ᠣᠷᠳᠣᠰ ᠬᠣᠲᠠ ᠵᠢᠨ ᠨᠢᠭᠡ ᠲᠥᠷᠥᠯ ᠵᠦᠢᠯ 《ᠣᠯᠠᠨ ᠤᠯᠤᠰ ᠤ᠋ᠨ ᠬᠣᠯᠪᠣᠭᠠᠲᠤ ᠪᠠᠢᠭᠤᠯᠭ᠎ᠠ ᠵᠢᠨ ᠰᠣᠶᠣᠯ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ᠋ ᠵᠣᠬᠢᠶᠠᠨ ᠪᠠᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠡᠷᠡᠭ ᠤ᠋ᠨ ᠵᠢᠱ᠌ᠢᠶ᠎ᠡ》 ᠳ᠋ᠤ ᠰᠣᠩᠭᠣᠭᠳᠠᠵᠡᠢ
2026-04-06 11:42:06
ᠵᠣᠬᠢᠶᠠᠭ᠍ᠴᠢ᠄
​ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠣᠯᠠᠨ ᠤᠯᠤᠰ ᠤ᠋ᠨ ᠬᠣᠯᠪᠣᠭᠠᠲᠤ ᠪᠠᠢᠭᠤᠯᠭ᠎ᠠ ᠵᠢᠨ ᠰᠣᠶᠣᠯ ᠰᠤᠷᠭᠠᠨ ᠬᠥᠮᠦᠵᠢᠯ ᠰᠢᠨᠵᠢᠯᠡᠬᠦ ᠤᠬᠠᠭᠠᠨ᠎ᠤ ᠵᠣᠬᠢᠶᠠᠨ ᠪᠠᠢᠭᠤᠯᠤᠯᠲᠠ ᠵᠢᠨ ᠣᠯᠠᠨ ᠤᠯᠤᠰ ᠤ᠋ᠨ ᠪᠦᠲᠦᠭᠡᠯᠴᠢ ᠰᠠᠨᠠᠭ᠎ᠠ ᠬᠢᠭᠡᠳ ᠦᠷᠭᠦᠯᠵᠢᠯᠡᠬᠦ ᠬᠥᠭᠵᠢᠯᠲᠡ ᠵᠢᠨ ᠲᠥᠪ ᠂ ᠣᠯᠠᠨ ᠤᠯᠤᠰ ᠤ᠋ᠨ ᠬᠣᠯᠪᠣᠭᠠᠲᠤ ᠪᠠᠢᠭᠤᠯᠭ᠎ᠠ ᠵᠢᠨ ᠰᠣᠶᠣᠯ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ᠋ ᠵᠣᠬᠢᠶᠠᠨ ᠪᠠᠢᠭᠤᠯᠤᠯᠲᠠ ᠵᠢᠨ ᠵᠡᠭᠦᠨ ᠠᠽᠢᠶ᠎ᠠ ᠵᠢᠨ ᠭᠠᠵᠠᠷ ᠣᠷᠣᠨ ᠤ᠋ ᠬᠡᠷᠡᠭ ᠡᠷᠬᠢᠯᠡᠬᠦ ᠭᠠᠵᠠᠷ᠎ᠡᠴᠡ ᠬᠠᠮᠲᠤᠷᠠᠨ ᠡᠷᠭᠢᠯᠡᠭᠰᠡᠨ ᠲᠠᠪᠤᠳᠤᠭᠠᠷ ᠬᠤᠭᠤᠴᠠᠭᠠᠨ ᠤ᠋ ᠪᠦᠲᠦᠭᠡᠯᠴᠢ ᠰᠠᠨᠠᠭ᠎ᠠ 2030 ᠣᠨ ᠤ᠋ ᠣᠯᠠᠨ ᠤᠯᠤᠰ ᠤ᠋ᠨ ᠶᠠᠷᠢᠶᠠᠨ ᠤ᠋ ᠲᠠᠪᠴᠠᠩ ᠡᠮᠦᠨᠡᠬᠡᠨ ᠪᠡᠭᠡᠵᠢᠩ ᠬᠣᠲᠠ ᠳ᠋ᠤ ᠶᠠᠪᠤᠭᠳᠠᠵᠠᠢ᠃ ᠬᠤᠷᠠᠯ ᠳᠡᠭᠡᠷ᠎ᠡ 《ᠲᠣᠭᠠᠴᠢᠯᠠᠭᠰᠠᠨ ᠣᠷᠴᠢᠨ ᠳ᠋ᠤ ᠰᠣᠶᠣᠯ ᠤ᠋ᠨ ᠢᠯᠡᠷᠡᠯ ᠤ᠋ᠨ ᠬᠡᠯᠪᠡᠷᠢ ᠵᠢᠨ ᠤᠯᠠᠨ ᠶᠠᠩᠵᠤᠲᠤ ᠴᠢᠨᠠᠷ ᠢ᠋ ᠬᠠᠮᠠᠭᠠᠯᠠᠨ ᠠᠬᠢᠭᠤᠯᠬᠤ ᠵᠢᠱ᠌ᠢᠶ᠎ᠡ ᠦᠵᠡᠭᠦᠯᠬᠦ ᠬᠡᠷᠡᠭ ᠤ᠋ᠨ ᠵᠢᠱ᠌ᠢᠶ᠎ᠡ》 ᠶ᠋ᠢ ᠨᠡᠢᠲᠡᠯᠡᠪᠡ᠂ ᠡᠬᠦᠨ ᠳ᠋ᠤ ᠣᠷᠳᠣᠰ ᠬᠣᠲᠠ ᠵᠢᠨ ᠵᠡᠭᠦᠨᠭᠠᠷ ᠬᠣᠰᠢᠭᠤᠨ ᠤ᠋ ᠨᠠᠮ ᠤ᠋ᠨ ᠬᠣᠷᠢᠶ᠎ᠠ ᠵᠢᠨ ᠤᠬᠠᠭᠤᠯᠬᠤ ᠬᠡᠯᠲᠡᠰ ᠡᠴᠡ ᠲᠦᠷᠦᠭᠦᠯᠡᠨ ᠬᠡᠷᠡᠭᠵᠢᠭᠦᠯᠦᠭᠰᠡᠨ 《ᠵᠡᠭᠦᠨᠭᠠᠷ ᠬᠣᠰᠢᠭᠤᠨ ᠤ᠋ ᠰᠢᠷᠠᠯᠵᠢᠳᠠᠢ ᠰᠢᠶᠠᠩ ᠳ᠋ᠡᠬᠢ ᠪᠠᠭᠤᠷᠢ ᠵᠢᠨ ᠲᠣᠭᠠᠴᠢᠯᠠᠭᠰᠠᠨ ᠬᠠᠮᠠᠭᠠᠯᠠᠯᠳᠠ ᠪᠠ ᠠᠰᠢᠭᠯᠠᠯᠳᠠ》 ᠭᠡᠬᠦ ᠲᠥᠷᠥᠯ ᠵᠦᠢᠯ ᠨᠢ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠰᠣᠶᠣᠯ ᠤ᠋ᠨ ᠥᠪ ᠢ᠋ ᠬᠠᠮᠠᠭᠠᠯᠠᠬᠤ ᠳ᠋ᠤ ᠬᠦᠴᠦᠨ ᠨᠡᠮᠡᠷᠢᠯᠡᠭᠰᠡᠨ ᠲᠥᠷᠥᠯ ᠵᠤᠢᠯ》 ᠳ᠋ᠤ ᠰᠣᠩᠭᠣᠭᠳᠠᠵᠦ᠂ ᠥᠪᠥᠷ ᠮᠣᠩᠭᠣᠯ ᠡᠴᠡ ᠰᠤᠩᠭᠤᠭᠳᠠᠭᠰᠠᠨ ᠴᠤᠷ ᠤ᠋ᠨ ᠭᠠᠭᠴᠠ ᠤᠯᠠᠨ ᠤᠯᠤᠰ ᠤ᠋ᠨ ᠵᠢᠱ᠌ᠢᠶ᠎ᠡ ᠦᠵᠡᠭᠦᠯᠬᠦ ᠬᠡᠷᠡᠭ ᠤ᠋ᠨ ᠵᠢᠱ᠌ᠢᠶ᠎ᠡ ᠵᠢᠨ ᠲᠦᠷᠦᠯ ᠵᠦᠢᠯ ᠪᠣᠯᠣᠭᠰᠠᠨ ᠪᠠᠢᠨ᠎ᠠ᠃

ᠲᠤᠰ ᠤᠳᠠᠭᠠᠨ ᠤ᠋ ᠬᠡᠷᠡᠭ ᠤ᠋ᠨ ᠵᠢᠱ᠌ᠢᠶ᠎ᠡ ᠵᠢ ᠬᠢᠨᠠᠨ ᠲᠣᠭᠲᠠᠭᠠᠬᠤ ᠵᠥᠪᠯᠡᠯ ᠨᠢ ᠤᠯᠤᠰ ᠤ᠋ᠨ ᠳᠣᠲᠣᠭᠠᠳᠤ ᠭᠠᠳᠠᠭᠠᠳᠤ ᠵᠢᠨ 12 ᠲᠤᠰᠬᠠᠢ ᠮᠡᠷᠭᠡᠵᠢᠯᠲᠡᠨ ᠶ᠋ᠢᠡᠷ ᠪᠦᠷᠢᠯᠳᠦᠵᠦ᠂ ᠰᠢᠨ᠎ᠡ ᠵᠢ ᠡᠭᠦᠳᠬᠦ᠂ ᠦᠷᠭᠦᠯᠵᠢᠯᠡᠬᠦ ᠬᠦᠭᠵᠢᠯᠲᠡ ᠪᠣᠯᠣᠨ ᠬᠠᠭᠤᠯᠪᠤᠷᠢᠯᠠᠵᠤ ᠪᠣᠯᠬᠤ ᠵᠡᠷᠭᠡ ᠲᠠᠯ᠎ᠠ ᠪᠡᠷ ᠭᠣᠣᠯ ᠪᠠᠷᠢᠮᠵᠢᠶ᠎ᠠ ᠪᠣᠯᠭᠠᠨ᠂ ᠭᠤᠤᠯᠳᠠᠭᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠰᠣᠶᠣᠯ ᠤ᠋ᠨ ᠠᠵᠤ ᠦᠢᠯᠡᠰ ᠢ᠋ ᠬᠥᠭᠵᠢᠬᠦᠯᠬᠦ ᠳ᠋ᠤ ᠬᠦᠴᠦᠨ ᠨᠡᠮᠡᠷᠢᠯᠡᠬᠦ᠂ ᠰᠣᠶᠣᠯ ᠤ᠋ᠨ ᠥᠪ᠎ᠢ ᠬᠠᠮᠠᠭᠠᠯᠠᠬᠤ ᠪᠠ ᠪᠣᠳᠠᠰ ᠤ᠋ᠨ ᠪᠤᠰᠤ ᠰᠣᠶᠣᠯ ᠤ᠋ᠨ ᠥᠪ ᠢ᠋ ᠤᠯᠠᠮᠵᠢᠯᠠᠨ ᠰᠢᠨ᠎ᠡ ᠵᠢ ᠡᠭᠦᠳᠬᠦ ᠵᠡᠷᠭᠡ 3 ᠴᠢᠭᠯᠡᠯ ᠳ᠋ᠤ ᠠᠩᠬᠠᠷᠤᠯ ᠶ᠋ᠢᠡᠨ ᠲᠥᠪᠯᠡᠷᠡᠭᠦᠯᠵᠦ ᠂ ᠪᠦᠬᠦ ᠳᠡᠯᠡᠬᠡᠢ ᠵᠢᠨ ᠬᠡᠪᠴᠢᠶᠡᠨ ᠡᠴᠡ 40 ᠵᠢᠱ᠌ᠢᠶ᠎ᠡ ᠦᠵᠡᠭᠦᠯᠬᠦ ᠬᠡᠷᠡᠭ ᠤ᠋ᠨ ᠵᠢᠱ᠌ᠢᠶ᠎ᠡ ᠵᠢ ᠰᠣᠩᠭᠣᠨ ᠭᠠᠷᠭᠠᠵᠠᠢ᠃

ᠤᠢᠯᠠᠭᠠᠭᠰᠠᠨ ᠵᠢᠠᠷ᠂ ᠳᠤᠰ ᠲᠥᠷᠥᠯ ᠵᠦᠢᠯ ᠢ᠋ 2025 ᠣᠨ ᠳ᠋ᠤ ᠵᠣᠬᠢᠶᠠᠨ ᠪᠠᠢᠭᠤᠯᠤᠨ ᠬᠡᠷᠡᠭᠵᠢᠭᠦᠯᠵᠦ᠂ ᠶᠡᠷᠦᠩᠬᠡᠢ ᠲᠠᠯᠠᠪᠠᠢ ᠨᠢ ᠪᠠᠷᠤᠭ 100 ᠲᠦᠮᠡᠨ ᠲᠡᠭᠰᠢ ᠳᠥᠷᠪᠡᠯᠵᠢᠨ ᠮᠧᠲᠷ ᠳᠠᠯᠠᠪᠠᠢ ᠪᠦᠬᠦᠢ ᠲᠣᠮᠣ᠌ ᠬᠡᠯᠪᠡᠷᠢ ᠵᠢᠨ ᠪᠠᠭᠤᠷᠢ ᠳ᠋ᠤ ᠰᠢᠰᠲᠧᠮ ᠲᠠᠢ᠂ ᠨᠠᠷᠢᠯᠢᠭ᠋ ᠲᠣᠭᠠᠴᠢᠯᠠᠭᠰᠠᠨ ᠲᠠᠩᠰᠠ ᠡᠪᠬᠡᠮᠡᠯ ᠪᠠᠢᠭᠤᠯᠤᠨ ᠦᠭᠴᠤ ᠠᠵᠢᠯ ᠲᠥᠷᠥᠯ ᠤ᠋ᠨ ᠬᠡᠪ ᠳᠠᠭᠤᠷᠢᠶᠠᠯ ᠪᠤᠯᠤᠭᠰᠠᠨ ᠪᠠᠢᠨ᠎ᠠ᠃ ᠲᠤᠰ ᠲᠦᠷᠦᠯ ᠵᠦᠢᠯ ᠨᠢ ᠬᠣᠰᠢᠭᠤᠴᠢ ᠮᠡᠷᠭᠡᠵᠢᠯ ᠢ᠋ ᠬᠡᠷᠡᠭᠯᠡᠵᠦ᠂ ᠤᠯᠠᠨ ᠬᠡᠮᠵᠢᠯᠲᠦ ᠮᠡᠷᠭᠡᠵᠢᠯ᠂ ᠠᠵᠢᠯ ᠳᠦᠷᠦᠯ ᠤ᠋ᠨ ᠬᠦᠳᠦᠴᠢ ᠴᠢᠨᠠᠷᠳᠠᠢ ᠦᠢᠯᠡᠳᠦᠯᠭᠡ᠂ ᠰᠢᠨ᠎ᠡ ᠵᠢ ᠡᠬᠦᠳᠬᠦ ᠡᠵᠡᠩᠨᠡᠯᠳᠡ ᠶ᠋ᠢᠨ ᠵᠠᠭᠪᠤᠷ ᠪᠠ ᠤᠯᠠᠨ ᠡᠰᠢᠳᠤ ᠬᠡᠷᠡᠭᠯᠡᠭᠡ ᠵᠡᠷᠭᠡ ᠳ᠋ᠤ ᠲᠦᠰᠢᠭᠯᠡᠨ᠂ ᠰᠣᠶᠣᠯ ᠤ᠋ᠨ ᠥᠪ ᠢ᠋ ᠬᠠᠮᠠᠭᠠᠯᠠᠨ ᠬᠦᠭᠵᠢᠭᠦᠯᠵᠦ  ᠠᠰᠢᠭ᠍ᠯᠠᠯᠲᠠ ᠳ᠋ᠤ ᠤᠷᠤᠭᠤᠯᠵᠠᠢ᠃ ᠳᠤᠬᠠᠢᠯᠠᠪᠠᠯ᠂ ᠬᠣᠷᠸ᠎ᠠ ᠭᠠᠵᠠᠷ ᠤ᠋ᠨ ᠭᠠᠳᠠᠷᠭᠤ ᠵᠢ ᠪᠤᠳᠠᠳᠠᠢ ᠳ᠋ᠤ ᠤᠢᠷᠠᠳᠤᠭᠤᠯᠤᠨ ᠵᠠᠭᠪᠤᠷᠴᠢᠯᠠᠵᠤ᠂ ᠬᠡᠬᠡᠷ᠎ᠡ ᠭᠠᠳᠠᠨ᠎ᠠ ᠶ᠋ᠢᠨ ᠤᠷᠴᠢᠨ ᠳ᠋ᠤ ᠦᠩᠬᠡ ᠪᠤᠳᠤᠭ ᠢ᠋ ᠰᠡᠷᠬᠦᠬᠡᠬᠦ ᠵᠡᠷᠭᠡ ᠪᠡᠷᠭᠡ ᠰᠡᠳᠦᠪ ᠢ᠋ ᠰᠢᠢᠳᠪᠦᠷᠢᠯᠡᠨ᠂ ᠨᠠᠷᠢᠯᠢᠭ ᠪᠦᠭᠡᠳ ᠦᠩᠬᠡ ᠪᠤᠳᠤᠭ ᠳᠠᠢ ᠪᠠᠭᠤᠷᠢ ᠵᠢᠨ ᠪᠣᠳᠠᠲᠤ ᠦᠵᠡᠮᠵᠢ ᠵᠢᠨ ᠭᠤᠷᠪᠠᠨ ᠬᠡᠮᠵᠢᠯᠲᠦ ᠵᠠᠭᠪᠤᠷ ᠢ᠋ ᠪᠣᠢ ᠪᠣᠯᠭᠠᠭᠰᠠᠨ ᠪᠠᠢᠨ᠎ᠠ᠃

ᠲᠤᠰ ᠳᠦᠷᠦᠯ ᠵᠦᠢᠯ ᠨᠢ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤᠢᠴᠠ ᠪᠠᠷᠢᠮᠵᠢᠶᠠᠵᠢᠭᠰᠠᠨ ᠠᠵᠢᠯ ᠤ᠋ᠨ ᠭᠤᠭᠴᠤᠭ᠎ᠠ ᠵᠢ ᠪᠦᠷᠢᠯᠳᠦᠭᠦᠯᠦᠭᠰᠡᠨ ᠶ᠋ᠢᠡᠷ ᠪᠠᠷᠠᠬᠤ ᠦᠭᠡᠢ᠂ ᠨᠡᠩ ᠴᠤ᠌ 《ᠨᠠᠷᠢᠯᠢᠭ᠋ ᠣᠨᠣᠴᠠᠲᠠᠢ ᠲᠣᠭ᠎ᠠ ᠪᠠᠷᠢᠮᠳᠠ ᠶ᠋ᠢᠨ ᠳᠠᠩᠰᠠ ᠡᠪᠬᠡᠮᠡᠯ + ᠰᠢᠨᠵᠢᠯᠡᠬᠦ ᠤᠬᠠᠭᠠᠨᠴᠢ ᠪᠡᠷ ᠬᠡᠢᠰᠪᠦᠷᠢᠯᠡᠨ  ᠰᠡᠷᠭᠦᠭᠡᠬᠦ +  ᠬᠡᠷᠡᠭᠯᠡᠯᠳᠡ》 ᠶ᠋ᠢᠨ ᠵᠠᠭᠪᠤᠷ ᠶ᠋ᠢᠡᠷ ᠰᠣᠶᠣᠯ ᠤ᠋ᠨ ᠥᠪ ᠢ᠋ ᠲᠣᠭᠲᠠᠩᠭᠤᠢ ᠬᠠᠳᠠᠭᠠᠯᠠᠵᠤ ᠪᠠᠢᠭᠰᠠᠨ ᠡᠴᠠ ᠬᠥᠳᠡᠯᠦᠩᠭᠦᠢ ᠪᠡᠷ ᠲᠠᠢᠯᠪᠤᠷᠢᠯᠠᠬᠤ ᠰᠢᠨ᠎ᠡ ᠴᠢᠭᠯᠡᠯ ᠤᠷᠤᠭᠤ ᠬᠥᠲᠥᠯᠥᠨ ᠳᠠᠭᠠᠭᠤᠯᠵᠤ ᠴᠢᠳᠠᠭᠰᠠᠨ ᠪᠠᠢᠨ᠎ᠠ᠃ ᠦᠷ᠎ᠡ ᠪᠦᠲᠦᠭᠡᠯ ᠨᠢ ᠬᠠᠭᠤᠴᠢ ᠰᠤᠳᠤᠯᠤᠯ ᠤ᠋ᠨ ᠰᠤᠳᠤᠯᠭᠠᠨ ᠪᠣᠯᠣᠨ ᠬᠢᠨᠠᠨ ᠬᠡᠮᠵᠢᠯᠲᠡ ᠵᠢᠨ ᠬᠠᠮᠠᠭᠠᠯᠠᠯᠲᠠ ᠳ᠋ᠤ ᠦᠢᠯᠡᠴᠢᠯᠡᠬᠦ ᠪᠡᠷ ᠪᠠᠷᠠᠬᠤ ᠦᠭᠡᠢ ᠪᠠᠰᠠ ᠵᠢᠭᠤᠯᠴᠢᠯᠠᠯ᠂ VR ᠬᠡᠢᠰᠪᠦᠷᠢ ᠠᠬᠤᠢ ᠵᠢ ᠦᠵᠡᠬᠦ ᠵᠡᠷᠭᠡ ᠠᠷᠭ᠎ᠠ ᠮᠠᠶᠢᠭ᠋ ᠶ᠋ᠢᠡᠷ ᠳᠠᠮᠵᠢᠭᠤᠯᠤᠨ᠂ ᠲᠡᠦᠬᠡ ᠰᠣᠶᠣᠯ ᠢ᠋ ᠣᠯᠠᠨ ᠨᠡᠶ᠋ᠢᠲᠡ ᠳ᠋ᠤ ᠤᠯᠠᠮᠵᠢᠯᠠᠨ ᠳᠡᠯᠭᠡᠷᠡᠭᠦᠯᠬᠦ ᠵᠢ ᠠᠮᠢᠳᠤᠯᠢᠭ᠋ ᠶ᠋ᠢᠡᠷ ᠠᠬᠢᠭᠤᠯᠵᠤ᠂ ᠲᠡᠦᠬᠡ ᠵᠢᠨ ᠳᠤᠷᠠᠰᠬᠠᠯᠲᠤ ᠵᠦᠢᠯᠡᠰ᠎ᠢ ᠬᠠᠮᠠᠭᠠᠯᠠᠭᠰᠠᠨ ᠦᠷ᠎ᠡ ᠪᠦᠲᠦᠭᠡᠯ ᠢ᠋ ᠪᠦᠲᠦᠭᠡᠯᠴᠢ ᠪᠡᠷ ᠬᠤᠪᠢᠷᠠᠭᠤᠯᠬᠤ  ᠪᠠ  ᠰᠢᠨ᠎ᠡ ᠵᠢ  ᠡᠭᠦᠳᠦᠨ ᠬᠥᠭᠵᠢᠭᠦᠯᠬᠦ ᠵᠢ ᠪᠡᠶᠡᠯᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号