ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠡᠦᠬᠡ ᠶ᠋ᠢᠨ ᠳᠤᠷᠠᠰᠭᠠᠯᠲᠤ ᠵᠦᠶ᠋ᠯᠡᠰ ᠬᠠᠭᠤᠴᠢ ᠰᠤᠳᠤᠯᠤᠯ ᠤ᠋ᠨ ᠬᠦᠷᠢᠶᠡᠯᠡᠩ ᠪᠤᠯᠤᠨ ᠦᠪᠦᠷ ᠮᠤᠨᠭᠭᠤᠯ ᠤ᠋ᠨ ᠪᠠᠭᠰᠢ ᠶ᠋ᠢᠨ ᠶᠡᠬᠡ ᠰᠤᠷᠭᠠᠭᠤᠯᠢ ᠤᠢᠷ᠎ᠠ ᠳ᠋ᠤ 《ᠠᠵᠢᠯ ᠤ᠋ᠨ ᠪᠠᠢᠷᠢ ᠵᠢ ᠥᠷᠭᠡᠳᠭᠡᠬᠦ᠌》 ᠪᠠ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠠᠭᠤᠴᠢ ᠰᠤᠳᠤᠯᠤᠯ ᠬᠢᠭᠡᠳ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠬᠠᠮᠠᠭᠠᠯᠠᠯᠲᠠ ᠵᠢ ᠬᠠᠮᠲᠤ ᠪᠠᠷ ᠪᠠᠢᠭᠤᠯᠬᠤ》 ᠬᠣᠶᠠᠷ ᠰᠡᠳᠦᠪ ᠤ᠋ᠨ ᠲᠣᠭᠣᠷᠢᠨ ᠳ᠋ᠦ ᠶᠠᠷᠢᠯᠴᠠᠬᠤ ᠬᠤᠷᠠᠯ ᠬᠢᠵᠦ᠍᠂ ᠬᠠᠮᠲᠤᠷᠠᠯᠴᠠᠨ ᠬᠥᠭ᠌ᠵᠢᠬᠦ᠌ ᠪᠣᠳᠣᠯᠭ᠎ᠠ ᠵᠢ ᠵᠥᠪᠳᠡᠯᠴᠡᠵᠦ᠍᠂ ᠥᠪᠡᠷᠲᠡᠭᠡᠨ ᠵᠠᠰᠠᠬᠤ ᠣᠷᠣᠨ ᠤ᠋ ᠬᠠᠭᠤᠴᠢ ᠰᠤᠳᠤᠯᠤᠯ ᠤ᠋ᠨ ᠦᠶ᠋ᠯᠡᠰ ᠲᠦ᠍ ᠬᠦᠴᠦᠨ ᠨᠡᠮᠡᠷᠢᠯᠡᠪᠡ᠃
ᠥᠪᠥᠷ ᠮᠣᠩᠭᠣᠯ ᠤ᠋ᠨ ᠪᠠᠭ᠍ᠰᠢ ᠶ᠋ᠢᠨ ᠶᠡᠬᠡ ᠰᠤᠷᠭᠠᠭᠤᠯᠢ ᠡᠯᠪᠡᠭ ᠪᠠᠶᠠᠯᠢᠭ ᠡᠷᠳᠡᠮ ᠱᠢᠨᠵᠢᠯᠡᠭᠡᠨ ᠤ᠋ ᠡᠬᠢ ᠪᠠᠶᠠᠯᠢᠭ ᠲᠠᠶ ᠪᠠᠢᠵᠤ᠂ ᠥᠪᠡᠷᠲᠡᠭᠡᠨ ᠵᠠᠰᠠᠬᠤ ᠣᠷᠣᠨ ᠤ᠋ ᠲᠡᠦᠬᠡ ᠶ᠋ᠢᠨ ᠳᠤᠷᠠᠰᠭᠠᠯᠲᠤ ᠵᠦᠢᠯᠡᠰ ᠬᠠᠭᠤᠴᠢ ᠰᠤᠳᠤᠯᠤᠯ ᠤ᠋ᠨ ᠬᠦᠷᠢᠶᠡᠯᠡᠩ ᠨᠢ ᠲᠡᠦᠬᠡ ᠶ᠋ᠢᠨ ᠳᠤᠷᠠᠰᠭᠠᠯᠲᠤ ᠵᠦᠢᠯᠡᠰ ᠤ᠋ᠨ ᠪᠣᠳᠠᠲᠤ ᠪᠣᠳᠠᠰ ᠤ᠋ᠨ ᠭᠡᠷᠡᠴᠢ ᠪᠠᠷᠢᠮᠲᠠ ᠵᠢ ᠨᠤᠳᠠᠯᠠᠬᠤ ᠲᠠᠯ᠎ᠠ ᠪᠠᠷ ᠲᠤᠰᠭᠠᠢ ᠮᠡᠷᠭᠡᠵᠢᠯ ᠤ᠋ᠨ ᠳᠠᠪᠠᠭᠤᠯᠢᠭ ᠲᠠᠢ ᠶᠤᠮ᠃ ᠬᠣᠶᠠᠷ ᠲᠠᠯ᠎ᠠ ᠪᠠᠷ ᠢ᠋ᠶ᠋ᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠠᠭᠤᠴᠢ ᠰᠤᠳᠤᠯᠤᠯ ᠪᠣᠯᠤᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠬᠠᠮᠠᠭᠠᠯᠠᠯᠲᠠ ᠶ᠋ᠢᠨ ᠱᠢᠨᠵᠢᠯᠡᠭᠡᠨ ᠤ᠋ ᠰᠠᠯᠠᠭ᠎ᠠ ᠶ᠋ᠢᠨ ᠪᠠᠢᠭᠤᠯᠤᠯᠲᠠ ᠳ᠋ᠦ ᠠᠩᠬᠠᠷᠤᠯ ᠢ᠋ᠶ᠋ᠠᠨ ᠲᠥᠪᠯᠡᠷᠡᠭᠦᠯᠵᠦ᠍᠂ ᠣᠲᠣ ᠦᠶ᠎ᠡ ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠠᠷᠭ᠎ᠠ ᠪᠠᠷᠢᠯ ᠢ᠋ ᠭᠦᠶ᠋ᠴᠡᠳ ᠠᠱᠢᠭ᠍ᠯᠠᠨ᠂ ᠬᠠᠭᠤᠴᠢ ᠰᠤᠳᠤᠯᠤᠯ ᠤ᠋ᠨ ᠠᠭᠤᠯᠤᠭ᠍ᠳᠠᠬᠤᠨ ᠢ᠋ ᠭᠦᠨᠵᠡᠭᠡᠶ ᠠᠭᠤᠳᠠᠯᠵᠤ᠂ ᠰᠤᠳᠤᠯᠭᠠᠨ ᠤ᠋ ᠵᠠᠭᠠᠭ ᠬᠢᠵᠠᠭᠠᠷ ᠢ᠋ ᠥᠷᠭᠡᠳᠭᠡᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠠᠭᠤᠴᠢ ᠰᠤᠳᠤᠯᠤᠯ ᠤ᠋ᠨ ᠱᠢᠨᠵᠢᠯᠡᠭᠡᠨ ᠤ᠋ ᠰᠠᠯᠠᠭ᠎ᠠ ᠶ᠋ᠢᠨ ᠬᠥᠭ᠌ᠵᠢᠯᠲᠡ ᠵᠢ ᠬᠠᠮᠲᠤᠪᠠᠷ ᠠᠬᠢᠭᠤᠯᠬᠤ; ᠥᠪᠡᠷᠲᠡᠭᠡᠨ ᠵᠠᠰᠠᠬᠤ ᠣᠷᠣᠨ ᠤ᠋ ᠬᠠᠭᠤᠴᠢ ᠰᠤᠳᠤᠯᠤᠯ ᠤ᠋ᠨ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠳ᠋ᠤ ᠬᠦᠴᠦᠨ ᠨᠡᠮᠡᠷᠢᠯᠡᠵᠦ᠂ ᠴᠢᠳᠠᠪᠤᠷᠢᠲᠠᠨ ᠤ᠋ ᠬᠠᠩᠭᠠᠯᠭ᠎ᠠ ᠬᠡᠷᠡᠭ᠌ᠴᠡᠭᠡ ᠵᠢ ᠣᠨᠣᠪᠴᠢᠲᠠᠢ ᠵᠣᠯᠭᠠᠭᠤᠯᠬᠤ ᠵᠢ ᠴᠢᠩᠭᠠᠳᠭᠠᠨ᠂ ᠲᠡᠭᠦᠰᠭᠦ ᠤᠶᠤᠲᠠᠳ ᠤ᠋ᠨ ᠠᠵᠢᠯ ᠤᠯᠬᠤ ᠠᠷᠭ᠎ᠠ ᠵᠠᠮ ᠢ᠋ ᠱᠢᠯᠢᠳᠡᠭ᠌ᠵᠢᠭᠦᠯᠵᠦ᠍᠂ ᠤᠶᠤᠲᠠᠳ ᠲᠦ᠍ ᠨᠡᠩ ᠤᠯᠠᠨ ᠲᠤᠰᠭᠠᠢ ᠮᠡᠷᠭᠡᠵᠢᠯ ᠤ᠋ᠨ ᠦᠢᠯᠡᠳᠦᠯᠭᠡ ᠶ᠋ᠢᠨ ᠲᠣᠬᠢᠶᠠᠯ ᠬᠠᠩᠭᠠᠨ᠂ ᠶᠡᠬᠡ ᠳᠡᠭᠡᠳᠦ ᠰᠤᠷᠭᠠᠭᠤᠯᠢ ᠶ᠋ᠢᠨ ᠴᠢᠳᠠᠪᠤᠷᠢᠲᠠᠨ ᠢ᠋ ᠬᠥᠮᠦᠵᠢᠭᠦᠯᠬᠦ᠌ ᠪᠠ ᠠᠵᠢᠯ ᠲᠦᠷᠦᠯ ᠤ᠋ᠨ ᠬᠥᠭ᠌ᠵᠢᠯᠲᠡ ᠶ᠋ᠢᠨ ᠬᠡᠷᠡᠭ᠌ᠴᠡᠭᠡ ᠱᠠᠭᠠᠷᠳᠠᠯᠭ᠎ᠠ ᠵᠢ ᠢᠵᠢᠯ ᠠᠯᠬᠤᠮ ᠢ᠋ᠶ᠋ᠠᠷ ᠪᠡᠶᠡᠯᠡᠬᠦᠯᠬᠦ ᠵᠡᠷᠬᠡ ᠲᠠᠯ᠎ᠠ ᠪᠡᠷ ᠰᠠᠨᠠᠯ ᠨᠢᠭᠡᠳᠴᠡᠢ᠃ ᠲᠤᠰ ᠤᠳᠠᠭ᠎ᠠ ᠶ᠋ᠢᠨ ᠶᠠᠷᠢᠯᠴᠠᠬᠤ ᠬᠤᠷᠠᠯ ᠨᠢ ᠬᠣᠶᠠᠷ ᠲᠠᠯ᠎ᠠ ᠶ᠋ᠢᠨ ᠢᠷᠡᠭᠡᠳᠦᠢ ᠶ᠋ᠢᠨ ᠬᠠᠮᠲᠤᠷᠠᠯᠴᠠᠭ᠎ᠠ ᠳ᠋ᠦ ᠪᠠᠲᠤ ᠰᠠᠭᠤᠷᠢ ᠲᠠᠯᠪᠢᠵᠤ᠂ ᠴᠢᠳᠠᠪᠤᠷᠢᠲᠠᠨ ᠢ᠋ ᠬᠥᠮᠦᠵᠢᠭᠦᠯᠬᠦ᠌ ᠪᠠ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠠᠮᠲᠤᠷᠠᠯᠴᠠᠭ᠎ᠠ᠂ ᠲᠠᠪᠴᠠᠩ ᠤ᠋ᠨ ᠪᠠᠢᠭᠤᠯᠤᠯᠲᠠ ᠵᠡᠷᠭᠡ ᠲᠠᠯ᠎ᠠ ᠪᠠᠷ ᠪᠥᠬᠥ᠌ ᠲᠠᠯ᠎ᠠ ᠶ᠋ᠢᠨ᠂ ᠭᠦᠨ ᠳᠠᠪᠬᠤᠷᠭ᠎ᠠ ᠶ᠋ᠢᠨ ᠬᠠᠮᠲᠤᠷᠠᠯᠴᠠᠭ᠎ᠠ ᠥᠷᠨᠢᠭᠦᠯᠵᠦ᠍᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠠᠭᠤᠴᠢ ᠰᠤᠳᠤᠯᠤᠯ ᠤ᠋ᠨ ᠦᠶ᠋ᠯᠡᠰ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠡᠦᠬᠡ ᠶ᠋ᠢᠨ ᠱᠢᠨᠵᠢᠯᠡᠭᠡᠨ ᠤ᠋ ᠰᠠᠯᠠᠭ᠎ᠠ ᠶ᠋ᠢᠨ ᠬᠠᠮᠵᠢᠯᠴᠠᠨ ᠬᠥᠭ᠌ᠵᠢᠬᠦ᠌ ᠵᠠᠮ ᠢ᠋ ᠦᠷᠭᠡᠳᠬᠡᠭᠰᠠᠨ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号