ᠥᠪᠥᠷ ᠮᠣᠩᠭᠣᠯ᠎ᠤᠨ ᠣᠶᠤᠲᠠᠳ᠎ᠤᠨ 《ᠰᠤᠷᠭᠠᠭᠤᠯᠢ᠎ᠶᠢᠨ ᠬᠦᠷᠢᠶᠡᠨ᠎ᠦ ᠠᠷᠪᠠᠨ ᠰᠢᠯᠢᠳᠡᠭ ᠳᠠᠭᠤᠴᠢᠨ》᠎ᠢ᠋ ᠰᠢᠯᠭᠠᠷᠠᠭᠤᠯᠬᠤ ᠤᠷᠤᠯᠳᠤᠭᠠᠨ ᠡᠬᠢᠯᠡᠵᠠᠢ
2026-04-07 15:18:56
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

2026 ᠣᠨ᠎ᠤ ᠥᠪᠥᠷ ᠮᠣᠩᠭᠣᠯ᠎ᠤᠨ ᠣᠶᠤᠲᠠᠳ᠎ᠤᠨ 《ᠰᠤᠷᠭᠠᠭᠤᠯᠢ᠎ᠶᠢᠨ ᠬᠦᠷᠢᠶᠡᠨ᠎ᠦ ᠠᠷᠪᠠᠨ ᠰᠢᠯᠢᠳᠡᠭ ᠳᠠᠭᠤᠴᠢᠨ》᠎ᠢ᠋ ᠰᠢᠯᠭᠠᠷᠠᠭᠤᠯᠬᠤ ᠤᠷᠤᠯᠳᠤᠭᠠᠨ ᠣᠢᠷ᠎ᠠ᠎ᠶᠢᠨ ᠡᠳᠦᠷ ᠪᠦᠬᠦ ᠣᠷᠣᠨ᠎ᠤ ᠬᠡᠪᠴᠢᠶᠡᠨ᠎ᠳᠦ ᠡᠬᠢᠯᠡᠪᠡ᠃ ᠲᠣᠰ ᠤᠳᠠᠭᠠᠨ᠎ᠤ ᠤᠷᠤᠯᠳᠤᠭᠠᠨ᠎ᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠦᠪᠡᠷᠳᠡᠬᠡᠨ ᠵᠠᠰᠠᠬᠤ ᠤᠷᠤᠨ᠎ᠤ ᠡᠪᠯᠡᠯ᠎ᠤᠨ ᠬᠤᠷᠢᠶ᠎ᠠ ᠡᠴᠡ ᠭᠤᠤᠯᠯᠠᠨ ᠡᠷᠬᠢᠯᠡᠵᠡᠢ᠃

ᠤᠷᠤᠯᠳᠤᠭᠠᠨ ᠨᠢ 《ᠤᠷᠢ ᠵᠠᠯᠠᠭᠤ ᠨᠠᠰᠤᠨ᠎ᠤ ᠬᠦᠰᠡᠯ ᠵᠡᠭᠦᠳᠦ᠎ᠪᠡᠨ ᠲᠡᠷᠭᠡᠯᠰᠢᠭᠦᠯᠦᠨ ᠢᠷᠡᠭᠡᠳᠦᠢ᠎ᠪᠠᠨ ᠮᠠᠭᠳᠠᠨ ᠳᠠᠭᠤᠯᠠᠶ᠎ᠠ》 ᠪᠡᠷ ᠭᠣᠣᠯ ᠰᠡᠳᠦᠪ ᠪᠣᠯᠭᠠᠵᠤ᠂ ᠠᠶ᠎ᠠ ᠳᠠᠭᠤᠤ ᠪᠠᠷ ᠳᠠᠮᠵᠢᠭᠤᠯᠤᠨ ᠤᠳᠤ ᠦᠶ᠎ᠡ᠎ᠶᠢᠨ ᠣᠶᠤᠲᠠᠳ᠎ᠤᠨ ᠤᠯᠤᠰ᠎ᠢᠶᠠᠨ ᠬᠦᠴᠦᠷᠬᠡᠭᠵᠢᠭᠦᠯᠬᠦ᠎ᠳᠦ ᠢᠳᠡᠪᠬᠢᠯᠡᠨ ᠤᠷᠤᠯᠴᠠᠵᠤ᠂ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠬᠤ ᠤᠯᠤᠰ᠎ᠢᠶᠠᠨ ᠬᠠᠢᠷᠠᠯᠠᠬᠤ ᠰᠡᠳᠬᠢᠯᠭᠡ ᠪᠣᠯᠣᠨ ᠤᠶᠤᠨ ᠰᠠᠨᠠᠭᠠᠨ᠎ᠤ ᠳᠦᠷᠰᠦ ᠪᠠᠢᠳᠠᠯ᠎ᠢ ᠭᠦᠢᠴᠡᠳ ᠠᠭᠤᠳᠠᠯᠤᠨ ᠢᠯᠡᠷᠡᠭᠦᠯᠬᠦ ᠵᠢ ᠵᠣᠷᠢᠵᠠᠢ᠃ ᠤᠷᠤᠯᠳᠤᠭᠠᠨ᠎ᠢ ᠲᠤᠰᠬᠠᠢ ᠮᠡᠷᠭᠡᠵᠢᠯ᠎ᠦᠨ ᠳᠤᠭᠤᠢᠯᠠᠩ ᠪᠠ ᠠᠵᠢᠯ᠎ᠤᠨ ᠴᠢᠯᠦᠭᠡᠨ᠎ᠦ ᠳᠤᠭᠤᠢᠯᠠᠩ ᠭᠡᠵᠦ ᠬᠣᠶᠠᠷ ᠬᠤᠪᠢᠶᠠᠵᠤ᠂ ᠰᠤᠷᠭᠠᠭᠤᠯᠢ᠎ᠶᠢᠨ ᠳᠣᠲᠣᠷᠠᠬᠢ ᠰᠢᠯᠭᠠᠷᠠᠭᠤᠯᠬᠤ ᠤᠷᠤᠯᠳᠤᠭᠠᠨ᠂ ᠠᠩᠬᠠᠨ᠎ᠤ ᠤᠷᠤᠯᠳᠤᠭᠠᠨ᠂ ᠬᠣᠶᠠᠳᠠᠭᠢ ᠤᠷᠤᠯᠳᠤᠭᠠᠨ᠂ ᠰᠢᠢᠳᠪᠦᠷᠢᠲᠦ ᠤᠷᠤᠯᠳᠤᠭᠠᠨ ᠵᠡᠷᠭᠡ ᠶᠠᠪᠤᠴᠠ ᠵᠢ ᠳᠤᠬᠢᠷᠠᠭᠤᠯᠪᠠ᠃ ᠤᠷᠤᠯᠳᠤᠭᠠᠨ ᠨᠢ 3 ᠰᠠᠷ᠎ᠠ ᠠ᠋ᠴᠠ 10 ᠰᠠᠷ᠎ᠠ ᠪᠤᠯᠳᠠᠯ᠎ᠠ ᠶᠠᠪᠤᠭᠳᠠᠵᠤ᠂ ᠰᠤᠷᠭᠠᠭᠤᠯᠢ ᠳ᠋ᠤ ᠪᠠᠢᠭ᠎ᠠ ᠦᠪᠦᠷ ᠮᠤᠩᠭᠤᠯ᠎ᠤᠨ ᠶᠡᠬᠡ ᠳᠡᠬᠡᠳᠤ ᠰᠤᠷᠭᠠᠭᠤᠯᠢ ᠵᠢᠨ ᠤᠶᠤᠳᠠᠳ ᠤᠷᠤᠯᠴᠠᠵᠤ ᠪᠤᠯᠤᠨ᠎ᠠ᠃

ᠣᠢᠯᠠᠭᠠᠭᠰᠠᠨ᠎ᠢᠶᠠᠷ᠂ ᠥᠪᠥᠷ ᠮᠣᠩᠭᠣᠯ ᠨᠢᠭᠡᠨᠲᠡ 5 ᠬᠤᠭᠤᠴᠠᠭᠠᠨ᠎ᠤ ᠣᠶᠤᠲᠠᠳ᠎ᠤᠨ 《ᠰᠤᠷᠭᠠᠭᠤᠯᠢ᠎ᠶᠢᠨ ᠬᠦᠷᠢᠶᠡᠨ᠎ᠦ ᠠᠷᠪᠠᠨ ᠰᠢᠯᠢᠳᠡᠭ ᠳᠠᠭᠤᠴᠢᠨ》᠎ᠢ᠋ ᠰᠢᠯᠭᠠᠷᠠᠭᠤᠯᠬᠤ ᠤᠷᠤᠯᠳᠤᠭᠠᠨ᠎ᠢ ᠵᠠᠯᠭᠠᠭ᠎ᠠ᠎ᠪᠠᠷ ᠡᠷᠭᠢᠯᠡᠵᠦ᠂ ᠪᠥᠬᠥ ᠣᠷᠣᠨ᠎ᠤ 55 ᠶᠡᠬᠡ ᠳᠡᠭᠡᠳᠦ ᠰᠤᠷᠭᠠᠭᠤᠯᠢ᠎ᠶᠢ ᠬᠠᠮᠤᠷᠴᠤ᠂ 