ᠤᠯᠠᠷᠢᠯ ᠤ᠋ᠨ ᠪᠠᠷᠢᠯᠭ᠎ᠠ ᠢ᠋ᠢᠨ ᠵᠠᠩᠭᠢᠯᠠᠭ᠎ᠠ ᠵᠢᠨ ᠬᠤᠭᠤᠴᠠᠭ᠎ᠠ ᠢ᠋ᠢ ᠠᠮᠵᠢᠨ ᠭᠣᠣᠯᠳᠠᠯᠭ᠎ᠠ ᠲᠠᠢ ᠵᠠᠰᠠᠮᠠᠯ ᠵᠠᠮ ᠤ᠋ᠨ ᠲᠥᠷᠥᠯ ᠵᠦᠢᠯ ᠤ᠋ᠨ ᠡᠷᠲᠡᠬᠡᠨ ᠪᠠᠷᠢᠯᠭ᠎ᠠ ᠪᠠᠨ ᠰᠡᠷᠭᠦᠭᠡᠵᠤ᠂ ᠲᠦᠷᠭᠡᠭᠡᠨ ᠪᠦᠲᠦᠭᠡᠨ ᠪᠠᠶ᠋ᠢᠭᠤᠯᠬᠤ ᠢ᠋ᠢ ᠠᠬᠢᠭᠤᠯᠪᠠ᠃ ᠰᠢᠨ᠎ᠡ ᠪᠡᠷ ᠪᠠᠷᠢᠯᠭ᠎ᠠ ᠡᠬᠢᠯᠡᠭᠦᠯᠬᠦ ᠲᠥᠷᠥᠯ ᠵᠦᠢᠯ ᠤ᠋ᠨ ᠬᠠᠢᠨ ᠪᠠᠢᠴᠠᠭᠠᠵᠤ ᠵᠢᠷᠤᠵᠦ ᠲᠥᠯᠥᠪᠯᠡᠬᠦ᠂ ᠪᠠᠷᠢᠯᠭ᠎ᠠ ᠢ᠋ᠢᠨ ᠳᠠᠭᠠᠭᠠᠴᠢᠯᠠᠯᠲᠠ ᠵᠠᠷᠯᠠᠬᠤ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠪᠦᠲᠦᠭᠡᠨ ᠪᠠᠢᠭᠤᠯᠤᠯᠲᠠ ᠳ᠋ᠤ ᠬᠡᠷᠡᠭᠯᠡᠬᠦ ᠭᠠᠵᠠᠷ ᠰᠢᠷᠤᠢ ᠵᠢᠨ ᠭᠠᠷᠳᠠᠮ ᠭᠦᠢᠴᠡᠳᠬᠡᠬᠦ ᠵᠡᠷᠭᠡ ᠠᠵᠢᠯ ᠢ᠋ ᠨᠢᠮᠪᠠᠢ ᠠᠩᠬᠠᠷᠤᠨ᠂ 《 ᠨᠠᠷᠢᠨ ᠲᠠᠩᠰᠠ + ᠰᠠᠨᠠᠭᠤᠯᠬᠤ + ᠵᠠᠷᠯᠠᠬᠤ + ᠪᠣᠯᠵᠣᠨ ᠶᠠᠷᠢᠯᠴᠠᠬᠤ 》 ᠠᠵᠢᠯ ᠤ᠋ᠨ ᠲᠣᠭ᠍ᠲᠠᠴᠠ ᠢ᠋ᠢ ᠴᠢᠩᠭ᠎ᠠ ᠨᠠᠢᠳᠠᠪᠤᠷᠢᠵᠢᠭᠤᠯᠵᠤ᠂ ᠡᠮᠦᠨᠡᠬᠢ ᠬᠤᠭᠤᠴᠠᠭᠠᠨ ᠤ᠋ ᠠᠵᠢᠯ ᠤ᠋ᠨ ᠬᠡᠷᠡᠭᠰᠡᠬᠦ ᠴᠠᠭ ᠢ᠋ ᠵᠦᠢ ᠵᠣᠬᠢᠰᠲᠠᠢ ᠪᠣᠭᠣᠨᠢᠰᠬᠠᠨ᠂ ᠲᠥᠷᠥᠯ ᠵᠦᠢᠯ ᠤ᠋ᠨ ᠪᠦᠲᠦᠭᠡᠨ ᠪᠠᠢᠭᠤᠯᠤᠯᠲᠠ ᠢ᠋ᠢ ᠪᠦᠬᠦ ᠬᠦᠴᠦᠨ ᠵᠢᠡᠷ ᠵᠢᠡᠨ ᠠᠬᠢᠭᠤᠯᠵᠠᠢ᠃
ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠪᠠᠰᠠ ᠪᠠᠷᠢᠯᠭ᠎ᠠ ᠢ᠋ᠢᠨ ᠶᠠᠰᠤ ᠴᠢᠨᠠᠷ ᠤ᠋ᠨ ᠠᠮᠤᠷ ᠲᠦᠪᠱᠢᠨ ᠢ᠋ ᠬᠢᠨᠠᠨ ᠬᠠᠮᠢᠶᠠᠷᠬᠤ᠂ ᠴᠢᠬᠤᠯᠠ ᠡᠯᠧᠮᠧᠨ᠋ᠲ ᠤ᠋ᠨ ᠦᠶ᠋ᠯᠡᠴᠢᠯᠡᠭᠡᠨ ᠤ᠋ ᠪᠠᠲᠤᠯᠠᠭ᠎ᠠ ᠵᠡᠷᠭᠡ ᠡᠯ᠎ᠡ ᠵᠦᠶ᠋ᠯ ᠤ᠋ᠨ ᠠᠵᠢᠯ ᠢ᠋ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠦᠷᠭᠦᠯᠵᠢᠯᠡᠨ ᠪᠦᠳᠦᠬᠡᠨ ᠪᠠᠢᠭᠤᠯᠬᠤ ᠭᠤᠤᠯᠳᠠᠯᠭ᠎ᠠ ᠲᠠᠶ ᠲᠥᠷᠥᠯ ᠵᠦᠶ᠋ᠯ ᠳ᠋ᠤ 《ᠰᠠᠷ᠎ᠠ ᠪᠦᠷᠢ ᠵᠠᠷᠯᠠᠨ ᠮᠡᠳᠡᠭ᠌ᠳᠡᠵᠦ᠍᠂ ᠤᠯᠠᠷᠢᠯ ᠪᠦᠷᠢ ᠦᠨᠡᠯᠡᠬᠦ᠌》 ᠠᠷᠭ᠎ᠠ ᠬᠡᠯᠪᠡᠷᠢ ᠢ᠋ᠢ ᠠᠪᠴᠤ᠌ ᠲᠣᠬᠢᠷᠠᠭᠤᠯᠤᠯᠲᠠ ᠪᠡᠨ ᠴᠢᠩᠭᠠᠳᠭᠠᠨ᠂ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠢ᠋ᠢᠨ ᠲᠦᠭ᠌ᠵᠢᠷᠡᠯ ᠢ᠋ ᠴᠠᠭ ᠲᠤᠬᠠᠶ ᠳ᠋ᠤᠨᠢ ᠡᠵᠡᠮᠱᠢᠵᠦ᠍ ᠢᠳᠡᠪᠬᠢᠲᠡᠶ ᠪᠡᠷ ᠵᠣᠬᠢᠴᠠᠭᠤᠯᠤᠨ ᠱᠢᠶ᠋ᠳᠪᠦᠷᠢᠯᠡᠵᠤ ᠪᠤᠢ᠃