3 ᠰᠠᠷ᠎ᠠ᠎ᠶᠢᠨ 23 ᠤ᠋ ᠡᠳᠦᠷ᠎ᠡᠴᠡ 25 ᠤ᠋ ᠡᠳᠦᠷ ᠪᠣᠯᠲᠠᠯ᠎ᠠ᠂ ᠪᠦᠬᠦ ᠣᠷᠣᠨ᠎ᠤ ᠰᠤᠷᠭᠠᠭᠤᠯᠢ᠎ᠶᠢᠨ ᠰᠢᠨ᠎ᠡ ᠴᠠᠭ ᠦᠶ᠎ᠡ᠎ᠶᠢᠨ ᠶᠣᠰᠣ᠌ ᠰᠤᠷᠲᠠᠬᠤᠨ᠎ᠵᠢᠡᠷ ᠬᠥᠮᠥᠨ᠎ᠢ ᠬᠥᠮᠥᠵᠢᠭᠦᠯᠬᠦ ᠢᠨᠵᠧᠨᠧᠷᠢᠩ᠎ᠦᠨ ᠪᠠᠢᠷᠢᠯᠠᠭᠤᠯᠤᠯᠲᠠ ᠪᠣᠯᠪᠠᠰᠤᠷᠠᠯ᠎ᠤᠨ ᠬᠤᠷᠠᠯ ᠵᠢᠴᠢ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠢ ᠨᠢᠭᠡ ᠴᠣᠭᠴᠠᠵᠢᠭᠤᠯᠬᠤ ᠪᠠᠢᠭᠤᠯᠤᠯᠲᠠ᠎ᠶᠢ ᠠᠬᠢᠭᠤᠯᠬᠤ ᠬᠤᠷᠠᠯ ᠬᠥᠬᠡᠬᠣᠲᠠ᠎ᠳᠤ ᠶᠠᠪᠤᠭᠳᠠᠪᠠ᠃
ᠰᠢᠨ᠎ᠡ ᠴᠠᠭ ᠦᠶ᠎ᠡ᠎ᠶᠢᠨ ᠶᠣᠰᠣ᠌ ᠰᠤᠷᠲᠠᠬᠤᠨ᠎ᠵᠢᠡᠷ ᠬᠥᠮᠥᠨ᠎ᠢ ᠬᠥᠮᠥᠵᠢᠭᠦᠯᠬᠦ ᠢᠨᠵᠧᠨᠧᠷᠢᠩ ᠪᠣᠯ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠤᠨ ᠪᠠᠢᠭᠤᠯᠤᠯᠲᠠ᠎ᠶᠢᠨ《ᠨᠢᠭᠡᠳᠦᠭᠡᠷ ᠢᠨᠵᠧᠨᠧᠷᠢᠩ》 ᠪᠣᠯᠣᠨ᠎ᠠ᠃ ᠬᠤᠷᠠᠯ᠎ᠠᠴᠠ ᠥᠪᠥᠷ ᠮᠣᠩᠭᠣᠯ᠎ᠤᠨ ᠰᠢᠨ᠎ᠡ ᠴᠠᠭ ᠦᠶ᠎ᠡ᠎ᠶᠢᠨ ᠶᠣᠰᠣ᠌ ᠰᠤᠷᠲᠠᠬᠤᠨ᠎ᠵᠢᠡᠷ ᠬᠥᠮᠥᠨ᠎ᠢ ᠬᠥᠮᠥᠵᠢᠭᠦᠯᠬᠦ ᠢᠨᠵᠧᠨᠧᠷᠢᠩ᠎ᠢ ᠴᠢᠨᠠᠷ ᠰᠠᠢᠲᠠᠢ ᠬᠡᠷᠡᠭᠵᠢᠭᠦᠯᠬᠦ ᠲᠤᠬᠠᠢ ᠪᠦᠬᠦ ᠲᠠᠯ᠎ᠠ᠎ᠶᠢᠨ ᠰᠢᠰᠲ᠋ᠧᠮ ᠲᠠᠢ ᠪᠠᠢᠷᠢᠯᠠᠭᠤᠯᠤᠯᠲᠠ ᠬᠢᠵᠦ᠂ ᠡᠯ᠎ᠡ ᠭᠠᠵᠠᠷ ᠣᠷᠣᠨ ᠡᠯ᠎ᠡ ᠰᠤᠷᠭᠠᠭᠤᠯᠢ᠎ᠶᠢᠨ ᠬᠢᠨ ᠶᠣᠰᠣ᠌ ᠰᠤᠷᠲᠠᠬᠤᠨ᠎ᠵᠢᠡᠷ ᠬᠥᠮᠥᠨ᠎ᠢ ᠬᠥᠮᠥᠵᠢᠭᠦᠯᠬᠦ᠎ᠪᠡᠷ ᠢᠮᠠᠭᠲᠠ ᠦᠨᠳᠦᠰᠦᠨ ᠡᠭᠦᠷᠭᠡ᠎ᠪᠡᠨ ᠪᠤᠯᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ᠎ᠪᠡᠷ ᠭᠣᠣᠯ ᠰᠢᠵᠢᠮ ᠪᠣᠯᠭᠠᠵᠤ᠂ ᠬᠢᠴᠢᠶᠡᠯ ᠳᠡᠬᠡᠷ᠎ᠡ ᠪᠠ ᠬᠢᠴᠢᠶᠡᠯ᠎ᠤᠨ ᠳᠠᠷᠠᠭ᠎ᠠ ᠵᠢ ᠨᠡᠪᠳᠡᠷᠡᠬᠦᠯᠬᠦ᠂ ᠰᠤᠷᠭᠠᠭᠤᠯᠢ᠎ᠶᠢᠨ ᠳᠤᠳᠤᠭᠠᠳᠤ ᠵᠢᠨ ᠪᠠ ᠰᠤᠷᠭᠠᠭᠤᠯᠢ᠎ᠶᠢᠨ ᠭᠠᠳᠠᠨᠠᠬᠢ᠎ᠶᠢ ᠬᠣᠯᠪᠣᠯᠳᠤᠭᠤᠯᠤᠨ ᠨᠠᠪᠲᠠᠷᠡᠭᠦᠯᠬᠦ᠂ ᠰᠦᠯᠵᠢᠶᠡᠨ ᠳᠡᠭᠡᠷ᠎ᠡ ᠪᠠ ᠠᠬᠤᠢ ᠳᠠᠯᠠᠪᠠᠢ ᠵᠢ ᠠᠭᠤᠰᠤᠯᠴᠠᠭᠤᠯᠤᠨ ᠨᠡᠪᠲᠡᠷᠡᠭᠦᠯᠬᠦ᠎ᠶᠢ ᠪᠠᠷᠢᠮᠲᠠᠯᠠᠵᠤ᠂ ᠨᠠᠮ᠎ᠤᠨ ᠪᠠᠢᠭᠤᠯᠤᠯᠲᠠ ᠪᠡᠷ ᠵᠠᠮᠴᠢ ᠪᠤᠯᠭᠠᠬᠤ ᠠᠵᠢᠯᠯᠠᠭ᠎ᠠ᠂ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠦᠨ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ᠂ ᠰᠤᠷᠭᠠᠨ ᠬᠥᠮᠦᠵᠢᠯ᠎ᠦᠨ ᠬᠣᠰᠢᠭᠤᠴᠢ ᠤᠷᠤᠨ᠎ᠤ ᠪᠠᠢᠭᠤᠯᠤᠯᠲᠠ᠎ᠵᠢᠨ ᠠᠵᠢᠯᠯᠠᠭ᠎ᠠ᠂ ᠦᠢᠯᠡᠳᠦᠯᠭᠡ᠎ᠪᠡᠷ ᠬᠥᠮᠥᠨ᠎ᠢ ᠬᠥᠮᠥᠵᠢᠭᠦᠯᠬᠦ ᠬᠢᠴᠢᠶᠡᠯ᠎ᠦᠨ ᠲᠠᠩᠬᠢᠮ᠎ᠢ ᠳᠡᠭᠡᠭᠰᠢᠯᠡᠭᠦᠯᠬᠦ ᠠᠵᠢᠯᠯᠠᠭ᠎ᠠ᠂ ᠰᠦᠯᠵᠢᠶ᠎ᠡ᠎ᠪᠡᠷ ᠬᠥᠮᠥᠨ᠎ᠢ ᠬᠥᠮᠥᠵᠢᠭᠦᠯᠬᠦ ᠰᠢᠨ᠎ᠡ ᠬᠢᠴᠢᠶᠡᠯ᠎ᠦᠨ ᠲᠠᠩᠬᠢᠮ᠎ᠢ ᠲᠠᠰ ᠳᠡᠪᠰᠢᠭᠦᠯᠬᠦ ᠠᠵᠢᠯᠯᠠᠭ᠎ᠠ᠂ ᠲᠠᠪᠤᠨ ᠬᠥᠮᠦᠵᠢᠯ᠎ᠢ ᠵᠡᠷᠭᠡ᠎ᠪᠡᠷ ᠠᠳᠬᠤᠬᠤ ᠵᠢ ᠴᠢᠬᠤᠯᠠᠴᠢᠯᠠᠨ ᠪᠥᠬᠥ ᠲᠠᠯ᠎ᠠ᠎ᠪᠡᠷ ᠬᠦᠭᠵᠢᠬᠦᠯᠬᠦ ᠠᠵᠢᠯᠯᠠᠭ᠎ᠠ᠂ ᠭᠡᠷ ᠪᠦᠯᠢ ᠰᠤᠷᠭᠠᠭᠤᠯᠢ ᠨᠡᠢᠭᠡᠮ ᠬᠠᠮᠲᠤᠷᠠᠯᠴᠠᠨ ᠬᠥᠮᠥᠨ᠎ᠢ ᠬᠥᠮᠥᠵᠢᠭᠦᠯᠬᠦ ᠠᠵᠢᠯᠯᠠᠭ᠎ᠠ᠂ ᠦᠵᠡᠯ ᠰᠠᠨᠠᠭ᠎ᠠ ᠤᠯᠤᠰ ᠲᠥᠷᠥ᠎ᠶᠢᠨ ᠡᠩᠨᠡᠭᠡ᠎ᠶᠢᠨ ᠮᠣᠷᠠᠯ ᠴᠢᠳᠠᠪᠤᠷᠢ᠎ᠶᠢ ᠵᠡᠷᠭᠡ᠎ᠪᠡᠷ ᠠᠬᠢᠭᠤᠯᠬᠤ ᠠᠵᠢᠯᠯᠠᠭᠠᠵᠡᠷᠬᠡ 《ᠨᠠᠢ᠍ᠮᠠᠨ ᠠᠵᠢᠯᠯᠠᠭ᠎ᠠ》 ᠵᠢ ᠰᠠᠢᠳᠤᠷ ᠭᠦᠨᠵᠡᠭᠡᠢᠷᠡᠭᠦᠯᠦᠨ ᠨᠠᠢᠳᠠᠪᠤᠷᠢᠵᠢᠭᠤᠯᠬᠤ ᠬᠡᠷᠡᠭᠳᠡᠢ᠃ ᠪᠠᠰᠠ ᠬᠠᠮᠢᠶᠠᠷᠤᠯᠲᠠ᠎ᠶᠢᠨ ᠪᠠᠢᠭᠤᠯᠤᠯ᠎ᠢ ᠨᠢᠭᠡ ᠴᠣᠭᠴᠠᠵᠢᠭᠤᠯᠬᠤ᠂ ᠬᠢᠴᠢᠶᠡᠯ ᠬᠥᠮᠦᠵᠢᠯ ᠰᠤᠳᠤᠯᠭᠠᠨ᠎ᠢ ᠨᠢᠭᠡ ᠴᠣᠭᠴᠠᠵᠢᠭᠤᠯᠬᠤ᠂ ᠦᠢᠯᠡᠳᠦᠯᠭᠡ᠎ᠶᠢᠨ ᠡᠬᠢ ᠪᠠᠶᠠᠯᠢᠭ᠋᠎ᠤᠨ ᠪᠠᠢᠭᠤᠯᠤᠯᠲᠠ᠎ᠶᠢ ᠨᠢᠭᠡ ᠴᠣᠭᠴᠠᠵᠢᠭᠤᠯᠬᠤ ᠪᠠ ᠡᠩᠨᠡᠭᠡ᠎ᠶᠢ ᠬᠥᠮᠥᠵᠢᠭᠦᠯᠬᠦ᠎ᠶᠢ ᠨᠢᠭᠡ ᠴᠣᠭᠴᠠᠵᠢᠭᠤᠯᠬᠤ᠎ᠶᠢ ᠠᠬᠢᠭᠤᠯᠬᠤ᠎ᠪᠠᠷ ᠳᠠᠮᠵᠢᠭᠤᠯᠤᠨ᠂ ᠰᠤᠷᠤᠯᠭ᠎ᠠ ᠵᠢᠨ ᠱᠠᠲᠤ᠎ᠶᠢ ᠵᠣᠯᠭᠠᠭᠤᠯᠤᠭᠰᠠᠨ᠂ ᠭᠤᠯᠳᠤ᠎ᠪᠠᠷ ᠨᠡᠪᠲᠡᠷᠡᠭᠰᠡᠨ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠢ ᠨᠢᠭᠡ ᠴᠣᠭᠴᠠᠵᠢᠭᠤᠯᠤᠨ ᠬᠥᠮᠥᠨ᠎ᠢ ᠬᠥᠮᠥᠵᠢᠭᠦᠯᠬᠦ ᠰᠢᠰᠲᠧᠮ᠎ᠢ ᠪᠠᠶ᠋ᠢᠭᠤᠯᠬᠤ ᠬᠡᠷᠡᠭᠲᠡᠢ ᠬᠡᠵᠦ ᠱᠠᠭᠠᠷᠳᠠᠪᠠ᠃