3 ᠲᠦᠮᠡ ᠭᠠᠷᠤᠢ ᠰᠣᠷᠣᠭ᠍ᠴᠢ ᠣᠷᠣᠯᠴᠠᠭᠰᠠᠨ ᠪᠠᠢᠨ᠎ᠠ᠃ ᠤᠷᠤᠯᠳᠤᠭᠠᠨ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ᠋ ᠪᠠᠳᠤ ᠴᠤᠭᠴᠠᠯᠠᠬᠤ ᠭᠣᠣᠯ ᠰᠢᠵᠢᠮ᠎ᠤᠨ ᠳᠤᠭᠤᠷᠢᠨ ᠳ᠋ᠤ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯᠣᠨ ᠳᠤᠮᠳᠠᠳᠤ᠎ᠶᠢᠨ ᠭᠤᠸ᠎ᠠ ᠰᠠᠢᠬᠠᠨ᠎ᠤ ᠬᠥᠮᠦᠵᠢᠯ᠎ᠦᠨ ᠵᠣᠷᠢᠭ᠋ ᠰᠠᠨᠠᠭ᠎ᠠ᠎ᠶᠢ ᠪᠠᠳᠠᠷᠠᠭᠤᠯᠬᠤ ᠳ᠋ᠤ ᠠᠩᠬᠠᠷᠤᠯ᠎ᠢᠶᠡᠨ ᠲᠦᠪᠯᠡᠷᠡᠭᠦᠯᠵᠦ᠂ ᠰᠤᠷᠭᠠᠭᠤᠯᠢ᠎ᠶᠢᠨ ᠬᠦᠷᠢᠶᠡᠨ᠎ᠦ ᠰᠣᠶᠣᠯ᠎ᠤᠨ ᠠᠮᠢᠳᠤᠷᠠᠯ᠎ᠢ ᠶᠡᠬᠡ᠎ᠪᠡᠷ ᠪᠠᠶᠠᠯᠢᠭ᠍ᠵᠢᠭᠤᠯᠵᠤ᠂ ᠭᠤᠸ᠎ᠠ ᠰᠠᠢᠬᠠᠨ᠎ᠵᠢᠡᠷ ᠤᠮᠳᠠᠯᠠᠨ ᠬᠥᠮᠥᠨ᠎ᠢ ᠬᠥᠮᠥᠵᠢᠭᠦᠯᠬᠦ ᠴᠢᠳᠠᠪᠬᠢ᠎ᠶᠢ ᠪᠠᠳᠠᠷᠠᠭᠤᠯᠵᠤ᠂ ᠣᠶᠤᠲᠠᠳ᠎ᠤᠨ ᠤᠷᠠᠯᠢᠭ᠋᠎ᠤᠨ ᠦᠢᠯᠡᠳᠦᠯᠭᠡ ᠳᠤᠮᠳᠠ ᠭᠤᠸ᠎ᠠ ᠰᠠᠢᠬᠠᠨ᠎ᠤ ᠬᠡᠪ ᠪᠣᠯᠪᠠᠰᠤᠷᠠᠯ᠎ᠢᠶᠠᠨ ᠳᠡᠭᠡᠭᠰᠢᠯᠡᠭᠦᠯᠬᠦ᠂ ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤᠳᠬᠠᠬᠤ᠂ ᠵᠠᠯᠠᠭᠤ ᠨᠠᠰᠤᠨ᠎ᠤ ᠬᠠᠮᠤᠭ᠎ᠤᠨ ᠬᠦᠴᠦᠷᠬᠡᠭ ᠳᠠᠭᠤᠨ᠎ᠢᠶᠡᠨ ᠬᠠᠩᠭᠢᠨᠠᠭᠤᠯᠬᠤ ᠵᠢ ᠬᠥᠲᠥᠯᠥᠨ ᠳᠠᠭᠠᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号