ᠥᠪᠥᠷ ᠮᠣᠩᠭᠣᠯ 1 ᠳ᠋ᠦᠩᠱᠢᠭᠤᠷ ᠲᠥᠭᠥᠷᠢᠭ ᠤ᠋ᠨ ᠦᠨᠳᠦᠰᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠤᠬᠠᠢᠯᠠᠭ᠍ᠰᠠᠨ ᠠᠵᠢᠯ᠎ᠤᠨ ᠵᠠᠷᠤᠳᠠᠯ᠎ᠢ ᠤᠷᠢᠳᠴᠢᠯᠠᠨ ᠪᠠᠭᠤᠯᠭᠠᠪᠠ
2026-04-07 10:02:05
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠲᠦᠷᠦᠬᠦᠭᠡᠨ ᠰᠤᠷᠪᠤᠯᠵᠢᠯᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠤᠢ᠍ᠢᠯᠠᠭᠠᠭ᠍ᠰᠠᠨ ᠵᠢᠡᠷ᠂ ᠡᠨᠡ ᠵᠢᠯ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠠᠴᠠ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠵᠢᠩᠬᠢᠨᠢ ᠠᠩᠭᠢ᠎ᠶ᠋ᠢᠨ ᠶᠡᠬᠡ ᠳᠡᠭᠡᠳᠦ ᠰᠤᠷᠭᠠᠭᠤᠯᠢ᠎ᠶ᠋ᠢᠨ ᠦᠨᠳᠦᠰᠦᠨ ᠰᠢᠨᠵᠢᠯᠡᠬᠦ ᠤᠬᠠᠭᠠᠨ ᠤ᠋ ᠰᠤᠳᠤᠯᠭᠠᠨ᠎ᠦ ᠲᠤᠬᠠᠢᠯᠠᠭ᠍ᠰᠠᠨ ᠠᠵᠢᠯ᠎ᠤᠨ ᠵᠠᠷᠤᠳᠠᠯ᠎ᠢ 1 ᠳ᠋ᠦᠩᠱᠢᠭᠤᠷ ᠲᠥᠭᠥᠷᠢᠭ ᠤᠷᠢᠳᠴᠢᠯᠠᠨ ᠪᠠᠭᠤᠯᠭᠠᠵᠤ᠂ ᠪᠦᠬᠦᠯᠢ 45 ᠨᠠᠰᠤᠨ᠎ᠠᠴᠠ ᠳᠣᠷᠣᠭ᠍ᠰᠢᠬᠢ ᠵᠠᠯᠠᠭᠤ ᠪᠠᠭ᠍ᠰᠢ᠎ᠨᠠᠷ ᠤ᠋ᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠶ᠋ᠢ ᠳᠡᠮᠵᠢᠬᠦ᠌᠎ᠳᠦ ᠭᠣᠣᠯᠳᠠᠯᠭ᠎ᠠ᠎ᠲᠠᠶ ᠬᠡᠷᠡᠭᠯᠡᠬᠦ ᠪᠤᠯᠤᠨ᠎ᠡ᠃

ᠡᠬᠦᠨ ᠤ᠋ ᠬᠠᠮᠳᠤ᠂ ᠰᠤᠷᠭᠠᠭᠤᠯᠢ᠎ᠳᠤ ᠪᠠᠢᠭ᠎ᠠ ᠱᠢᠯᠢᠳᠡᠭ ᠰᠤᠷᠤᠭ᠍ᠴᠢᠳ᠎ᠤᠨ ᠦᠨᠳᠦᠰᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠢ᠋ᠢ ᠲᠡᠮᠵᠢᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠲᠠᠭᠠᠭᠤᠯᠤᠭᠴᠢ ᠴᠢᠳᠠᠪᠤᠷᠢᠳᠡᠨ ᠪᠠ ᠰᠢᠨ᠎ᠡ ᠢ᠋ᠢ ᠡᠬᠦᠳᠬᠦ ᠪᠦᠯᠬᠦᠮ ᠨᠡᠢᠳᠡ ᠢ᠋ᠢᠨ ᠪᠠᠢᠭᠤᠯᠤᠯᠳᠡ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠱᠢᠨ᠎ᠡ᠎ᠶ᠋ᠢ ᠡᠭᠦᠳᠬᠦ᠌ ᠲᠠᠪᠴᠠᠩ᠎ᠤᠨ ᠴᠢᠳᠠᠪᠤᠷᠢ ᠢ᠋ᠢ ᠲᠡᠭᠡᠭᠰᠢᠯᠡᠬᠦᠯᠬᠦ᠂ ᠣᠯᠠᠨ ᠱᠢᠨᠵᠢᠯᠡᠭᠡᠨ᠎ᠦ ᠰᠠᠯᠠᠭ᠎ᠠ ᠢ᠋ᠢ ᠰᠤᠯᠪᠢᠴᠠᠭᠤᠯᠤᠭᠰᠠᠨ ᠰᠠᠭᠤᠷᠢᠯᠠᠬᠤ ᠴᠢᠨᠠᠷᠲᠠᠶ᠂ ᠲᠤᠯᠭᠠᠭᠤᠷᠢᠯᠠᠬᠤ ᠴᠢᠨᠠᠷᠳᠡᠢ ᠪᠠ ᠪᠠᠢᠯᠳᠤᠬᠤ ᠪᠤᠳᠤᠯᠭ᠎ᠠ ᠢ᠋ᠢᠨ ᠴᠢᠨᠠᠷᠳᠡᠢ ᠰᠤᠳᠤᠯᠭᠠᠨ ᠦᠷᠨᠢᠬᠦᠯᠬᠦ ᠢ᠋ᠢ ᠲᠡᠮᠵᠢᠬᠦ ᠪᠤᠯᠤᠨ᠎ᠡ᠃

ᠣᠢᠷ᠎ᠠ᠎ᠶ᠋ᠢᠨ ᠵᠢᠯ᠎ᠡᠴᠡ ᠨᠠᠭᠠᠰᠢ᠂ ᠥᠪᠥᠷ ᠮᠣᠩᠭᠣᠯ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠡᠬᠡ ᠳᠡᠭᠡᠳᠦ ᠰᠤᠷᠭᠠᠭᠤᠯᠢ᠎ᠶ᠋ᠢᠨ ᠦᠨᠳᠦᠰᠦᠨ ᠰᠤᠳᠤᠯᠭᠠᠨ᠎ᠢ ᠳᠡᠮᠵᠢᠬᠦ᠌᠎ᠪᠡᠷ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠂ ᠥᠨᠳᠥᠷ ᠲᠦᠪᠱᠢᠨ ᠪᠥᠬᠥᠶ ᠶᠡᠬᠡ ᠳᠡᠭᠡᠳᠤ ᠰᠤᠷᠭᠠᠭᠤᠯᠢ᠎ᠶ᠋ᠢ ᠪᠥᠲᠥᠭᠡᠨ ᠪᠠᠢᠭᠤᠯᠬᠤ᠎ᠪᠡᠷ ᠴᠢᠬᠤᠯᠠ ᠭᠠᠷᠳᠠᠴᠠ ᠪᠣᠯᠭᠠᠭ᠍ᠰᠠᠨ ᠪᠥᠭᠡᠳ ᠡᠳ᠋᠎ᠦᠨ ᠵᠠᠰᠠᠭ᠎ᠤᠨ ᠪᠠᠲᠤᠯᠠᠭ᠎ᠠ᠎ᠶ᠋ᠢᠨ ᠡᠷᠴᠢᠮ᠎ᠢ ᠦᠷᠭᠦᠯᠵᠢᠯᠡᠨ ᠴᠢᠩᠭᠠᠷᠠᠭᠤᠯᠵᠤ᠂ ᠶᠡᠬᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠤᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠪᠥᠬᠥ᠌ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠴᠢᠳᠠᠪᠤᠷᠢᠲᠠᠨ᠂ ᠮᠡᠷᠭᠡᠵᠢᠯ᠎ᠦᠨ ᠳᠡᠮᠵᠢᠯᠭᠡ ᠬᠠᠩᠭᠠᠪᠠ᠃ 2022 ᠣᠨ᠎ᠳᠤ᠂ ᠥᠪᠥᠷ ᠮᠣᠩᠭᠣᠯ ᠶᠡᠬᠡ ᠳᠡᠭᠡᠳᠦ ᠰᠤᠷᠭᠠᠭᠤᠯᠢ᠎ᠶ᠋ᠢᠨ ᠦᠨᠳᠦᠰᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠤᠬᠠᠢᠯᠠᠭ᠍ᠰᠠᠨ ᠠᠵᠢᠯ᠎ᠤᠨ ᠵᠠᠷᠤᠳᠠᠯ᠎ᠢ ᠲᠤᠬᠢᠷᠠᠭᠤᠯᠵᠤ᠂ ᠣᠲᠣ ᠪᠣᠯᠲᠠᠯ᠎ᠠ ᠨᠡᠢᠲᠡ 6.5 ᠳ᠋ᠦᠩᠱᠢᠭᠤᠷ ᠲᠥᠭᠥᠷᠢᠭ᠎ᠦᠨ ᠪᠠᠯᠠ ᠮᠥᠩᠭᠥ᠌ ᠪᠠᠭᠤᠯᠭᠠᠪᠠ᠃

ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠤᠨ ᠬᠠᠮᠢᠶᠠᠷᠤᠯᠲᠠ᠎ᠶ᠋ᠢ ᠱᠢᠯᠢᠳᠡᠭ᠌ᠵᠢᠭᠦᠯᠵᠦ᠍᠂ ᠶᠡᠬᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠢ ᠨᠢᠭᠡ ᠰᠡᠳᠭᠢᠯ᠎ᠢᠶᠡᠷ ᠰᠤᠳᠤᠯᠭᠠᠨ᠎ᠤ ᠠᠵᠢᠯ᠎ᠳᠤ ᠣᠷᠣᠯᠴᠠᠭᠤᠯᠬᠤ᠎ᠶ᠋ᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠤᠨ ᠬᠢᠨ ᠰᠤᠷᠭᠠᠨ ᠬᠥᠮᠦᠵᠢᠯ᠎ᠦᠨ ᠲᠤᠰᠭᠠᠶ ᠪᠠᠯᠠ ᠮᠥᠩᠭᠥ᠎ᠶ᠋ᠢᠨ ᠳᠣᠲᠣᠷᠠᠬᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠯᠠ ᠮᠥᠩᠭᠥ᠎ᠶ᠋ᠢ ᠴᠦ᠍ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠤᠨ ᠬᠠᠮᠢᠶᠠᠷᠤᠯᠲᠠ ᠲᠠᠶ ᠠᠳᠠᠯᠢ᠎ᠪᠠᠷ ᠦᠵᠡᠵᠦ᠍᠂ ᠲᠥᠷᠥᠯ ᠵᠦᠶ᠋ᠯ᠎ᠢ ᠳᠠᠭᠠᠭᠠᠨ ᠡᠭᠦᠷᠭᠡᠯᠡᠭ᠌ᠰᠡᠨ ᠨᠢᠭᠡᠴᠢ᠎ᠶ᠋ᠢᠨ ᠲᠥᠷᠥᠯ ᠵᠦᠶ᠋ᠯ᠎ᠦᠨ ᠪᠠᠯᠠ ᠮᠥᠩᠭᠥ᠎ᠶ᠋ᠢ ᠨᠢᠬᠡᠴᠢ᠎ᠶ᠋ᠢᠨ ᠪᠣᠳᠠᠲᠠᠶ ᠪᠠᠢᠭ᠎ᠠ ᠪᠠᠯᠠ ᠮᠥᠩᠭᠥ᠎ᠶ᠋ᠢᠨ ᠲᠠᠩᠰᠠᠨ᠎ᠳᠦ ᠱᠢᠯᠵᠢᠭᠦᠯᠦᠨ ᠥᠭ᠌ᠬᠦ᠎ᠶ᠋ᠢ ᠵᠥᠪᠱᠢᠶᠡᠷᠡᠵᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠤᠨ ᠬᠡᠷᠡᠭ᠌ᠯᠡᠯᠲᠡ᠎ᠶ᠋ᠢᠨ ᠠᠮᠢᠳᠤᠯᠢᠭ ᠴᠢᠨᠠᠷ ᠪᠠ ᠪᠡᠶ᠎ᠡ᠎ᠪᠡᠨ ᠳᠠᠭᠠᠭᠠᠬᠤ ᠴᠢᠨᠠᠷ᠎ᠢ ᠤᠯᠠᠮ ᠨᠢᠭᠡ ᠠᠯᠬᠤᠮ ᠴᠢᠩᠭᠠᠳᠬᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号