ᠬᠤᠷᠠᠯ ᠳᠡᠭᠡᠷ᠎ᠡ᠂ ᠠᠳᠠᠯᠢ ᠪᠤᠰᠤ ᠭᠠᠵᠠᠷ ᠣᠷᠣᠨ᠎ᠤ ᠠᠳᠠᠯᠢ ᠪᠤᠰᠤ ᠰᠤᠷᠤᠯᠭ᠎ᠠ᠎ᠶᠢᠨ ᠱᠠᠲᠤᠨ᠎ᠤ ᠰᠢᠯᠢᠳᠡᠭ ᠲᠥᠯᠥᠭᠡᠯᠡᠭᠴᠢᠳ 5 ᠵᠢᠱ᠌ᠢᠶ᠎ᠡ ᠦᠵᠡᠭᠦᠯᠬᠦ ᠬᠢᠴᠢᠶᠡᠯ᠎ᠢ ᠳᠡᠯᠭᠡᠨ ᠦᠵᠡᠭᠦᠯᠵᠦ᠂ 《ᠪᠠᠭ᠎ᠠ ᠬᠢᠴᠢᠶᠡᠯ᠎ᠦᠨ ᠲᠠᠩᠬᠢᠮ》 ᠵᠢᠡᠷ ᠥᠪᠥᠷ ᠮᠣᠩᠭᠣᠯ᠎ᠤᠨ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ᠎ᠢ ᠨᠢᠭᠡ ᠴᠣᠭᠴᠠᠵᠢᠭᠤᠯᠬᠤ ᠪᠠᠢᠭᠤᠯᠤᠯᠲᠠ᠎ᠶᠢᠨ ᠡᠯᠪᠡᠭ ᠪᠠᠶᠠᠯᠢᠭ᠋ ᠦᠷ᠎ᠡ ᠪᠦᠲᠦᠭᠡᠯ᠎ᠢ ᠲᠤᠰᠬᠠᠪᠠ᠃ ᠬᠤᠷᠠᠯ᠎ᠠᠴᠠ ᠪᠠᠰᠠ ᠶᠡᠬᠡ ᠳᠡᠭᠡᠳᠦ ᠰᠤᠷᠭᠠᠭᠤᠯᠢ ᠪᠣᠯᠣᠨ ᠠᠢᠮᠠᠭ ᠬᠤᠳᠠ᠎ᠶᠢᠨ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠦᠨ 200 ᠭᠠᠷᠤᠢ ᠲᠥᠯᠥᠭᠡᠯᠡᠭᠴᠢ᠎ᠶᠢ ᠵᠣᠬᠢᠶᠠᠨ ᠪᠠᠢᠭᠤᠯᠵᠤ᠂ ᠬᠡᠰᠡᠭ ᠶᠡᠬᠡ ᠳᠡᠭᠡᠳᠦ ᠰᠤᠷᠭᠠᠭᠤᠯᠢ ᠪᠣᠯᠣᠨ ᠬᠥᠬᠡᠬᠣᠲᠠ᠎ᠶᠢᠨ ᠳᠤᠮᠳᠠᠳᠤ ᠪᠠᠭ᠎ᠠ ᠰᠤᠷᠭᠠᠭᠤᠯᠢ᠎ᠶᠢᠨ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠢ ᠨᠢᠭᠡ ᠴᠣᠭᠴᠠᠵᠢᠭᠤᠯᠬᠤ ᠪᠠᠢᠭᠤᠯᠤᠯᠲᠠ᠎ᠶᠢ ᠥᠷᠨᠢᠭᠦᠯᠦᠭᠰᠡᠨ ᠦᠷ᠎ᠡ ᠪᠦᠲᠦᠭᠡᠯ᠎ᠢ ᠲᠣᠭᠣᠷᠢᠨ ᠦᠵᠡᠭᠦᠯᠵᠦ᠂ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠢ ᠨᠢᠭᠡ ᠴᠣᠭᠴᠠᠵᠢᠭᠤᠯᠬᠤ ᠪᠠᠢᠭᠤᠯᠤᠯᠲᠠ᠎ᠶᠢ ᠭᠦᠨᠵᠡᠭᠡᠢᠷᠡᠭᠦᠯᠬᠦ᠎ᠳᠦ ᠡᠷᠬᠢᠮ ᠨᠠᠨᠳᠢᠨ ᠲᠤᠷᠰᠢᠯᠭ᠎ᠠ ᠬᠠᠩᠭᠠᠵᠠᠢ᠃