4 ᠰᠠᠷ᠎ᠠ᠎ᠶ᠋ᠢᠨ 5 ᠤ᠋ ᠡᠳᠦᠷ᠂ ᠥᠪᠥᠷ ᠮᠣᠩᠭᠣᠯ ᠬᠠᠩᠰᠢ᠎ᠶ᠋ᠢᠨ ᠡᠳᠦᠷ᠎ᠦᠨ ᠤᠯᠠᠨ ᠲᠦᠮᠡᠨ᠎ᠦ ᠲᠠᠬᠢᠯᠭ᠎ᠠ ᠬᠢᠬᠦ ᠤᠷᠬᠢᠯ ᠤ᠋ᠨ ᠬᠤᠭᠤᠴᠠᠭ᠎ᠠ᠎ᠶ᠋ᠢ ᠤᠭ᠍ᠲᠤᠨ ᠠᠪᠴᠢᠷᠠᠯ᠎ᠠ᠃ ᠪᠥᠬᠥ᠌ ᠣᠷᠣᠨ᠎ᠤ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠵᠢᠴᠢ ᠣᠷᠣᠱᠢᠭᠤᠯᠭ᠎ᠠ᠎ᠶ᠋ᠢᠨ ᠦᠶ᠋ᠯᠡᠴᠢᠯᠡᠭᠡᠨ᠎ᠦ ᠪᠠᠢᠭᠤᠯᠤᠮᠵᠢ ᠤᠷᠢᠳᠴᠢᠯᠠᠨ ᠪᠠᠢᠷᠢᠯᠠᠭᠤᠯᠵᠤ᠂ ᠨᠠᠷᠢᠨ ᠨᠢᠮᠪᠠᠶ ᠳᠣᠭᠢᠷᠠᠭᠤᠯᠤᠨ᠂ ᠨᠠᠷᠢᠯᠢᠬ᠍ᠵᠢᠭᠤᠯᠤᠭ᠍ᠰᠠᠨ ᠦᠶ᠋ᠯᠡᠴᠢᠯᠡᠭᠡ᠎ᠪᠡᠷ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠪᠠᠲᠤ ᠰᠠᠬᠢᠵᠤ᠂ ᠣᠯᠠᠨ ᠲᠦᠮᠡᠨ᠎ᠦ ᠲᠠᠬᠢᠯᠭ᠎ᠠ ᠵᠢᠨ ᠠᠵᠢᠯᠯᠠᠭ᠎ᠠ᠎ᠶ᠋ᠢᠨ ᠠᠮᠤᠷ ᠲᠦᠪᠱᠢᠨ᠂ ᠪᠣᠯᠪᠠᠰᠤᠨ᠂ ᠡᠮᠬᠢ ᠵᠢᠷᠤᠮ᠎ᠲᠠᠶ ᠶᠠᠪᠤᠭ᠍ᠳᠠᠬᠤ᠎ᠶ᠋ᠢ ᠪᠥᠬᠥ᠌ ᠬᠦᠴᠦᠨ᠎ᠢᠶᠡᠷ᠎ᠢᠶᠡᠨ ᠪᠠᠲᠤᠯᠠᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠦᠨ ᠬᠤᠷᠢᠶᠠᠩᠭᠤᠢᠯᠠᠭᠰᠠᠨ ᠬᠢᠨᠠᠨ ᠬᠡᠮᠵᠢᠯᠳᠡ ᠵᠢᠨ ᠲᠣᠭ᠎ᠠ ᠪᠠᠷᠢᠮᠲᠠ᠎ᠶ᠋ᠢ ᠦᠨᠳᠦᠰᠦᠯᠡᠪᠡᠯ᠂ ᠬᠠᠩᠰᠢ᠎ᠶ᠋ᠢᠨ ᠡᠳᠦᠷ ᠪᠥᠬᠥ᠌ ᠣᠷᠣᠨ᠎ᠳᠤ ᠨᠡᠢᠲᠡ 225 ᠣᠷᠣᠱᠢᠭᠤᠯᠭ᠎ᠠ᠎ᠶ᠋ᠢᠨ ᠦᠶ᠋ᠯᠡᠴᠢᠯᠡᠭᠡᠨ᠎ᠦ ᠪᠠᠢᠭᠤᠯᠤᠮᠵᠢ ᠲᠤᠬᠠᠶ᠎ᠶ᠋ᠢᠨ ᠲᠠᠯᠠᠪᠠᠶ᠎ᠶ᠋ᠢᠨ ᠲᠠᠬᠢᠯᠭ᠎ᠠ᠎ᠶ᠋ᠢᠨ ᠦᠶ᠋ᠯᠡᠴᠢᠯᠡᠭᠡ ᠬᠠᠩᠭᠠᠵᠤ᠂ 4279 ᠠᠵᠢᠯᠴᠢᠨ ᠦᠶ᠋ᠯᠡᠴᠢᠯᠡᠭᠡᠨ᠎ᠦ ᠪᠠᠲᠤᠯᠠᠭ᠎ᠠ᠎ᠶ᠋ᠢᠨ ᠨᠢᠭᠡᠳᠦᠭᠡᠷ ᠹᠷᠣᠨᠲ ᠢ᠋ ᠰᠠᠬᠢᠪᠠ; ᠪᠦᠬᠦ᠌ ᠡᠳᠦᠷ ᠲᠤᠬᠠᠢ᠎ᠶ᠋ᠢᠨ ᠲᠠᠯᠠᠪᠠᠢ ᠳ᠋ᠤ ᠲᠠᠬᠢᠯᠭ᠎ᠠ ᠬᠢᠬᠦ ᠳ᠋ᠤ 56.6 ᠲᠦᠮᠡᠨ ᠬᠥᠮᠦᠨ ᠤᠳᠠᠭ᠎ᠠ᠎ᠶ᠋ᠢ ᠬᠦᠯᠢᠶᠡᠨ ᠠᠪᠴᠠᠢ᠃ ᠡᠭᠦᠨ᠎ᠳᠦ᠂ ᠰᠣᠷᠭᠣᠭ ᠴᠡᠴᠡᠭ᠎ᠢᠶᠡᠷ ᠲᠠᠬᠢᠯᠭ᠎ᠠ ᠬᠢᠬᠦ᠌᠂ ᠲᠣᠷᠭᠠᠨ ᠪᠦᠴᠡ᠎ᠪᠡᠷ ᠭᠠᠱᠢᠭᠤᠳᠠᠯ ᠵᠢᠡᠨ ᠢᠯᠡᠳᠭᠡᠬᠦ᠂ ᠦᠭᠡ ᠶᠠᠷᠢᠶ᠎ᠠ ᠪᠡᠷ ᠭᠠᠰᠢᠭᠤᠳᠠᠯ ᠵᠢᠡᠨ ᠢᠯᠡᠳᠭᠡᠬᠦ ᠵᠡᠷᠭᠡ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠳᠤ ᠲᠠᠬᠢᠯᠭ᠎ᠠ ᠬᠢᠭᠰᠡᠨ ᠣᠯᠠᠨ ᠲᠦᠮᠡᠨ37.8 ᠲᠦᠮᠡᠨ ᠬᠥᠮᠦᠨ ᠤᠳᠠᠭ᠎ᠠ᠎ᠳᠤ ᠬᠦᠷᠴᠦ᠍᠂ ᠲᠤᠬᠠᠶ᠎ᠶ᠋ᠢᠨ ᠲᠠᠯᠠᠪᠠᠶ᠎ᠶ᠋ᠢᠨ ᠲᠠᠬᠢᠯᠭ᠎ᠠ ᠬᠢᠭᠰᠡᠨ ᠪᠥᠬᠥ᠌ ᠬᠥᠮᠦᠨ᠎ᠦ ᠲᠣᠭ᠎ᠠ᠎ᠶ᠋ᠢᠨ 66.7% ᠶ᠋ᠢ ᠡᠵᠡᠯᠡᠪᠡ᠃ ᠪᠥᠬᠥ᠌ ᠣᠷᠣᠨ᠎ᠤ ᠣᠷᠣᠱᠢᠭᠤᠯᠭ᠎ᠠ᠎ᠶ᠋ᠢᠨ ᠦᠶ᠋ᠯᠡᠴᠢᠯᠡᠭᠡᠨ᠎ᠦ ᠪᠠᠢᠭᠤᠯᠤᠮᠵᠢ ᠪᠥᠬᠥ᠌ ᠡᠳᠦᠷ ᠲᠤ᠌ 1300 ᠭᠠᠷᠤᠢ ᠴᠢᠨᠳᠠᠷ ᠢ᠋ ᠤᠷᠤᠰᠢᠭᠤᠯᠵᠤ᠂ ᠮᠣᠳᠣᠨ ᠳᠤᠮᠳᠠ ᠣᠷᠣᠱᠢᠭᠤᠯᠬᠤ᠂ ᠴᠡᠴᠡᠭ ᠤ᠋ᠨ ᠳᠤᠮᠳᠠ ᠣᠷᠣᠱᠢᠭᠤᠯᠬᠤ᠂ ᠵᠦᠯᠭᠡᠳᠦ ᠣᠷᠣᠱᠢᠭᠤᠯᠬᠤ᠂ ᠴᠢᠨᠳᠠᠷ ᠤ᠋ᠨ ᠦᠨᠡᠰᠦ ᠵᠢ ᠬᠡᠢᠰᠭᠡᠬᠦ ᠵᠡᠷᠭᠡ ᠠᠮᠢ ᠠᠬᠤᠶ ᠵᠢ ᠬᠠᠮᠠᠭᠠᠯᠠᠬᠤ ᠭᠠᠵᠠᠷ ᠡᠵᠡᠯᠡᠬᠦ ᠦᠭᠡᠢ ᠣᠷᠣᠱᠢᠭᠤᠯᠬᠤ ᠠᠷᠭ᠎ᠠ ᠬᠡᠯᠪᠡᠷᠢ᠎ᠶ᠋ᠢ ᠰᠣᠩᠭᠣᠭ᠍ᠰᠠᠨ ᠣᠯᠠᠨ ᠲᠦᠮᠡᠨ᠎ᠦ ᠡᠵᠡᠯᠡᠬᠦ᠌ ᠬᠠᠷᠢᠴᠠᠯ ᠦᠷᠭᠦᠯᠵᠢᠯᠡᠨ ᠳᠡᠭᠡᠭ᠌ᠰᠢᠯᠡᠵᠦ᠍᠂ ᠬᠡᠪ ᠵᠠᠩᠱᠢᠯ᠎ᠢᠶᠠᠨ ᠥᠭᠡᠷᠡᠴᠢᠯᠡᠵᠦ᠍᠂ ᠪᠣᠬᠢᠷᠲᠤᠯ ᠥᠬᠡᠶ ᠣᠷᠣᠱᠢᠭᠤᠯᠭ᠎ᠠ᠎ᠶ᠋ᠢᠨ ᠱᠢᠨ᠎ᠡ ᠬᠡᠪ ᠰᠤᠷᠲᠠᠯ ᠶᠠᠭ ᠠᠭᠠᠵᠢᠮ᠎ᠢᠶᠠᠷ ᠪᠤᠢ ᠪᠤᠯᠵᠤ ᠪᠠᠢᠨ᠎ᠠ᠃
ᠬᠠᠩᠰᠢ᠎ᠶ᠋ᠢᠨ ᠠᠮᠠᠷᠠᠯᠳᠠ ᠵᠢᠨ ᠬᠤᠭᠤᠴᠠᠭᠠᠨ᠎ᠳᠤ᠂ ᠲᠠᠬᠢᠯᠭ᠎ᠠ᠎ᠶ᠋ᠢᠨ ᠣᠷᠭᠢᠯ᠎ᠤᠨ ᠬᠤᠭᠤᠴᠠᠭ᠎ᠠ᠎ᠶ᠋ᠢ ᠪᠦᠳᠦᠮᠵᠢᠳᠠᠢ ᠠᠷᠭᠠᠴᠠᠭᠠᠬᠤ᠎ᠶ᠋ᠢᠨ ᠲᠥᠯᠥᠭᠡ᠂ ᠪᠥᠬᠥ᠌ ᠣᠷᠣᠨ᠎ᠤ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠬᠠᠷᠢᠶ᠎ᠠ ᠭᠠᠵᠠᠷ᠎ᠤᠨ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠪᠣᠳᠠᠲᠠᠶ ᠨᠠᠢᠳᠠᠪᠤᠷᠢᠵᠢᠭᠤᠯᠵᠤ᠂ ᠣᠷᠣᠱᠢᠭᠤᠯᠭ᠎ᠠ᠎ᠶ᠋ᠢᠨ ᠦᠶ᠋ᠯᠡᠴᠢᠯᠡᠭᠡᠨ᠎ᠦ ᠪᠠᠢᠭᠤᠯᠤᠮᠵᠢ ᠠᠷᠠᠳ᠎ᠲᠤ ᠲᠥᠬᠥᠮ ᠦᠵᠡᠭᠦᠯᠵᠦ᠍ ᠠᠱᠢᠭ ᠬᠦᠷᠲᠡᠭᠡᠬᠦ᠌ ᠦᠶ᠋ᠯᠡᠴᠢᠯᠡᠭᠡᠨ᠎ᠦ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠲᠠᠰ ᠳᠡᠪᠱᠢᠭᠦᠯᠪᠡ᠃ ᠡᠯ᠎ᠡ ᠭᠠᠵᠠᠷ᠎ᠤᠨ ᠬᠢᠨ ᠴᠥᠮ ᠲᠠᠬᠢᠯᠭ᠎ᠠ᠎ᠶ᠋ᠢᠨ ᠭᠠᠵᠠᠷ᠎ᠲᠤ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠪᠠᠢᠷᠢ᠂ ᠲᠦᠷ ᠴᠠᠭ᠎ᠤᠨ ᠠᠮᠠᠷᠠᠯᠲᠠ᠎ᠶ᠋ᠢᠨ ᠭᠠᠵᠠᠷ ᠲᠤᠬᠢᠷᠠᠭᠤᠯᠵᠤ᠂ ᠤᠤᠭᠤᠬᠤ ᠤᠰᠤ᠂ ᠪᠠᠴᠢᠮ ᠪᠠᠢᠳᠠᠯ᠎ᠢ ᠠᠷᠭᠠᠴᠠᠭᠠᠬᠤ ᠡᠮ᠎ᠦᠨ ᠵᠦᠶ᠋ᠯᠡᠰ᠂ ᠪᠣᠷᠣᠭᠠᠨ᠎ᠤ ᠬᠡᠷᠡᠭ᠌ᠰᠡᠯ᠂ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠲᠠᠬᠢᠯᠭ᠎ᠠ᠎ᠶ᠋ᠢᠨ ᠬᠡᠷᠡᠭ᠌ᠰᠡᠯ᠎ᠢ ᠦᠨ᠎ᠡ ᠲᠥᠯᠥᠪᠦᠷᠢ ᠥᠬᠡᠶ ᠪᠡᠷ ᠬᠠᠩᠭᠠᠪᠠ; ᠨᠠᠰᠤᠲᠠᠢᠴᠤᠳ᠂ ᠵᠡᠮᠳᠡᠭ᠌ᠴᠦᠳ᠂ ᠬᠥᠳᠡᠯᠵᠦ᠍ ᠪᠠᠷᠢᠬᠤ᠎ᠳᠤ ᠳᠥᠭᠥᠮ ᠦᠭᠡᠢ ᠣᠯᠠᠨ ᠲᠦᠮᠡᠨ᠎ᠤ᠋ ᠲᠠᠬᠢᠯᠭ᠎ᠠ ᠬᠢᠬᠦ ᠰᠠᠭᠠᠳ ᠦᠭᠡᠢ ᠨᠡᠪᠲᠡᠷᠡᠬᠦ᠌ ᠵᠠᠮ ᠢ ᠨᠡᠭᠡᠭᠡᠪᠠ; ᠰᠣᠷᠭᠣᠭ ᠴᠡᠴᠡᠭ᠎ᠢᠶᠡᠷ ᠴᠠᠭᠠᠰᠤᠨ ᠵᠣᠭᠣᠰ ᠰᠣᠯᠢᠬᠤ᠂ ᠬᠠᠮᠲᠤ᠎ᠪᠠᠷ ᠲᠠᠬᠢᠯᠭ᠎ᠠ ᠬᠢᠬᠦ᠌ ᠵᠡᠷᠭᠡ ᠣᠯᠠᠨ ᠡᠱᠢᠵᠢᠭ᠌ᠰᠡᠨ ᠦᠶ᠋ᠯᠡᠴᠢᠯᠡᠭᠡ᠎ᠶ᠋ᠢ ᠦᠷᠭᠦᠯᠵᠢᠯᠡᠨ ᠳᠡᠯᠭᠡᠷᠡᠭᠦᠯᠵᠦ᠍᠂ ᠠᠳᠠᠯᠢ ᠪᠤᠰᠤ ᠣᠯᠠᠨ ᠲᠦᠮᠡᠨ᠎ᠦ ᠲᠠᠬᠢᠯᠭ᠎ᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠬᠠᠩᠭᠠᠪᠠ᠃
ᠠᠮᠤᠷ ᠲᠦᠪᠱᠢᠨ᠎ᠦ ᠬᠠᠮᠢᠶᠠᠷᠤᠯᠲᠠ ᠡᠵᠡᠮᠳᠡᠯ᠎ᠦᠨ ᠲᠠᠯ᠎ᠠ᠎ᠪᠠᠷ᠂ ᠡᠯ᠎ᠡ ᠭᠠᠵᠠᠷ᠎ᠤᠨ ᠬᠢᠨ ᠭᠣᠣᠯ ᠲᠠᠯᠠᠪᠤᠷ ᠭᠠᠵᠠᠷ ᠵᠢᠴᠢ ᠡᠷᠬᠢᠨ ᠲᠣᠭᠣᠷᠢᠨ᠎ᠤ ᠱᠢᠭᠤᠢᠲᠤ ᠣᠷᠣᠨ᠂ ᠮᠠᠯᠵᠢᠬᠤ ᠣᠷᠣᠨ᠂ ᠨᠤᠲᠤᠭ ᠪᠡᠯᠴᠢᠭᠡᠷ ᠵᠡᠷᠭᠡ ᠭᠣᠣᠯᠳᠠᠯᠭ᠎ᠠ᠎ᠲᠠᠶ ᠭᠠᠯ ᠰᠡᠷᠭᠡᠢᠯᠡᠬᠦ᠌᠂ ᠣᠷᠣᠨ ᠪᠦᠰᠡᠳ᠋ᠤ ᠲᠠᠬᠢᠯᠭ᠎ᠠ ᠬᠢᠬᠦ ᠵᠢ ᠴᠢᠩᠭ᠎ᠠ ᠠᠨᠭᠬᠠᠷᠴᠤ᠂ ᠬᠥᠮᠦᠨ ᠬᠠᠷ᠎ᠠ ᠲᠡᠷᠭᠡ ᠬᠦᠰᠭᠡ ᠵᠢᠨ ᠤᠷᠬᠢᠯ᠎ᠤᠨ ᠬᠤᠭᠤᠴᠠᠭ᠎ᠠ᠎ᠶ᠋ᠢ ᠵᠥᠷᠢᠭᠦᠯᠵᠤ ᠲᠤᠬᠢᠷᠠᠭᠤᠯᠤᠨ ᠵᠢᠯᠣᠭᠣᠳᠭᠤ᠂ ᠭᠠᠯ᠎ᠤᠨ ᠡᠬᠢ᠎ᠶ᠋ᠢ ᠪᠦᠬᠦ᠌ ᠶᠠᠪᠤᠴᠠ᠎ᠪᠠᠷ ᠬᠠᠮᠢᠶᠠᠷᠤᠨ ᠡᠵᠡᠮᠳᠡᠬᠦ᠌᠂ 24 ᠴᠠᠭ᠎ᠤᠨ ᠪᠠᠴᠢᠮ ᠪᠠᠢᠳᠠᠯ᠎ᠢ ᠠᠷᠭᠠᠴᠠᠭᠠᠬᠤ ᠵᠢᠵᠢᠭᠦᠷᠯᠡᠨ ᠰᠠᠬᠢᠬᠤ ᠵᠡᠷᠭᠡ ᠠᠮᠤᠷ ᠲᠦᠪᠱᠢᠨ᠎ᠦ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠭᠠᠯ ᠰᠡᠷᠭᠡᠢᠯᠡᠬᠦ᠌ ᠪᠠᠴᠢᠮ ᠪᠠᠢᠳᠠᠯ᠎ᠢ ᠠᠷᠭᠠᠴᠠᠭᠠᠬᠤ ᠬᠦᠴᠦᠨ᠎ᠢ ᠪᠦᠷᠢᠨ ᠭᠦᠢᠴᠡᠳ ᠴᠢᠩᠭ᠎ᠠ ᠲᠤᠬᠢᠷᠠᠭᠤᠯᠵᠤ᠂ ᠭᠠᠯ᠎ᠤᠨ ᠭᠠᠮᠱᠢᠭ᠎ᠤᠨ ᠠᠶᠤᠯ ᠲᠦᠭ᠌ᠰᠢᠭᠦᠷᠢ᠎ᠶ᠋ᠢᠨ ᠭᠡᠮ ᠰᠣᠭᠣᠭ᠎ᠢ ᠪᠦᠬᠦ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠵᠤ᠂ ᠡᠯ᠎ᠡ ᠲᠦᠷᠦᠯ᠎ᠦᠨ ᠠᠮᠤᠷ ᠲᠦᠪᠱᠢᠨ᠎ᠦ ᠡᠨᠳᠡᠯ ᠭᠠᠷᠬᠤ᠎ᠶ᠋ᠢ ᠴᠢᠩᠭ᠎ᠠ ᠰᠡᠷᠭᠡᠢᠯᠡᠵᠦ᠍᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ ᠪᠠ ᠠᠮᠢ ᠠᠬᠤᠢ᠎ᠶ᠋ᠢᠨ ᠠᠮᠤᠷ ᠲᠦᠪᠱᠢᠨ ᠢ ᠦᠨᠡᠨ ᠬᠦ᠌ ᠰᠠᠬᠢᠨ ᠬᠠᠮᠠᠭᠠᠯᠠᠪᠠ᠃
ᠡᠭᠦᠨ᠎ᠦ ᠵᠡᠷᠭᠡ ᠪᠡᠷ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠡᠴᠡ ᠥᠷᠭᠡᠨ ᠣᠯᠠᠨ ᠲᠦᠮᠡᠨ᠎ᠳᠦ᠂ ᠲᠤᠬᠠᠶ᠎ᠶ᠋ᠢᠨ ᠭᠠᠵᠠᠷ᠎ᠤᠨ ᠴᠠᠭ ᠠᠭᠤᠷ᠎ᠤᠨ ᠬᠤᠪᠢᠷᠠᠯᠲᠠ᠂ ᠵᠠᠮ ᠬᠠᠷᠢᠯᠴᠠᠭᠠᠨ᠎ᠤ ᠵᠠᠮ᠎ᠤᠨ ᠪᠠᠢᠳᠠᠯ ᠵᠢᠴᠢ ᠲᠠᠬᠢᠯᠭ᠎ᠠ᠎ᠶ᠋ᠢᠨ ᠲᠠᠯᠠᠪᠤᠷ᠎ᠤᠨ ᠤᠷᠢᠳᠴᠢᠯᠠᠨ ᠪᠣᠯᠵᠣᠵᠤ ᠤᠷᠤᠰᠭᠠᠯ᠎ᠢ ᠬᠢᠵᠠᠭᠠᠷᠯᠠᠬᠤ ᠮᠡᠳᠡᠭᠡ ᠵᠠᠩᠭᠢ᠎ᠶ᠋ᠢ ᠨᠢᠭ᠍ᠲᠠ ᠠᠩᠬᠠᠷᠴᠤ᠌᠂ ᠶᠠᠪᠤᠵᠤ ᠰᠠᠭᠤᠬᠤ ᠴᠠᠭ᠎ᠢ ᠵᠦᠶ ᠵᠣᠬᠢᠰᠲᠠᠶ ᠲᠥᠯᠥᠪᠵᠢᠭᠦᠯᠦᠨ᠂ ᠴᠠᠭ᠎ᠢ ᠵᠥᠷᠢᠭᠦᠯᠦᠨ ᠲᠠᠬᠢᠯᠭ᠎ᠠ ᠬᠢᠵᠦ᠍᠂ ᠬᠡᠭᠡᠷ᠎ᠡ ᠭᠠᠳᠠᠨ᠎ᠠ ᠭᠠᠯ ᠬᠡᠷᠡᠭ᠌ᠯᠡᠬᠦ᠌ ᠬᠠᠮᠢᠶᠠᠷᠤᠯᠲᠠ᠎ᠶ᠋ᠢᠨ ᠲᠣᠭ᠍ᠲᠠᠭᠠᠯ᠎ᠢ ᠴᠢᠩᠭ᠎ᠠ ᠵᠢᠷᠤᠮᠯᠠᠨ᠂ ᠪᠣᠯᠪᠠᠰᠤᠨ ᠪᠠᠭ᠎ᠠ ᠨᠡᠭᠦᠷᠡᠰᠦᠲᠥ᠋ᠷᠥᠭ᠌ᠴᠢᠲᠦ ᠲᠠᠬᠢᠯᠭ᠎ᠠ᠎ᠶ᠋ᠢᠨ ᠣᠢᠯᠠᠭᠠᠭ᠍ᠳᠠᠬᠤᠨ᠎ᠢ ᠤᠬᠠᠮᠰᠠᠷ᠎ᠡᠴᠡ᠎ᠪᠠᠨ ᠦᠶ᠋ᠯᠡᠳᠦᠯᠭᠡᠵᠢᠭᠦᠯᠵᠦ᠍᠂ ᠠᠮᠤᠷ ᠠᠮᠤᠭᠤᠯᠠᠩ᠂ ᠪᠣᠯᠪᠠᠰᠤᠨ᠂ ᠡᠶ᠎ᠡ ᠨᠠᠢᠷᠠᠮᠳᠠᠭᠤ ᠠᠭᠤᠷ ᠠᠮᠢᠰᠭᠤᠯ᠎ᠢ ᠬᠠᠮᠲᠤ᠎ᠪᠠᠷ ᠪᠣᠶ ᠪᠣᠯᠭᠠᠬᠤ ᠬᠡᠷᠡᠭ᠌ᠲᠡᠶ ᠭᠡᠵᠦ᠍ ᠰᠠᠨᠠᠭᠤᠯᠪᠠ᠃