ᠣᠷᠳᠣᠰ ᠬᠣᠲᠠ ᠵᠢᠨ ᠬᠢᠨ ᠳᠥᠷᠪᠡᠨᠲᠡ ᠨᠡᠢᠰᠯᠡᠯ ᠎ᠳᠤ ᠬᠦᠷᠴᠦ᠍ ᠴᠢᠳᠠᠪᠤᠷᠢᠲᠠᠨ ᠤᠷᠢᠪᠠ
2026-04-07 09:52:59
ᠵᠣᠬᠢᠶᠠᠭ᠍ᠴᠢ᠄
​ᠬᠤᠤ ᠱᠢᠤᠸᠠᠢ ᠯᠢᠶᠠᠨ ᠰᠶ᠋ᠸ᠋ ᠶᠤᠸᠠᠢ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 16 ᠎ᠡᠴᠠ 20 ᠤ᠋ ᠡᠳᠦᠷ ᠪᠣᠯᠲᠠᠯ᠎ᠠ᠂ ᠣᠷᠳᠣᠰ᠎ᠤᠨ  ᠴᠢᠳᠠᠪᠤᠷᠢᠲᠠᠨ ᠤᠷᠢᠬᠤ ᠠᠵᠢᠯᠯᠠᠭ᠎ᠠ ᠳᠠᠬᠢᠨᠲᠠ ᠪᠡᠭᠡᠵᠢᠩ᠎ᠳᠦ ᠶᠠᠪᠤᠬᠳᠠᠵᠤ᠂ ᠤᠷᠳᠤᠰ ᠬᠤᠳᠠ ᠵᠢᠨ ᠬᠢᠨ 4 ᠵᠢᠯ ᠳᠠᠷᠠᠭᠠᠯᠠᠨ ᠲᠡᠷᠢᠬᠦᠨ ᠤ᠋ ᠶᠡᠬᠡ ᠳᠡᠭᠡᠳᠦ ᠰᠤᠷᠭᠠᠭᠤᠯᠢ᠎ᠳᠤ ᠣᠷᠣᠵᠤ᠂ ᠱᠢᠯᠢᠳᠡᠭ ᠴᠢᠳᠠᠪᠤᠷᠢᠲᠠᠨ᠎ᠢ ᠤᠷᠢᠪᠠ᠃

ᠲᠣᠰ ᠤᠳᠠᠭᠠᠨ᠎ᠤ ᠠᠵᠢᠯᠯᠠᠭ᠎ᠠ᠎ᠳᠤ᠂ ᠣᠷᠳᠣᠰ ᠬᠣᠲᠠ᠎ᠶ᠋ᠢᠨ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ ᠡᠴᠡ ᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ᠂ ᠡᠪᠯᠡᠯ᠎ᠦᠨ ᠬᠣᠷᠢᠶ᠎ᠠ᠂ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠰᠣᠶᠣᠯ ᠵᠢᠭᠤᠯᠴᠢᠯᠠᠯ᠂ ᠬᠤᠳᠠᠯᠳᠤᠭᠠᠨ᠎ᠤ ᠶᠠᠪᠤᠳᠠᠯ ᠵᠡᠷᠭᠡ ᠰᠠᠯᠠᠭ᠎ᠠ ᠮᠥᠴᠢᠷ᠎ᠲᠡᠶ ᠬᠠᠮᠲᠤᠷᠠᠨ᠂ 77 ᠪᠠᠢᠭᠤᠯᠭ᠎ᠠ ᠨᠢᠭᠡᠴᠢ᠎ᠶ᠋ᠢᠨ 488 ᠴᠢᠨᠠᠷ ᠰᠠᠢᠲᠠᠶ ᠠᠵᠢᠯ᠎ᠤᠨ ᠪᠠᠢᠷᠢ᠎ᠶ᠋ᠢ ᠠᠪᠴᠤ᠂ ᠪᠡᠭᠡᠵᠢᠩ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠠᠭᠤᠷᠬᠠᠶ᠎ᠶ᠋ᠢᠨ ᠦᠢᠯᠡᠰ ᠤ᠋ᠨ ᠶᠡᠬᠡ ᠰᠤᠷᠭᠠᠭᠤᠯᠢ ᠵᠡᠷᠭᠡ 4  ᠰᠤᠷᠭᠠᠭᠤᠯᠢ᠎ᠳᠤ ᠬᠦᠷᠴᠦ᠍᠂ ᠴᠢᠳᠠᠪᠤᠷᠢᠲᠠᠨ᠎ᠢ ᠤᠷᠢᠬᠤ᠎ᠶ᠋ᠢᠨ ᠬᠠᠮᠲᠤ᠂ ᠠᠷᠠᠯᠵᠢᠶᠠᠨ ᠤᠷᠢᠵᠤ ᠪᠠᠯᠠ ᠮᠥᠩᠭᠥ᠌ ᠣᠷᠣᠭᠤᠯᠤᠨ ᠠᠪᠴᠢᠷᠠᠬᠤ᠂ ᠳᠤᠯᠠᠭᠠᠨ ᠬᠣᠲᠠ᠎ᠶ᠋ᠢᠨ ᠦᠨᠦᠷ ᠠᠮᠲᠠ ᠪᠠ ᠰᠣᠶᠣᠯ᠎ᠤᠨ ᠦᠵᠡᠭᠦᠯᠭᠡ᠎ᠶ᠋ᠢᠨ ᠲᠠᠨᠢᠯᠴᠠᠭᠤᠯᠭ᠎ᠠ᠎ᠶ᠋ᠢᠨ ᠠᠵᠢᠯᠯᠠᠭ᠎ᠠ᠎ᠶ᠋ᠢ ᠥᠷᠨᠢᠭᠦᠯᠵᠦ᠍᠂ ᠥᠷᠭᠡᠨ ᠣᠯᠠᠨ ᠴᠢᠳᠠᠪᠤᠷᠢᠲᠠᠨ᠎ᠳᠤ 《ᠳᠤᠯᠠᠭᠠᠨ ᠬᠣᠲᠠ》 ᠳ᠋ᠤ ᠣᠴᠢᠵᠤ᠂ ᠬᠥᠭ᠌ᠵᠢᠯᠲᠡ᠎ᠶ᠋ᠢ ᠬᠠᠮᠲᠤ᠎ᠪᠠᠷ ᠠᠬᠢᠭᠤᠯᠬᠤ 《ᠲᠤᠯᠠᠭᠠᠨ ᠬᠤᠳᠠ ᠵᠢᠨ ᠤᠷᠢᠯᠭ᠎ᠠ》 ᠲᠠᠯᠪᠢᠪᠠ᠃

ᠣᠷᠳᠣᠰ ᠬᠤᠳᠠ ᠵᠢᠨ ᠴᠢᠳᠠᠪᠤᠷᠢᠲᠠᠨ ᠤᠷᠢᠵᠤ ᠣᠶᠤᠨ ᠤᠬᠠᠭᠠᠨ᠎ᠢ ᠲᠦᠪᠯᠡᠷᠡᠬᠦᠯᠬᠦ ᠴᠢᠬᠤᠯᠠ ᠲᠦᠷᠦᠯ ᠲᠡᠮᠳᠡᠭ ᠪᠣᠯᠤᠭ᠍ᠰᠠᠨ᠎ᠤ ᠬᠤᠪᠢ᠎ᠳᠤ᠂ 《ᠳᠤᠯᠠᠭᠠᠨ ᠬᠣᠲᠠ᠎ᠶ᠋ᠢᠨ ᠤᠷᠢᠯᠭ᠎ᠠ》ᠨᠢ ᠨᠢᠭᠡᠨᠲᠡ ᠣᠷᠳᠣᠰ ᠬᠢᠭᠡᠳ ᠪᠥᠬᠥ᠌ ᠤᠯᠤᠰ᠎ᠤᠨ ᠶᠡᠬᠡ ᠳᠡᠭᠡᠳᠦ ᠰᠤᠷᠭᠠᠭᠤᠯᠢ᠎ᠶ᠋ᠢᠨ ᠬᠤᠭᠤᠷᠤᠨᠳᠤᠬᠢ ᠴᠢᠬᠤᠯᠠ ᠬᠣᠯᠪᠣᠭᠠᠰᠤ ᠪᠣᠯᠵᠣ᠂ ᠡᠷᠳᠡᠮᠲᠡᠨ ᠴᠢᠳᠠᠪᠤᠷᠢᠲᠠᠨ᠎ᠢ ᠥᠷᠭᠡᠨ᠎ᠢᠶᠡᠷ ᠤᠷᠢᠵᠤ᠂ ᠬᠥᠭ᠌ᠵᠢᠯᠲᠡ᠎ᠳᠦ ᠬᠦᠴᠦᠨ ᠴᠢᠳᠠᠯ ᠨᠡᠮᠡᠷᠢᠯᠡᠬᠦ᠌ ᠴᠢᠬᠤᠯᠠ ᠲᠠᠪᠴᠠᠩ ᠪᠣᠯᠤᠭ᠍ᠰᠠᠨ ᠪᠠᠢᠨ᠎ᠠ᠃

