ᠥᠪᠥᠷ ᠮᠣᠩᠭᠣᠯ᠎ᠤᠨ ᠠᠩᠬᠠᠳᠠᠭ᠍ᠴᠢ ᠤᠢᠷ᠎ᠠ ᠤᠬᠲᠠᠷᠭᠤᠢ᠎ᠶᠢᠨ ᠠᠵᠤ ᠠᠬᠤᠶ ᠶ᠋ᠢᠨ ᠠᠺᠠᠳᠧᠮᠢᠴᠢ ᠶ᠋ᠢᠨ ᠠᠵᠢᠯ᠎ᠤᠨ ᠥᠷᠲᠡᠭᠡ ᠪᠠᠢᠭᠤᠯᠤᠭ᠍ᠳᠠᠵᠠᠢ
2026-04-06 11:39:15
ᠵᠣᠬᠢᠶᠠᠭ᠍ᠴᠢ᠄
​ ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠤᠢᠷ᠎ᠠ᠎ᠶᠢᠨ ᠡᠳᠦᠷ᠂ ᠤᠢᠷ᠎ᠠ ᠤᠬᠲᠠᠷᠭᠤᠢ᠎ᠶᠢᠨ ᠠᠵᠤ ᠠᠬᠤᠶ ᠶ᠋ᠢᠨ ᠥᠪᠥᠷ ᠮᠣᠩᠭᠣᠯ᠎ᠤᠨ ᠠᠺᠠᠳᠧᠮᠢᠴᠢ ᠶ᠋ᠢᠨ ᠠᠵᠢᠯ᠎ᠤᠨ ᠥᠷᠲᠡᠭᠡ᠎ᠶᠢᠨ ᠫᠠᠢᠰᠠ ᠰᠡᠬᠦᠬᠦ᠌ ᠵᠢᠴᠢ ᠪᠠᠢᠯᠳᠤᠬᠤ ᠪᠣᠳᠣᠯᠭ᠎ᠠ ᠶ᠋ᠢᠨ ᠬᠠᠮᠲᠤᠷᠠᠯᠴᠠᠭᠠᠨ᠎ᠤ ᠭᠡᠷ᠎ᠡ ᠲᠣᠭ᠍ᠲᠠᠬᠤ ᠶᠣᠰᠣᠯᠠᠯ ᠬᠥᠬᠡᠬᠣᠲᠠ᠎ᠳᠤ ᠶᠠᠪᠤᠭ᠍ᠳᠠᠵᠤ᠂ ᠦᠪᠦᠷ ᠮᠤᠡᠭᠭᠤᠯ᠎ᠤᠨ ᠠᠩᠬᠠᠳᠠᠭ᠍ᠴᠢ ᠤᠢᠷ᠎ᠠ ᠤᠬᠲᠠᠷᠭᠤᠢ᠎ᠶᠢᠨ ᠠᠵᠤ ᠠᠬᠤᠶ ᠶ᠋ᠢᠨ ᠠᠺᠠᠳᠧᠮᠢᠴᠢ ᠶ᠋ᠢᠨ ᠠᠵᠢᠯ᠎ᠤᠨ ᠥᠷᠲᠡᠭᠡ ᠫᠠᠢᠰᠠ ᠡᠯᠭᠦᠨ ᠡᠵᠡᠩᠨᠡᠯᠲᠡ᠎ᠪᠡᠨ ᠡᠬᠢᠯᠡᠭᠦᠯᠵᠠᠢ᠃

ᠤᠢᠷ᠎ᠠ ᠤᠬᠲᠠᠷᠭᠤᠢ᠎ᠶᠢᠨ ᠠᠵᠤ ᠠᠬᠤᠶ ᠶ᠋ᠢᠨ ᠠᠺᠠᠳᠧᠮᠢᠴᠢ ᠶ᠋ᠢᠨ ᠠᠵᠢᠯ᠎ᠤᠨ ᠥᠷᠲᠡᠭᠡ᠎ᠨᠢ ᠣᠷᠣᠨ ᠪᠦᠰᠡ ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠶ᠋ᠢ ᠡᠭᠦᠳᠬᠦ᠌ ᠪᠠ ᠠᠵᠤ ᠦᠶ᠋ᠯᠡᠰ᠎ᠦᠨ ᠬᠥᠭ᠌ᠵᠢᠯᠲᠡ ᠶ᠋ᠢᠨ ᠬᠡᠷᠡᠭ᠌ᠴᠡᠭᠡ ᠱᠠᠭᠠᠷᠳᠠᠯᠭ᠎ᠠ ᠶ᠋ᠢᠨ ᠲᠣᠭᠣᠷᠢᠨ᠎ᠳᠤ᠂ ᠤᠢᠷ᠎ᠠ ᠤᠬᠲᠠᠷᠭᠤᠢ᠎ᠶᠢᠨ ᠠᠵᠤ ᠠᠬᠤᠶ ᠶ᠋ᠢᠨ ᠵᠠᠩᠭᠢᠯᠠᠭ᠎ᠠ᠎ᠶ᠋ᠢᠨ ᠬᠡᠷᠡᠭ᠌ᠯᠡᠭᠡᠨ᠎ᠦ ᠠᠬᠤᠢ ᠦᠵᠡᠭᠳᠡᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠠᠷᠢᠶᠠᠯᠠᠩ᠎ᠤᠨ ᠣᠶᠤᠨᠳᠤ ᠠᠵᠢᠯ᠂ ᠤᠢᠷ᠎ᠠ ᠤᠬᠲᠠᠷᠭᠤᠢ᠎ᠶᠢᠨ ᠵᠠᠮ ᠬᠠᠷᠢᠯᠴᠠᠭᠠᠨ᠎ᠤ ᠠᠮᠤᠷ ᠲᠦᠪᠱᠢᠨ ᠵᠡᠷᠭᠡ ᠬᠦᠷᠢᠶᠡᠨ᠎ᠦ ᠮᠡᠷᠭᠡᠵᠢᠯ ᠎ᠦᠨ ᠬᠦᠴᠢᠷ ᠠᠰᠠᠭᠤᠳᠠᠯ ᠎ᠢ ᠭᠤᠤᠯᠳᠠᠯᠭ᠎ᠠ᠎ᠲᠠᠶ ᠱᠢᠶ᠋ᠳᠪᠦᠷᠢᠯᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠲᠣᠰ ᠭᠠᠵᠠᠷ᠎ᠲᠤᠨᠢ ᠤᠯᠠᠷᠢᠭᠤᠯᠬᠤ ᠶ᠋ᠢ ᠲᠦᠷᠭᠡᠳᠭᠡᠵᠦ᠍᠂ ᠤᠢᠷ᠎ᠠ ᠤᠬᠲᠠᠷᠭᠤᠢ᠎ᠶᠢᠨ ᠬᠠᠢᠨ ᠬᠡᠮᠵᠢᠯᠲᠡ᠂ ᠨᠢᠰᠦᠯᠲᠡ ᠶ᠋ᠢ ᠡᠵᠡᠮᠳᠡᠬᠦ᠌ ᠵᠡᠷᠭᠡ ᠮᠡᠷᠭᠡᠵᠢᠯ᠎ᠤᠨ ᠱᠢᠪᠲᠤᠯᠤᠯᠳᠡ᠎ᠳᠤ ᠬᠦᠴᠦᠨ ᠨᠡᠮᠡᠷᠢᠯᠡᠵᠦ᠍᠂ ᠪᠡᠶ᠎ᠡ᠎ᠪᠡᠨ ᠳᠠᠭᠠᠭᠠᠭ᠍ᠰᠠᠨ ᠮᠡᠳᠡᠯᠭᠡ ᠶ᠋ᠢᠨ ᠪᠦᠲᠦᠭᠡᠭ᠌ᠳᠡᠬᠦᠨ᠎ᠦ ᠥᠮᠴᠢᠯᠡᠯ᠎ᠤᠨ ᠡᠷᠬᠡ ᠶ᠋ᠢᠨ ᠭᠤᠤᠯᠯᠠᠬᠤ ᠮᠡᠷᠭᠡᠵᠢᠯ᠎ᠦᠨ ᠱᠢᠰᠲ᠋ᠧᠮ᠎ᠢ ᠪᠠᠢᠭᠤᠯᠤᠨ᠎ᠠ; ᠡᠭᠦᠨ᠎ᠦ ᠬᠠᠮᠲᠤ ᠂ ᠬᠥᠬᠡᠬᠣᠲᠠ ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠬᠢᠭᠡᠳ ᠠᠵᠤ ᠠᠬᠤᠢᠯᠠᠯ᠎ᠤᠨ ᠭᠤᠤᠯ ᠴᠣᠭ᠍ᠴᠠ ᠲᠠᠢ ᠬᠣᠯᠪᠣᠭᠠᠯᠠᠨ ᠬᠥᠳᠡᠯᠦᠯᠴᠡᠵᠦ᠍᠂ 《ᠦᠶ᠋ᠯᠡᠳᠪᠦᠷᠢᠯᠡᠬᠦ᠌ ᠵᠢᠭᠠᠬᠤ ᠰᠤᠳᠤᠯᠬᠤ ᠬᠡᠷᠡᠭ᠌ᠯᠡᠬᠦ᠌》 ᠶ᠋ᠢ ᠭᠦᠨᠵᠡᠭᠡᠶ ᠠᠭᠤᠰᠤᠯᠴᠠᠭᠤᠯᠤᠭ᠍ᠰᠠᠨ ᠱᠢᠨ᠎ᠡ ᠶ᠋ᠢ ᠡᠭᠦᠳᠬᠦ᠌ ᠲᠠᠪᠴᠠᠩ᠎ᠢ ᠪᠠᠢᠭᠤᠯᠵᠤ᠂ ᠱᠢᠨ᠎ᠡ ᠶ᠋ᠢ ᠡᠭᠦᠳᠬᠦ᠌ ᠡᠬᠢ ᠪᠠᠶᠠᠯᠢᠭ᠎ᠢ ᠠᠵᠤ ᠦᠶ᠋ᠯᠡᠰ᠎ᠦᠨ ᠨᠢᠭᠡᠳᠦᠭᠡᠷ ᠹᠷᠣᠨᠲ᠎ᠲᠤ ᠲᠥᠪᠯᠡᠷᠡᠭᠦᠯᠬᠦ᠌ ᠶ᠋ᠢ ᠠᠬᠢᠭᠤᠯᠤᠨ᠎ᠠ; ᠤᠢᠷ᠎ᠠ ᠤᠬᠲᠠᠷᠭᠤᠢ᠎ᠶᠢᠨ ᠠᠵᠤ ᠠᠬᠤᠶ ᠶ᠋ᠢᠨ ᠠᠺᠠᠳᠧᠮᠢᠴᠢ ᠶ᠋ᠢᠨ ᠠᠵᠢᠯ᠎ᠤᠨ ᠥᠷᠲᠡᠭᠡ ᠨᠢ ᠪᠠᠰᠠ ᠠᠺᠠᠳᠧᠮᠢᠴᠢ ᠶ᠋ᠢᠨ ᠡᠬᠢ ᠪᠠᠶᠠᠯᠢᠭ᠎ᠤᠨ ᠨᠥᠯᠥᠭᠡᠯᠡᠬᠦ᠌ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠬᠥᠬᠡᠬᠣᠲᠠ ᠶ᠋ᠢᠨ ᠠᠵᠤ ᠠᠬᠤᠢᠯᠠᠯ ᠬᠢᠭᠡᠳ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠠᠵᠤ ᠦᠶ᠋ᠯᠡᠰ᠎ᠦᠨ ᠬᠡᠯᠬᠢᠶ᠎ᠡ ᠶ᠋ᠢᠨ ᠲᠦᠷᠦᠭᠦᠦ ᠬᠡᠰᠡᠭ᠎ᠦᠨ ᠡᠬᠢ ᠪᠠᠶᠠᠯᠢᠭ᠎ᠢ ᠨᠠᠷᠢᠯᠢᠭ ᠣᠨᠣᠴᠠᠲᠠᠶ ᠵᠣᠯᠭᠠᠭᠤᠯᠬᠤ ᠶ᠋ᠢ ᠠᠬᠢᠭᠤᠯᠵᠤ᠂ ᠨᠢᠰᠦᠭᠦᠷ᠎ᠦᠨ ᠰᠡᠯᠪᠢᠭ ᠲᠣᠨᠣᠭ ᠦᠶ᠋ᠯᠡᠳᠬᠦ᠌᠂ ᠤᠢᠷ᠎ᠠ ᠤᠬᠲᠠᠷᠭᠤᠢ᠎ᠶᠢᠨ ᠵᠠᠮ ᠬᠠᠷᠢᠯᠴᠠᠭᠠᠨ᠎ᠤ ᠲᠣᠬᠢᠷᠠᠭᠤᠯᠬᠤ ᠱᠢᠰᠲ᠋ᠧᠮ᠎ᠢ ᠨᠡᠭᠡᠭᠡᠨ ᠬᠥᠭ᠌ᠵᠢᠭᠦᠯᠬᠦ᠌ ᠵᠡᠷᠭᠡ ᠳᠡᠭᠡᠳᠦ ᠳᠤᠤᠷᠠᠳᠤ ᠲᠦᠪᠰᠢᠨ᠎ᠤ ᠴᠢᠨᠠᠷ ᠰᠠᠢᠲᠠᠶ ᠠᠵᠤ ᠠᠬᠤᠢᠯᠠᠯ᠎ᠢ ᠭᠤᠤᠯᠳᠠᠯᠭ᠎ᠠ᠎ᠲᠠᠶ ᠣᠷᠣᠭᠤᠯᠤᠨ ᠠᠪᠴᠢᠷᠠᠵᠤ᠂ 《ᠤᠢᠷ᠎ᠠ ᠤᠬᠲᠠᠷᠭᠤᠢ — ᠦᠢᠯᠡᠳᠭᠡᠯ — ᠨᠢᠰᠦᠯᠲᠡ ᠶ᠋ᠢᠨ ᠦᠶ᠋ᠯᠡᠴᠢᠯᠡᠭᠡ — ᠠᠮᠤᠷ ᠲᠦᠪᠱᠢᠨ᠎ᠦ ᠪᠠᠲᠤᠯᠠᠭ᠎ᠠ》 ᠶ᠋ᠢᠨ ᠪᠥᠬᠥ᠌ ᠬᠡᠯᠬᠢᠶᠡᠨ᠎ᠦ ᠠᠵᠤ ᠦᠶ᠋ᠯᠡᠰ᠎ᠦᠨ ᠠᠮᠢ ᠠᠬᠤᠶ ᠶ᠋ᠢ ᠠᠯᠬᠤᠮ ᠠᠯᠬᠤᠮ᠎ᠢᠶᠠᠷ ᠪᠠᠢᠭᠤᠯᠤᠨ᠎ᠠ ᠭᠡᠵᠦ ᠲᠤᠳᠤᠷᠬᠠᠢ ᠲᠤᠷᠠᠳᠴᠠᠢ᠃

ᠲᠤᠬᠠᠶ ᠶ᠋ᠢᠨ ᠲᠠᠯᠠᠪᠠᠶ᠎ᠳᠤ ᠪᠠᠰᠠ ᠬᠣᠶᠠᠷ ᠵᠦᠶ᠋ᠯ᠎ᠦᠨ ᠪᠠᠢᠯᠳᠤᠬᠤ ᠪᠣᠳᠣᠯᠭ᠎ᠠ ᠶ᠋ᠢᠨ ᠬᠠᠮᠲᠤᠷᠠᠯᠴᠠᠭᠠᠨ᠎ᠤ ᠵᠥᠪᠯᠡᠯᠴᠡᠭᠡᠷ ᠲᠣᠬᠢᠷᠠᠯᠴᠠᠵᠤ᠂  ᠮᠧᠡᠭ ᠺᠧ ᠵᠢᠦᠢ ᠰᠢᠨ᠎ᠠ ᠵᠢ ᠡᠬᠦᠳᠬᠦ ᠪᠡᠷ ᠬᠦᠳᠡᠯᠭᠡᠬᠦᠷ ᠪᠤᠯᠭᠠᠬᠤ ᠲᠠᠪᠴᠠᠡᠭ᠎ᠤᠨ ᠣᠯᠠᠨ ᠵᠦᠶ᠋ᠯ᠎ᠦᠨ ᠦᠷ᠎ᠡ ᠪᠦᠲᠦᠭᠡᠯ᠎ᠢ ᠨᠡᠢᠲᠡᠯᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号