ᠪᠡᠭᠡᠵᠢᠩ ᠶᠡᠬᠡ ᠰᠤᠷᠭᠠᠭᠤᠯᠢ᠎ᠳᠤ᠂ ᠤᠷᠳᠤᠰ ᠬᠤᠳᠠ᠎ᠶ᠋ᠢᠨ ᠵᠠᠰᠠᠭ᠎ᠤᠨ ᠣᠷᠳᠣᠨ ᠰᠤᠷᠭᠠᠭᠤᠯᠢ ᠪᠣᠯᠤᠨ ᠣᠷᠣᠨ ᠨᠤᠲᠤᠭ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌᠂ ᠴᠢᠳᠠᠪᠤᠷᠢᠲᠠᠨ᠎ᠤ ᠰᠣᠯᠢᠯᠴᠠᠭ᠎ᠠ᠎ᠶ᠋ᠢ ᠠᠬᠢᠭᠤᠯᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠣᠨᠳᠣᠣᠱᠢᠭᠤᠯᠬᠤ᠎ᠶ᠋ᠢ ᠠᠬᠢᠭᠤᠯᠬᠤ ᠵᠡᠷᠭᠡ ᠶᠠᠪᠤᠳᠠᠯ᠎ᠤᠨ ᠲᠤᠬᠠᠢ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠤᠬᠠᠭᠤᠯᠤᠨ ᠲᠠᠨᠢᠯᠴᠠᠭᠤᠯᠬᠤ ᠬᠤᠷᠠᠯ᠎ᠤᠨ ᠠᠬᠤᠢ ᠲᠠᠯᠠᠪᠠᠢ᠎ᠳᠤ᠂ ᠪᠡᠭᠡᠵᠢᠩ ᠶᠡᠬᠡ ᠰᠤᠷᠭᠠᠭᠤᠯᠢ᠎ᠶ᠋ᠢᠨ 2 ᠱᠢᠯᠢᠳᠡᠭ ᠣᠶᠤᠲᠠᠨ《ᠳᠤᠯᠠᠭᠠᠨ ᠬᠤᠳᠠ᠎ᠶ᠋ᠢᠨ ᠴᠢᠳᠠᠪᠤᠷᠢᠲᠠᠨ ᠤᠷᠢᠬᠤ ᠡᠯᠴᠢ》 ᠪᠡᠷ ᠰᠣᠩᠭᠣᠭ᠍ᠳᠠᠪᠠ᠃ 2023 ᠣᠨ᠎ᠠᠴᠠ ᠨᠠᠭᠠᠰᠢ᠂ ᠣᠷᠳᠣᠰ ᠬᠣᠲᠠ ᠨᠢᠭᠡᠨᠲᠡ ᠪᠥᠬᠥ᠌ ᠤᠯᠤᠰ᠎ᠤᠨ ᠶᠡᠬᠡ ᠳᠡᠭᠡᠳᠦ ᠰᠤᠷᠭᠠᠭᠤᠯᠢ᠎ᠳᠤ 18 ᠴᠢᠳᠠᠪᠤᠷᠢᠲᠠᠨ ᠤᠷᠢᠬᠤ ᠡᠯᠴᠢ ᠵᠢ ᠰᠣᠩᠭᠣᠨ ᠤᠷᠢᠵᠤ᠂ 《ᠴᠢᠳᠠᠪᠤᠷᠢᠲᠠᠨ᠎ᠢᠶᠠᠷ ᠴᠢᠳᠠᠪᠤᠷᠢᠲᠠᠨ ᠢ᠋ ᠤᠷᠢᠬᠤ》 ᠠᠮᠵᠢᠯᠲᠠ᠎ᠲᠠᠶ ᠦᠶ᠋ᠯᠡᠳᠦᠯᠭᠡ ᠵᠢ ᠡᠬᠦᠳᠴᠡᠢ᠃ 《ᠬᠠᠯᠠᠭᠤᠨ ᠰᠡᠳᠭᠢᠯᠭᠡ᠎ᠪᠡᠷ ᠴᠢᠳᠠᠪᠤᠷᠢᠲᠠᠨ᠎ᠢ ᠲᠠᠲᠠᠬᠤ》 ᠶ᠋ᠢ ᠠᠬᠢᠭᠤᠯᠬᠤ᠎ᠶ᠋ᠢᠨ ᠲᠥᠯᠥᠭᠡ᠂ ᠲᠣᠰ ᠤᠳᠠᠭᠠᠨ᠎ᠤ ᠠᠵᠢᠯᠯᠠᠭ᠎ᠠ᠎ᠳᠤ ᠪᠠᠰᠠ ᠣᠷᠳᠣᠰ ᠨᠤᠲᠤᠭᠲᠠᠶ ᠪᠡᠭᠡᠵᠢᠩ ᠳ᠋ᠤ ᠪᠠᠢᠭ᠎ᠠ ᠶᠡᠬᠡ ᠳᠡᠭᠡᠳᠦ ᠰᠤᠷᠭᠠᠭᠤᠯᠢ᠎ᠶ᠋ᠢᠨ ᠰᠤᠷᠤᠭ᠍ᠴᠢᠳ᠎ᠤᠨ ᠶᠠᠷᠢᠯᠴᠠᠬᠤ ᠬᠤᠷᠠᠯ᠎ᠢ ᠡᠷᠭᠢᠯᠡᠵᠦ᠍᠂ ᠰᠤᠷᠤᠭ᠍ᠴᠢᠳ᠎ᠤᠨ ᠰᠡᠳᠭᠢᠯ᠎ᠦᠨ ᠲᠠᠭᠤᠨ᠎ᠢ ᠰᠣᠨᠣᠰᠴᠤ᠌᠂ ᠨᠤᠲᠤᠭ ᠤᠰᠤᠨ᠎ᠤ᠎ᠪᠠᠨ ᠬᠥᠭ᠌ᠵᠢᠯᠲᠡ᠎ᠶ᠋ᠢ ᠬᠠᠮᠲᠤ᠎ᠪᠠᠷ ᠶᠠᠷᠢᠯᠴᠠᠪᠠ᠃

ᠬᠤᠷᠠᠯ᠎ᠤᠨ ᠲᠠᠯᠠᠪᠠᠶ ᠵᠢᠨ ᠬᠠᠵᠠᠭᠤ ᠳ᠋ᠤ᠂ 《ᠳᠤᠯᠠᠭᠠᠨ ᠬᠣᠲᠠ》 ᠵᠢᠨ ᠰᠣᠶᠣᠯ᠎ᠤᠨ ᠥᠪᠡᠷᠮᠢᠴᠡ ᠣᠨᠴᠠᠯᠢᠭ᠎ᠲᠠᠶ ᠦᠵᠡᠭᠦᠯᠭᠡ ᠵᠡᠷᠭᠡ ᠪᠡᠷ ᠶᠠᠪᠤᠭ᠍ᠳᠠᠵᠤ᠂ ᠤᠶᠠᠡᠭᠭᠠᠳᠤ ᠰᠠᠢᠬᠠᠨ ᠠᠷᠠᠳ᠎ᠤᠨ ᠳᠠᠭᠤᠤ᠂ ᠠᠩᠬᠢᠯᠤᠮ᠎ᠠ ᠦᠨᠦᠷ ᠲᠠᠢ ᠴᠠᠭᠠᠨ ᠢᠳᠡᠭᠡᠨ᠎ᠨᠢ ᠦᠶ ᠣᠯᠠᠨ ᠰᠤᠷᠤᠭ᠍ᠴᠢᠳ᠎ᠤᠨ ᠠᠡᠭᠬᠠᠷᠤᠯ ᠢ᠋ ᠲᠠᠳᠠᠵᠤ᠂ ᠨᠠᠢᠷ ᠨᠠᠷᠭᠢᠶᠠᠨ᠎ᠤ ᠳᠤᠮᠳᠠ 《ᠳᠤᠯᠠᠭᠠᠨ ᠬᠣᠲᠠ》 ᠶ᠋ᠢᠨ ᠴᠢᠳᠠᠪᠤᠷᠢᠲᠠᠨ᠎ᠤ ᠲᠥᠷᠥ᠎ᠶ᠋ᠢᠨ ᠪᠣᠳᠣᠯᠭ᠎ᠠ ᠪᠠ ᠬᠥᠮᠦᠨ ᠨᠡᠢᠭᠡᠮ᠎ᠦᠨ ᠪᠠᠢᠳᠠᠯ᠎ᠢ ᠣᠢᠯᠠᠭᠠᠭᠤᠯᠪᠠ᠃

ᠳᠤᠮᠳᠠᠳᠤ ᠤᠯᠤᠰ᠎ᠤᠨ ᠠᠭᠤᠷᠬᠠᠶ᠎ᠶ᠋ᠢᠨ ᠦᠶ᠋ᠯᠡᠰ᠎ᠦᠨ ᠶᠡᠬᠡ ᠰᠤᠷᠭᠠᠭᠤᠯᠢ (ᠪᠡᠭᠡᠵᠢᠩ) ᠎ᠶ᠋ᠢᠨ ᠲᠤᠰᠭᠠᠶ ᠲᠠᠯᠠᠪᠠᠶ᠎ᠳᠤ᠂ ᠣᠷᠳᠣᠰ ᠬᠣᠲᠠ᠎ᠶ᠋ᠢᠨ 2026 ᠣᠨ᠎ᠤ ᠨᠢᠭᠡᠳᠦᠭᠡᠷ ᠪᠦᠯᠦᠭ᠎ᠤᠨ ᠴᠢᠳᠠᠪᠤᠷᠢᠲᠠᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢᠨ ᠭᠠᠷᠴᠠᠭ᠎ᠢ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ ᠳ᠋ᠤ ᠵᠡᠷᠭᠡ᠎ᠪᠡᠷ ᠨᠡᠢᠲᠡᠯᠡᠵᠦ᠍᠂ ᠡᠨᠧᠷᠭᠢ᠂ ᠬᠢᠮᠢ᠎ᠶ᠋ᠢᠨ ᠠᠵᠤ ᠦᠶ᠋ᠯᠡᠳᠪᠦᠷᠢ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠶ᠋ᠢ ᠬᠠᠮᠤᠷᠤᠭ᠍ᠰᠠᠨ 781 ᠴᠢᠨᠠᠷ ᠰᠠᠢᠲᠠᠶ ᠠᠵᠢᠯ᠎ᠤᠨ ᠪᠠᠢᠷᠢ᠎ᠶ᠋ᠢ ᠨᠡᠢᠲᠡᠯᠡᠵᠦ᠍᠂ ᠰᠦᠯᠵᠢᠶᠡᠨ ᠳᠡᠭᠡᠷ᠎ᠡ 1.5 ᠲᠦᠮᠡ  ᠭᠠᠷᠤᠢ ᠬᠥᠮᠦᠨ᠎ᠦ ᠠᠩᠬᠠᠷᠤᠯ᠎ᠢ ᠲᠠᠲᠠᠵᠤ᠂ ᠠᠬᠤᠢ ᠲᠠᠯᠠᠪᠠᠢ ᠳ᠋ᠤ ᠨᠢᠬᠳᠠ ᠰᠣᠯᠢᠯᠴᠠᠭ᠎ᠠ ᠬᠢᠵᠡᠢ᠃

ᠪᠡᠭᠡᠵᠢᠩ᠎ᠦᠨ ᠪᠠᠭ᠍ᠰᠢ᠎ᠶ᠋ᠢᠨ ᠶᠡᠬᠡ ᠰᠤᠷᠭᠠᠭᠤᠯᠢ᠎ᠳᠤ ᠶᠠᠪᠤᠭ᠍ᠳᠠᠭ᠍ᠰᠠᠨ 《ᠰᠤᠷᠭᠠᠨ ᠬᠥᠮᠦᠵᠢᠯ᠎ᠦᠨ ᠬᠦᠷᠢᠶ᠎ᠠ ᠴᠠᠷᠠᠭᠠᠨ ᠤ᠋ ᠲᠤᠰᠭᠠᠶ ᠲᠠᠯᠠᠪᠠᠢ ᠠᠵᠢᠯᠲᠠᠨ ᠤᠷᠢᠨ ᠡᠯᠰᠡᠬᠦ᠌》 ᠠᠵᠢᠯᠯᠠᠭ᠎ᠠ᠎ᠳ᠋ᠤ᠂ ᠬᠣᠲᠠ ᠬᠣᠱᠢᠭᠤ ᠬᠣᠶᠠᠷ ᠱᠠᠲᠤᠨ᠎ᠤ᠋ ᠰᠤᠷᠭᠠᠭᠤᠯᠢ ᠵᠢᠨ ᠬᠢᠨ 102 ᠪᠠᠭ᠍ᠰᠢ᠎ᠶ᠋ᠢᠨ ᠠᠵᠢᠯ᠎ᠤᠨ ᠪᠠᠢᠷᠢ᠎ᠬᠠᠩᠭᠠᠪᠠ᠃

ᠲᠣᠰ ᠤᠳᠠᠭᠠᠨ᠎ᠤ《ᠳᠤᠯᠠᠭᠠᠨ ᠬᠣᠲᠠ᠎ᠶ᠋ᠢᠨ ᠤᠷᠢᠯᠭ᠎ᠠ》 ᠪᠡᠭᠡᠵᠢᠩ᠎ᠦᠨ ᠡᠯ᠎ᠡ ᠬᠠᠮᠢᠶ᠎ᠠ ᠪᠥᠬᠥᠶ ᠶᠡᠬᠡ ᠳᠡᠭᠡᠳᠦ ᠰᠤᠷᠭᠠᠭᠤᠯᠢ᠎ᠶ᠋ᠢᠨ ᠳᠡᠮᠵᠢᠯᠭᠡ᠎ᠶ᠋ᠢ ᠣᠯᠵᠤ᠂ ᠠᠵᠢᠯᠲᠠᠨ ᠤᠷᠢᠨ ᠡᠯᠰᠡᠬᠦ᠌ ᠨᠢᠭᠡᠴᠢ᠎ᠶ᠋ᠢᠨ ᠬᠠᠯᠠᠭᠤᠨ ᠬᠦᠷᠢᠶᠡᠯᠡᠯ᠎ᠢ ᠣᠯᠵᠤ᠂ 1085 ᠬᠥᠮᠦᠨ ᠴᠢᠳᠠᠪᠤᠷᠢᠲᠠᠨ ᠢ᠋ ᠤᠷᠢᠬᠤ ᠰᠠᠨᠠᠮᠵᠢ ᠳ᠋ᠤ ᠭᠠᠷ᠎ᠤᠨ ᠦᠰᠦᠭ ᠵᠢᠷᠤᠵᠤ᠂ ᠦᠷ᠎ᠡ ᠨᠥᠯᠥᠭᠡ᠎ᠵᠢ ᠥᠷᠭᠡᠳᠭᠡᠬᠦ᠂ ᠲᠠᠪᠴᠠᠩ ᠪᠠᠢᠭᠤᠯᠬᠤ᠂ ᠴᠢᠳᠠᠪᠤᠷᠢᠲᠠᠨ ᠤᠷᠢᠵᠤ ᠣᠶᠤᠨ ᠤᠬᠠᠭᠠᠨ᠎ᠢ ᠣᠷᠣᠭᠤᠯᠤᠨ ᠠᠪᠴᠢᠷᠠᠬᠤ᠂ ᠠᠵᠤ ᠠᠬᠤᠢᠯᠠᠯ᠎ᠳᠤ ᠦᠶ᠋ᠯᠡᠴᠢᠯᠡᠬᠦ᠌ ᠵᠢᠱ᠌ᠢᠭ᠌ᠰᠡᠨ ᠦᠷ᠎ᠡ ᠪᠦᠲᠦᠮᠵᠢ ᠵᠢ ᠤᠯᠪᠠ᠃ ᠠᠵᠢᠯᠯᠠᠭ᠎ᠠ᠎ᠶ᠋ᠢᠨ ᠬᠤᠭᠤᠴᠠᠭᠠᠨ᠎ᠳᠤ᠂ ᠣᠷᠳᠣᠰ ᠬᠣᠲᠠ᠎ᠶ᠋ᠢᠨ ᠡᠪᠯᠡᠯ᠎ᠦᠨ ᠬᠣᠷᠢᠶ᠎ᠠ  ᠪᠡᠭᠡᠵᠢᠩ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠲᠠᠶ ᠰᠤᠷᠤᠭ᠍ᠴᠢᠳ᠎ᠤᠨ ᠳᠠᠳᠤᠯᠭ᠎ᠠ ᠦᠶ᠋ᠯᠡᠳᠦᠯᠭᠡ᠎ᠶ᠋ᠢᠨ ᠬᠠᠮᠲᠤᠷᠠᠯᠴᠠᠭᠠᠨ᠎ᠤ ᠰᠠᠨᠠᠮᠵᠢ ᠵᠢᠨ ᠪᠢᠴᠢᠭ ᠲᠸ᠋  ᠭᠠᠷ᠎ᠤᠨ ᠦᠰᠦᠭ ᠵᠢᠷᠤᠵᠤ᠂ ᠣᠷᠳᠣᠰ ᠬᠣᠲᠠ᠎ᠶ᠋ᠢᠨ ᠲᠥᠪ ᠡᠮᠨᠡᠯᠭᠡ᠎ᠶ᠋ᠢᠨ ᠬᠣᠷᠢᠶ᠎ᠠ ᠵᠢᠨ ᠬᠢᠨ ᠪᠡᠭᠡᠵᠢᠩ ᠶᠡᠬᠡ ᠰᠤᠷᠭᠠᠭᠤᠯᠢ᠎ᠶ᠋ᠢᠨ 1 ᠳ᠋ᠣᠺᠲ᠋ᠣᠷ᠎ᠯᠤᠭ᠎ᠠ ᠤᠷᠢᠳᠴᠢᠯᠠᠨ ᠤᠷᠢᠵᠤ ᠠᠪᠴᠢᠷᠠᠬᠤ ᠵᠥᠪᠯᠡᠯᠴᠡᠭᠡᠷ ᠲᠣᠭ᠍ᠲᠠᠵᠤ᠂ ᠣᠷᠳᠣᠰ ᠬᠣᠲᠠ᠎ᠶ᠋ᠢᠨ ᠬᠣᠶᠠᠳᠤᠭᠠᠷ ᠡᠮᠨᠡᠯᠭᠡ᠎ᠶ᠋ᠢᠨ ᠬᠣᠷᠢᠶ᠎ᠠ ᠵᠢᠨ ᠬᠢᠨ ᠳᠤᠮᠳᠠᠳᠤ ᠶᠠᠫᠣᠨ᠎ᠤ ᠨᠥᠬᠥᠷᠯᠡᠯ᠎ᠦᠨ ᠡᠮᠨᠡᠯᠭᠡ᠎ᠶ᠋ᠢᠨ ᠬᠣᠷᠢᠶ᠎ᠠ ᠵᠢᠨ ᠶᠠᠩ ᠰᠥᠩ ᠫᠷᠤᠹᠸᠰᠰᠤᠷ᠎ᠤᠨ ᠡᠯᠢᠭᠡᠨ ᠡᠪᠡᠳᠴᠢᠨ᠎ᠦ ᠪᠦᠯᠬᠦᠮ᠎ᠲᠡᠶ ᠬᠠᠮᠲᠤᠷᠠᠯᠴᠠᠭᠠᠨ᠎ᠤ ᠵᠥᠪᠯᠡᠯᠴᠡᠭᠡᠷ ᠲᠣᠭ᠍ᠲᠠᠵᠤ᠂《ᠳᠤᠯᠠᠭᠠᠨ ᠬᠣᠲᠠ》 ᠵᠢᠨ ᠡᠮ ᠡᠮᠨᠡᠯᠭᠡ᠎ᠶ᠋ᠢᠨ ᠦᠶ᠋ᠯᠡᠰ᠎ᠲᠦ ᠱᠢᠨ᠎ᠡ ᠬᠦᠴᠦᠨ ᠨᠡᠮᠡᠷᠢᠯᠡᠪᠡ᠃

ᠣᠢᠷ᠎ᠠ᠎ᠶ᠋ᠢᠨ ᠵᠢᠯ᠎ᠤᠨ᠎ᠲᠤᠷᠰᠢ᠂ ᠣᠷᠳᠣᠰ ᠬᠣᠲᠠ《ᠴᠢᠳᠠᠪᠤᠷᠢᠲᠠᠨ᠎ᠤ ᠣᠷᠳᠣᠰ》᠎ᠤ᠋ᠨ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂《ᠴᠢᠳᠠᠪᠤᠷᠢᠲᠠᠨ᠎ᠳ᠋ᠤ ᠨᠥᠬᠥᠷᠰᠡᠭ ᠬᠡᠯᠪᠡᠷᠢ ᠎ᠶ᠋ᠢᠨ ᠬᠣᠲᠠ》 ᠶ᠋ᠢ ᠴᠢᠨᠠᠷ ᠰᠠᠢᠲᠠᠶ ᠪᠥᠲᠥᠭᠡᠨ ᠪᠠᠢᠭᠤᠯᠵᠤ᠂ ᠴᠢᠳᠠᠪᠤᠷᠢᠲᠠᠨ ᠎ᠢ᠋ 《ᠲᠠᠳᠠᠨ ᠤᠷᠤᠭᠤᠯᠬᠤ ᠬᠦᠮᠦᠵᠢᠭᠦᠯᠦᠨ ᠪᠣᠢᠵᠢᠭᠤᠯᠬᠤ ᠦᠯᠡᠳᠡᠭᠡᠨ ᠬᠡᠷᠡᠭ᠌ᠯᠡᠬᠦ᠌》 ᠡᠷᠴᠢᠮ᠎ᠢ ᠦᠷᠭᠦᠯᠵᠢᠯᠡᠨ ᠴᠢᠩᠭᠠᠷᠠᠭᠤᠯᠪᠠ᠃ ᠣᠳᠣᠬᠠᠨ᠎ᠳᠤ᠂ ᠪᠦᠬᠦ᠌ ᠬᠣᠲᠠ᠎ᠳᠤ 《ᠬᠣᠶᠠᠷ ᠬᠦᠷᠢᠶᠡᠯᠡᠩ》 ᠤ᠋ᠨ ᠠᠺᠠᠳᠧᠮᠢᠴᠢ ᠵᠢ  5᠂ ᠣᠯᠠᠨ ᠤᠯᠤᠰ ᠤ᠋ᠨ ᠠᠺᠠᠳᠧᠮᠢᠴᠢ ᠎ᠶ᠋ᠢ 2  ᠤᠷᠢᠨ ᠠᠪᠴᠢᠷᠠᠵᠤ᠂ ᠠᠺᠠᠳᠧᠮᠢᠴᠢ ᠲᠤᠰᠭᠠᠢ ᠮᠡᠷᠭᠡᠵᠢᠯᠲᠡᠨ᠎ᠦ ᠠᠵᠢᠯᠯᠠᠬᠤ ᠥᠷᠲᠡᠭᠡ ᠵᠢ 13᠂ ᠫᠤᠰᠲ ᠳ᠋ᠣᠺᠲ᠋ᠣᠷ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠯᠠᠬᠤ ᠥᠷᠲᠡᠭᠡ ᠵᠢ 13᠂ ᠤᠯᠤᠰ ᠤ᠋ᠨ ᠲᠡᠰ᠎ᠤᠨ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ᠎ᠢ 1᠂ ᠤᠯᠤᠰ ᠤ᠋ᠨ ᠲᠡᠰ᠎ᠤᠨ ᠮᠠᠰᠲ᠋ᠧᠷ᠎ᠦᠨ ᠠᠵᠢᠯᠯᠠᠬᠤ ᠦᠷᠦᠬᠡ ᠵᠢ 10  ᠪᠠᠢᠭᠤᠯᠪᠠ᠃ ᠣᠢᠷ᠎ᠠ᠎ᠶ᠋ᠢᠨ 3 ᠵᠢᠯ᠎ᠳᠦ᠂ ᠠᠰᠫᠢᠷᠠᠨᠲ ᠳ᠋ᠣᠺᠲ᠋ᠣᠷᠠᠨᠲ ᠵᠢᠴᠢ ᠭᠤᠤᠯᠳᠠᠯᠭ᠎ᠠ᠎ᠲᠠᠶ ᠶᠡᠬᠡ ᠳᠡᠭᠡᠳᠦ ᠰᠤᠷᠭᠠᠭᠤᠯᠢ᠎ᠶ᠋ᠢᠨ ᠵᠢᠩᠬᠢᠨᠢ ᠠᠩᠭᠢ᠎ᠶ᠋ᠢᠨ ᠰᠣᠷᠣᠭ᠍ᠴᠢ ᠵᠡᠷᠭᠡ ᠪᠠᠴᠢᠮ ᠱᠠᠭᠠᠷᠳᠠᠭ᠍ᠳᠠᠵᠤ ᠪᠠᠢᠭ᠎ᠠ ᠴᠢᠳᠠᠪᠤᠷᠢᠲᠠᠨ᠎ᠢ 1 ᠲᠦᠮᠡ ᠱᠢᠬᠠᠮ ᠪᠣᠯᠵᠣ᠂ 《ᠳᠤᠯᠠᠭᠠᠨ ᠬᠣᠲᠠ᠎ᠶ᠋ᠢᠨ ᠤᠷᠢᠯᠭ᠎ᠠ》 ᠨᠢ ᠣᠲᠣ ᠶᠠᠭ ᠭᠠᠬᠴᠠ ᠴᠢᠳᠠᠪᠤᠷᠢᠲᠠᠨ ᠣᠷᠣᠭᠤᠯᠤᠨ ᠠᠪᠴᠢᠷᠠᠵᠤ ᠪᠠᠢᠭ᠍ᠰᠠᠨ᠎ᠠᠴᠠ᠎ᠪᠠᠨ ᠣᠯᠠᠨ ᠡᠰᠢᠴᠢᠯᠡᠭᠰᠡᠨ ᠤᠬᠠᠭᠤᠯᠭ᠎ᠠ ᠲᠠᠨᠢᠯᠴᠠᠭᠤᠯᠭ᠎ᠠ ᠪᠣᠯᠵᠣ᠂ ᠣᠷᠳᠣᠰ ᠬᠢᠭᠡᠳ ᠨᠡᠢᠰᠯᠡᠯ᠎ᠦᠨ ᠶᠡᠬᠡ ᠳᠡᠭᠡᠳᠦ ᠰᠤᠷᠭᠠᠭᠤᠯᠢ ᠵᠢᠨ ᠬᠢᠨ ᠨᠠᠩ ᠭᠦᠨ ᠲᠠᠰ ᠳᠠᠪᠬᠤᠷᠭ᠎ᠠ᠂ ᠨᠠᠩ ᠥᠷᠭᠡᠨ ᠬᠦᠷᠢᠶ᠎ᠡ ᠴᠠᠷᠠᠭᠠᠨ᠎ᠤ ᠠᠭᠤᠰᠤᠯᠴᠠᠯ ᠬᠦᠭᠵᠢᠯ᠎ᠢ ᠠᠬᠢᠭᠤᠯᠵᠤ ᠪᠠᠢᠨ᠎ᠠ᠃

ᠲᠣᠰ ᠤᠳᠠᠭᠠᠨ᠎ᠤ ᠪᠡᠭᠡᠵᠢᠩ᠎ᠤᠨ ᠶᠡᠭᠡ ᠲᠡᠭᠡᠳᠦ ᠰᠤᠷᠭᠠᠭᠤᠯᠢ  ᠳ᠋ᠤ ᠲᠠᠯᠪᠢᠭᠰᠠᠨ 《ᠲᠤᠯᠠᠭᠠᠨ ᠬᠣᠲᠠ ᠵᠢᠨ ᠤᠷᠢᠯᠭ᠎ᠠ》 ᠨᠢ ᠣᠷᠳᠣᠰ ᠬᠣᠲᠠ᠎ᠶ᠋ᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ《1571》ᠠᠵᠢᠯ᠎ᠤᠨ ᠪᠠᠢᠷᠢᠯᠠᠭᠤᠯᠤᠯᠲᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠪᠣᠯᠬᠤ ᠪᠥᠭᠡᠳ ᠪᠠᠰᠠ ᠴᠤ᠌《ᠵᠢᠷᠭᠤᠭᠠᠨ ᠵᠤᠢᠯ ᠤ᠋ᠨ ᠳᠤᠯᠠᠭᠠᠨ ᠬᠣᠲᠠ》ᠶ᠋ᠢ ᠪᠥᠲᠥᠭᠡᠨ ᠪᠠᠢᠭᠤᠯᠬᠤ ᠠᠮᠢᠳᠤᠯᠢᠭ ᠦᠶ᠋ᠯᠡᠳᠦᠯᠭᠡ ᠪᠣᠯᠤᠨ᠎ᠠ᠃ ᠢᠷᠡᠭᠡᠳᠦᠢ᠎ᠳᠦ᠂ ᠨᠡᠩ ᠤᠯᠠᠨ ᠱᠢᠯᠢᠳᠡᠭ ᠴᠢᠳᠠᠪᠤᠷᠢᠲᠠᠨ ᠤᠷᠳᠤᠰ᠎ᠢ ᠰᠣᠩᠭᠣᠨ ᠤᠷᠳᠤᠰ᠎ᠲᠤ ᠦᠨᠳᠦᠰᠦᠯᠡᠵᠦ᠍᠂ ᠡᠨᠡ ᠬᠦ᠌ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ 《ᠳᠤᠯᠠᠭᠠᠨ ᠬᠤᠳᠠ》 ᠵᠢᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠬᠠᠮᠲᠤ ᠪᠠᠷ ᠪᠢᠴᠢᠭ᠌ᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号