ᠰᠤᠷᠤᠯᠴᠠᠵᠤ ᠰᠡᠳᠭᠢᠵᠦ᠍ ᠦᠶ᠋ᠯᠡᠳᠦᠯᠭᠡᠵᠢᠭᠦᠯᠵᠤ ᠤᠬᠠᠵᠤ ᠴᠢᠭ᠌ᠯᠡᠯ᠎ᠢ ᠲᠤᠳᠤᠷᠬᠠᠢᠯᠠᠨ ᠦᠨᠡᠨ ᠬᠦ᠌ ᠠᠳᠭᠤᠨ ᠪᠣᠳᠠᠲᠠᠶ ᠠᠵᠢᠯᠯᠠᠵᠤ ᠱᠢᠨ᠎ᠡ ᠭᠠᠪᠢᠶ᠎ᠠ ᠪᠠᠢᠭᠤᠯᠤᠨ᠎ᠠ
2026-04-07 09:41:55
ᠵᠣᠬᠢᠶᠠᠭ᠍ᠴᠢ᠄
ᠺᠠᠩ ᠯᠢ ᠨᠠ ᠸᠠᠩ ᠬᠤᠤ ᠮᠠ ᠹᠠᠩ ᠱᠢᠤᠸᠠᠢ ᠢ ᠴᠢᠶᠦ᠋ᠨ
ᠣᠩᠱᠢᠭ᠍ᠰᠠᠨ ᠣᠳᠠᠭ᠎ᠠ᠄
★★★☆☆

ᠪᠥᠬᠥ᠌ ᠣᠷᠣᠨ᠎ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠤᠨ ᠬᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠤᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍ ᠪᠣᠶ


ᠪᠦᠬᠦ᠌ ᠨᠠᠮ᠎ᠢᠶᠡᠷ᠎ᠢᠶᠡᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠤᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠪᠣᠯ ᠨᠠᠮ᠎ᠤᠨ ᠲᠥᠪ ᠬᠤᠷᠢᠶ᠎ᠠ ᠡᠴᠡ ᠭᠠᠷᠭᠠᠭ᠍ᠰᠠᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠵᠢᠨ ᠪᠠᠢᠷᠢᠯᠠᠭᠤᠯᠤᠯᠲᠠ ᠮᠥᠨ᠂ ᠡᠨᠡ ᠵᠢᠯ᠎ᠦᠨ ᠨᠠᠮ᠎ᠤᠨ ᠪᠠᠢᠭᠤᠯᠤᠯᠲᠠ᠎ᠶ᠋ᠢᠨ ᠴᠢᠬᠤᠯᠠ ᠡᠭᠦᠷᠭᠡ ᠮᠥᠨ᠃ ᠤᠢ᠍ᠢᠷ᠎ᠠ᠎ᠶ᠋ᠢᠨ ᠡᠳᠦᠷ᠎ᠤᠳ᠎ᠲᠦ᠂ ᠪᠦᠬᠦ᠌ ᠣᠷᠣᠨ᠎ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ ᠬᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠤᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠢᠳᠡᠪᠬᠢᠲᠡᠢ ᠬᠦᠳᠦᠯᠦᠨ ᠵᠢᠯᠣᠭᠣᠳᠴᠤ᠌ ᠪᠠᠢᠭᠠᠳ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠢᠯᠠᠭᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠯᠠᠪᠳᠠᠭᠤᠨ ᠪᠠᠲᠤᠲᠠᠢ ᠲᠡᠮᠡᠴᠡᠯ᠎ᠢᠶᠡᠷ ᠦᠢᠯᠡᠳᠦᠯᠭᠡ᠂ ᠠᠷᠠᠳ ᠲᠦᠮᠡᠨ᠂ ᠲᠡᠦᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠳᠡᠢᠯᠬᠦ᠌ ᠪᠣᠳᠠᠲᠤ ᠠᠮᠵᠢᠯᠲᠠ᠎ᠶ᠋ᠢ ᠡᠭᠦᠳᠴᠦ ᠪᠤᠢ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠴᠢ ᠪᠠᠢᠭᠤᠯᠭ᠎ᠠ᠎ᠵᠢᠨ ᠬᠢᠨ 《ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠌᠂ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠦᠨᠡᠨ ᠬᠦ᠌ ᠠᠳᠭᠤᠨ ᠪᠣᠳᠠᠲᠠᠶ ᠠᠵᠢᠯᠯᠠᠬᠤ》 ᠶᠡᠷᠦᠩᠬᠡᠶ ᠱᠠᠭᠠᠷᠳᠠᠯᠭ᠎ᠠ᠎ᠶ᠋ᠢᠨ ᠲᠣᠭᠣᠷᠢᠨ᠎ᠳᠤ᠂ ᠰᠤᠷᠤᠯᠴᠠᠬᠤ ᠰᠡᠳᠭᠢᠬᠦ᠌ ᠬᠡᠷᠡᠭ᠌ᠯᠡᠬᠦ᠌᠎ᠶ᠋ᠢ ᠤᠶᠠᠯᠳᠤᠭᠤᠯᠬᠤ᠂ ᠮᠡᠳᠡᠬᠦ᠌ ᠢᠲᠡᠭᠡᠬᠦ᠌ ᠬᠢᠬᠦ᠌᠎ᠶ᠋ᠢ ᠨᠢᠭᠡᠳᠭᠡᠬᠦ᠌᠎ᠶ᠋ᠢ ᠪᠠᠷᠢᠮᠲᠠᠯᠠᠵᠤ᠂ ᠠᠵᠢᠯ᠎ᠤᠨ ᠪᠣᠳᠠᠲᠠᠶ᠎ᠲᠠᠶ᠎ᠪᠠᠨ ᠨᠢᠭ᠍ᠲᠠ ᠤᠶᠠᠯᠳᠤᠭᠤᠯᠤᠨ᠂ ᠰᠤᠷᠤᠯᠴᠠᠯᠭ᠎ᠠ ᠬᠥᠮᠦᠵᠢᠯ᠎ᠦᠨ ᠬᠡᠷᠡᠭ᠌ᠵᠢᠭᠦᠯᠬᠦ᠌ ᠲᠥᠰᠦᠯ᠎ᠢ ᠰᠤᠳᠤᠯᠤᠨ ᠲᠣᠭ᠍ᠲᠠᠭᠠᠵᠤ᠂ ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ᠎ᠢ ᠪᠠᠢᠴᠠᠭᠠᠨ ᠳᠡᠯᠭᠡᠬᠦ᠌᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ ᠵᠡᠷᠭᠡ 5 ᠲᠠᠯ᠎ᠠ᠎ᠶ᠋ᠢᠨ 10 ᠵᠦᠶ᠋ᠯ᠎ᠦᠨ ᠭᠤᠤᠯᠳᠠᠯᠭ᠎ᠠ᠎ᠲᠠᠶ ᠡᠭᠦᠷᠭᠡ᠎ᠶ᠋ᠢ ᠨᠠᠷᠢᠯᠢᠭ᠍ᠵᠢᠭᠤᠯᠤᠨ᠂ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ᠂ ᠴᠠᠭ ᠬᠤᠭᠤᠴᠠᠭ᠎ᠠ ᠵᠠᠩᠭᠢᠯᠠᠭ᠎ᠠ ᠵᠢᠨ ᠴᠡᠭ᠎ᠢ ᠲᠣᠳᠣᠷᠬᠠᠢᠯᠠᠵᠤ᠂ ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠪᠣᠳᠠᠲᠠᠶ ᠎ᠳᠤ ᠨᠠᠢᠳᠠᠪᠤᠷᠢᠵᠢᠭᠤᠯᠵᠤ ᠨᠠᠷᠢᠯᠢᠭ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ ᠰᠤᠯᠠ ᠣᠷᠣᠯᠴᠠᠭ᠍ᠰᠠᠨ ᠲᠥᠯᠥᠭᠡᠯᠡᠭ᠌ᠴᠢᠳ᠎ᠦᠨ ᠶᠠᠷᠢᠯᠴᠠᠬᠤ ᠬᠤᠷᠠᠯ ᠬᠤᠷᠠᠯᠳᠤᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠲᠤᠬᠠᠢ ᠲᠥᠯᠥᠭᠡᠯᠡᠭ᠌ᠴᠢᠳ᠎ᠦᠨ ᠰᠠᠨᠠᠯ ᠰᠠᠨᠠᠭᠤᠯᠭ᠎ᠠ᠎ᠶ᠋ᠢ ᠰᠣᠨᠣᠰᠴᠤ᠌᠂ ᠡᠯ᠎ᠡ ᠱᠠᠲᠤᠨ᠎ᠤ ᠤᠳᠤᠷᠢᠳᠭᠤ ᠺᠠᠳ᠋ᠷ᠎ᠤᠨ ᠠᠷᠠᠳ ᠲᠦᠮᠡᠨ᠎ᠦ ᠵᠣᠭ᠍ᠰᠣᠯᠲᠠ᠎ᠶ᠋ᠢ ᠪᠠᠷᠢᠮᠲᠠᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠬᠦ᠌ ᠵᠢ ᠱᠠᠭᠠᠷᠳᠠᠪᠠ᠃ ᠪᠠᠢᠭᠤᠯᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠂ ᠡᠯ᠎ᠡ ᠬᠤᠪᠢᠶᠠᠷᠢ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ᠎ᠨᠢ ᠤᠯᠠᠮᠵᠢᠯᠠᠨ ᠳᠠᠭᠠᠭᠤᠯᠵᠤ ᠰᠤᠷᠤᠯᠴᠠᠬᠤ᠂ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠭᠤ᠂ ᠲᠥᠪᠯᠡᠷᠡᠭᠦᠯᠦᠨ ᠰᠤᠷᠤᠯᠴᠠᠬᠤ ᠪᠠ ᠰᠣᠯᠢᠯᠴᠠᠵᠤ ᠰᠤᠳᠤᠯᠤᠨ ᠶᠠᠷᠢᠯᠴᠠᠬᠤ᠎ᠶ᠋ᠢ ᠤᠶᠠᠯᠳᠤᠭᠤᠯᠬᠤ ᠠᠷᠭ᠎ᠠ ᠬᠡᠯᠪᠡᠷᠢ ᠎ᠶᠢ ᠬᠡᠷᠡᠭ᠌ᠯᠡᠨ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ᠎ᠶ᠋ᠢ ᠡᠷᠭᠢᠯᠡᠵᠦ᠍᠂ ᠪᠠᠢᠭᠤᠯᠭ᠎ᠠ᠎ᠶ᠋ᠢᠨ ᠨᠠᠮ᠎ᠤᠨ ᠭᠡᠱᠢᠭᠦᠨ ᠺᠠᠳ᠋ᠷᠴᠤᠳ᠎ᠤᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠦᠵᠡᠯ ᠰᠠᠨᠠᠭᠠᠨ᠎ᠤ ᠤᠬᠠᠮᠰᠠᠷ᠂ ᠤᠯᠤᠰ ᠲᠥᠷᠥ᠎ᠶ᠋ᠢᠨ ᠤᠬᠠᠮᠰᠠᠷ᠂ ᠦᠢᠯᠡ ᠠᠵᠢᠯᠯᠠᠭᠠᠨ᠎ᠤ ᠤᠬᠠᠮᠰᠠᠷ᠎ᠢᠶᠠᠨ ᠤᠯᠠᠮ ᠨᠢᠭᠡ ᠠᠯᠬᠤᠮ ᠴᠢᠩᠭᠠᠳᠭᠠᠬᠤ᠎ᠶ᠋ᠢ ᠳᠠᠢᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠬᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠨᠳᠥᠷ ᠪᠠᠢᠷᠢᠨ ᠡᠴᠡ ᠠᠬᠢᠭᠤᠯᠵᠤ᠂ 3 ᠰᠠᠷ᠎ᠠ᠎ᠶ᠋ᠢᠨ 5᠎ᠤ᠋ ᠡᠳᠦᠷ ᠨᠠᠮ᠎ᠤᠨ ᠤᠳᠤᠷᠢᠳᠭᠤ ᠳᠤᠭᠤᠢᠯᠠᠩ᠎ᠤᠨ ᠥᠷᠭᠡᠳᠭᠡᠭ᠌ᠰᠡᠨ ᠬᠤᠷᠠᠯ᠎ᠢ ᠬᠤᠷᠠᠯᠳᠤᠭᠤᠯᠵᠤ ᠲᠤᠰᠭᠠᠶ ᠰᠡᠳᠦᠪᠲᠦ ᠪᠠᠢᠷᠢᠯᠠᠭᠤᠯᠤᠯᠲᠠ᠎ᠬᠢᠬᠦ᠎ᠶ᠋ᠢᠨ ᠬᠠᠮᠲᠤ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠠᠵᠢᠯ᠎ᠢ ᠥᠷᠨᠢᠭᠦᠯᠬᠦ᠌᠎ᠶ᠋ᠢᠨ ᠬᠡᠷᠡᠭ᠌ᠵᠢᠭᠦᠯᠬᠦ᠌ ᠲᠥᠰᠦᠯ᠎ᠢ ᠲᠣᠭ᠍ᠲᠠᠭᠠᠨ ᠳᠠᠷᠤᠮᠠᠯᠯᠠᠨ ᠲᠠᠷᠬᠠᠭᠠᠪᠠ; 3 ᠰᠠᠷ᠎ᠠ᠎ᠶ᠋ᠢᠨ 18 ᠎ᠡᠴᠡ19 ᠎ᠤ᠋ ᠡᠳᠦᠷ ᠪᠣᠯᠲᠠᠯ᠎ᠠ ᠲᠤᠰᠭᠠᠶ ᠰᠡᠳᠦᠪᠲᠦ ᠨᠣᠮ ᠤᠩᠱᠢᠬᠤ ᠠᠩᠭᠢ ᠡᠷᠭᠢᠯᠡᠵᠦ᠍᠂ ᠲᠥᠪᠯᠡᠷᠡᠭᠦᠯᠦᠨ ᠰᠤᠷᠤᠯᠴᠠᠬᠤ᠂ ᠲᠤᠰᠭᠠᠶ ᠮᠡᠷᠭᠡᠵᠢᠯᠲᠡᠨ ᠬᠠᠪᠰᠤᠷᠤᠨ ᠵᠢᠯᠣᠭᠣᠳᠭᠤ᠂ ᠬᠡᠷᠡᠭ᠎ᠦᠨ ᠵᠢᠱ᠌ᠢᠶ᠎ᠡ᠎ᠪᠡᠷ ᠰᠡᠷᠡᠮᠵᠢᠯᠡᠭᠦᠯᠬᠦ᠌᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠤᠳ᠎ᠤᠨ 《ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠌᠂ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠦᠨᠡᠨ ᠬᠦ᠌ ᠠᠳᠭᠤᠵᠤ ᠪᠣᠳᠠᠲᠠᠶ ᠠᠵᠢᠯᠯᠠᠬᠤ》 ᠶᠡᠷᠦᠩᠬᠡᠶ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠵᠤ᠂ ᠠᠦᠭ᠎ᠠ ᠲᠥᠰᠦᠪ᠎ᠢ ᠲᠤᠭᠤᠰᠢᠲᠠᠢ ᠵᠢᠷᠤᠭ᠍ᠯᠠᠬᠤ ᠦᠵᠡᠯ ᠰᠠᠨᠠᠭᠠᠨ᠎ᠤ ᠤᠬᠠᠮᠰᠠᠷ᠎ᠢᠶᠠᠨ ᠴᠢᠩᠭᠠᠳᠭᠠᠬᠤ᠎ᠶ᠋ᠢ ᠠᠬᠢᠭᠤᠯᠪᠠ᠃ ᠪᠥᠬᠥ᠌ ᠲᠢᠩᠬᠢᠮ᠎ᠦᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠱᠢᠨ᠎ᠡ ᠬᠡᠯᠪᠡᠷᠢ᠎ᠶ᠋ᠢᠨ ᠠᠵᠤ ᠦᠢᠯᠡᠳᠪᠦᠷᠢᠵᠢᠯᠲᠡ᠎ᠶ᠋ᠢ ᠶᠡᠬᠡ᠎ᠪᠡᠷ ᠠᠬᠢᠭᠤᠯᠬᠤ᠂ ᠦᠶ᠋ᠯᠡᠳᠬᠦ᠌ ᠦᠶ᠋ᠯᠡᠰ᠎ᠦᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ ᠡᠭᠦᠷᠭᠡ ᠬᠠᠷᠢᠭᠤᠴᠠᠯᠭ᠎ᠠ ᠲᠠᠶ ᠨᠢᠭ᠍ᠲᠠ ᠤᠶᠠᠯᠳᠤᠭᠤᠯᠤᠨ᠂ ᠰᠤᠷᠤᠯᠴᠠᠯᠭ᠎ᠠ ᠬᠥᠮᠦᠵᠢᠯ᠎ᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ ᠪᠣᠯᠤᠨ ᠠᠵᠤ ᠦᠢᠯᠡᠰ᠎ᠦᠨ ᠱᠢᠨ᠎ᠡ ᠡᠭᠦᠳᠦᠯᠲᠡ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠦᠨ ᠪᠠᠢᠭᠤᠯᠤᠯᠲᠠ᠎ᠶ᠋ᠢ ᠲᠦᠷᠭᠡᠳᠭᠡᠬᠦ᠂ ᠣᠶᠤᠨᠴᠢᠯᠠᠬᠤ ᠪᠣᠬᠢᠷᠲᠤᠯ ᠥᠬᠡᠢᠵᠢᠬᠦᠯᠬᠦ ᠵᠢ ᠠᠭᠤᠰᠤᠯᠴᠠᠭᠤᠯᠤᠨ ᠬᠥᠭ᠌ᠵᠢᠬᠦᠯᠬᠦ᠎ᠶ᠋ᠢ ᠪᠠᠷᠢᠮᠲᠠᠯᠠᠬᠤ᠂ ᠴᠢᠨᠠᠷ ᠰᠠᠢᠲᠠᠶ ᠳᠤᠮᠳᠠ ᠪᠠᠭ᠎ᠠ ᠠᠵᠤ ᠠᠬᠤᠢᠯᠠᠯ᠎ᠢ ᠪᠣᠢᠵᠢᠭᠤᠯᠬᠤ ᠪᠠ ᠥᠨᠳᠥᠷ ᠲᠦᠪᠱᠢᠨ ᠪᠥᠬᠥᠶ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠢᠭᠤᠯᠤᠯᠲᠠ᠎ᠵᠢ ᠲᠦᠷᠭᠡᠳᠭᠡᠬᠦ ᠵᠡᠷᠭᠡ ᠭᠤᠤᠯᠳᠠᠯᠭ᠎ᠠ᠎ᠲᠠᠶ ᠠᠵᠢᠯ᠎ᠲᠠᠢ ᠨᠢᠭ᠍ᠲᠠ ᠤᠶᠠᠯᠳᠤᠭᠤᠯᠤᠨ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭ᠌ᠰᠢᠯᠡᠭᠦᠯᠬᠦ᠌᠎ᠪᠡᠷ ᠳᠠᠮᠵᠢᠨ ᠠᠵᠢᠯ᠎ᠤᠨ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠠᠬᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠭ᠍ᠰᠠᠨ ᠪᠣᠳᠠᠲᠤ ᠦᠷ᠎ᠡ ᠪᠦᠲᠦᠮᠵᠢ᠎ᠪᠡᠷ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠱᠢᠯᠭᠠᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠠᠢᠨ ᠡᠬᠢᠯᠡᠯᠲᠡ᠎ᠶ᠋ᠢ ᠠᠬᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠎ᠳᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠬᠦᠴᠦᠨ᠎ᠢ ᠨᠡᠮᠡᠷᠢᠯᠡᠵᠤ ᠪᠤᠢ᠃

ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠍᠂ ᠦᠳᠲᠡᠷ ᠲᠦᠷᠭᠡᠨ ᠬᠥᠳᠡᠯᠦᠯᠴᠡᠵᠦ᠍᠂ ᠨᠠᠷᠢᠨ ᠨᠢᠭ᠍ᠲᠠ ᠪᠠᠢᠷᠢᠯᠠᠭᠤᠯᠵᠤ᠂ 《ᠨᠡᠢᠲᠡ᠎ᠶ᠋ᠢᠨ ᠲᠥᠯᠥᠭᠡ ᠨᠠᠮ ᠪᠠᠢᠭᠤᠯᠵᠤ᠂ ᠠᠷᠠᠳ ᠲᠦᠮᠡᠨ᠎ᠳᠦ ᠪᠤᠶᠠᠨ ᠦᠶ᠋ᠯᠡᠳᠴᠦ᠍᠂ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠵᠤ᠂ ᠦᠨᠡᠨ ᠬᠦ᠌ ᠠᠳᠭᠤᠨ ᠪᠣᠳᠠᠲᠠᠶ ᠠᠵᠢᠯᠯᠠᠬᠤ》 ᠶᠡᠷᠦᠩᠬᠡᠶ ᠱᠠᠭᠠᠷᠳᠠᠯᠭ᠎ᠠ᠎ᠲᠠᠶ ᠨᠢᠭ᠍ᠲᠠ ᠤᠶᠠᠯᠳᠤᠭᠤᠯᠤᠨ᠂ ᠰᠤᠷᠤᠯᠴᠠᠵᠤ ᠪᠠᠢᠴᠠᠭᠠᠨ ᠥᠭᠡᠷᠡᠴᠢᠯᠡᠬᠦ᠌᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠪᠣᠳᠠᠲᠠᠶ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠪᠠ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ ᠲᠡᠷᠡ ᠳᠠᠷᠤᠶ᠎ᠳᠤᠨᠢ ᠲᠤᠰᠭᠠᠶ ᠰᠡᠳᠦᠪᠲᠦ ᠨᠠᠮ᠎ᠤᠨ ᠤᠳᠤᠷᠢᠳᠭᠤ ᠳᠤᠭᠤᠢᠯᠠᠩ᠎ᠤᠨ ᠬᠤᠷᠠᠯ ᠬᠤᠷᠠᠯᠳᠤᠭᠤᠯᠵᠤ᠂ ᠬᠡᠷᠡᠭ᠌ᠵᠢᠭᠦᠯᠬᠦ᠌ ᠲᠥᠰᠦᠯ᠎ᠢ ᠳᠠᠷᠤᠮᠠᠯᠯᠠᠨ ᠲᠠᠷᠬᠠᠭᠠᠵᠤ᠂ ᠤᠳᠤᠷᠢᠳᠭᠤ ᠳᠤᠭᠤᠢᠯᠠᠩ ᠪᠣᠯᠤᠨ ᠠᠵᠢᠯ᠎ᠤᠨ ᠲᠤᠰᠭᠠᠶ ᠠᠩᠭᠢ ᠪᠠᠢᠭᠤᠯᠵᠤ᠂ ᠭᠤᠤᠯᠳᠠᠯᠭ᠎ᠠ᠎ᠲᠠᠶ ᠡᠭᠦᠷᠭᠡ᠎ᠶ᠋ᠢ ᠨᠠᠷᠢᠯᠢᠭ᠍ᠵᠢᠭᠤᠯᠵᠤ᠂ ᠬᠠᠷᠢᠭᠤᠴᠠᠯᠭ᠎ᠠ᠎ᠶ᠋ᠢ ᠱᠠᠲᠤ ᠱᠠᠲᠤ᠎ᠪᠠᠷ ᠪᠣᠳᠠᠲᠠᠢᠵᠢᠭᠤᠯᠪᠠ; 《ᠳᠥᠷᠪᠡ ᠵᠢ ᠭᠦᠨᠵᠡᠭᠡᠶ ᠰᠤᠷᠤᠯᠴᠠᠬᠤ》 ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ 《ᠤᠮᠠᠷᠠᠲᠤ ᠬᠢᠯᠢ᠎ᠶ᠋ᠢᠨ ᠡᠭᠦᠯᠡᠨ ᠶᠠᠷᠢᠶᠠᠨ᠎ᠤ ᠲᠠᠩᠬᠢᠮ》 ᠤ᠋ᠨ ᠲᠤᠰᠭᠠᠶ ᠰᠡᠳᠦᠪᠲᠦ ᠱᠢᠭᠤᠳ ᠨᠡᠪᠲᠡᠷᠡᠭᠦᠯᠭᠡ᠎ᠶ᠋ᠢᠨ ᠬᠢᠴᠢᠶᠡᠯ᠂ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ᠂ ᠤᠨᠤᠯ ᠰᠤᠷᠤᠯᠴᠠᠬᠤ ᠭᠤᠤᠯ ᠳᠤᠭᠤᠢᠯᠠᠩ᠎ᠤᠨ ᠲᠤᠰᠭᠠᠶ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠭ᠎ᠠ᠂ 《ᠭᠤᠷᠪᠠᠨ ᠬᠤᠷᠠᠯ ᠨᠢᠭᠡ ᠬᠢᠴᠢᠶᠡᠯ》᠂ ᠭᠤᠤᠯ ᠰᠡᠳᠦᠪᠲᠦ ᠨᠠᠮ᠎ᠤᠨ ᠡᠳᠦᠷ ᠵᠡᠷᠭᠡ ᠬᠡᠯᠪᠡᠷᠢ᠎ᠪᠡᠷ ᠳᠠᠮᠵᠢᠭᠤᠯᠤᠨ᠂ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠵᠤ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ ᠤ᠋ᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠬᠤ ᠪᠠ ᠦᠶ᠋ᠯᠡᠳᠦᠯᠭᠡᠵᠢᠭᠦᠯᠬᠦ᠌ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠨᠠᠷᠢᠨ ᠣᠢᠯᠠᠭᠠᠪᠠ; ᠵᠠᠰᠠᠭ ᠤ᠋ᠨ ᠠᠵᠢᠯ᠎ᠤᠨ ᠪᠦᠳᠦᠮᠵᠢ ᠵᠢᠨ ᠲᠤᠬᠠᠢ ᠦᠵᠡᠯᠲᠡ᠎ᠶ᠋ᠢᠨ ᠵᠥᠷᠢᠶ᠎ᠡ ᠵᠢᠨ ᠭᠤᠤᠯ ᠠᠰᠠᠭᠤᠳᠠᠯ᠎ᠤᠨ ᠨᠠᠷᠢᠨ ᠲᠠᠩᠰᠠ᠎ᠲᠠᠶ ᠬᠠᠷᠭᠤᠭᠤᠯᠵᠤ᠂ ᠡᠭᠦᠳᠡ᠎ᠪᠡᠨ ᠨᠡᠭᠡᠭᠡᠵᠦ᠍ ᠬᠥᠮᠦᠵᠢᠯ ᠬᠢᠬᠦ᠌᠎ᠶ᠋ᠢ ᠪᠠᠷᠢᠮᠲᠠᠯᠠᠬᠤ᠎ᠶ᠋ᠢᠨ ᠵᠡᠷᠭᠡ ᠪᠡᠷ ᠲᠣᠭᠣᠷᠢᠨ ᠪᠠᠢᠴᠠᠭᠠᠬᠤ᠂ ᠬᠢᠨᠠᠨ ᠪᠤᠳᠤᠬᠤ ᠵᠡᠷᠭᠡ ᠬᠠᠷᠢᠭᠤ ᠲᠤᠰᠭᠠᠭ᠍ᠰᠠᠨ ᠠᠰᠠᠭᠤᠳᠠᠯ᠎ᠲᠠᠶ ᠬᠠᠷᠭᠤᠭᠤᠯᠵᠤ᠂ ᠠᠰᠠᠭᠤᠳᠠᠯ᠎ᠢ ᠪᠠᠢᠴᠠᠭᠠᠨ ᠳᠡᠯᠭᠡᠬᠦ᠌᠎ᠶ᠋ᠢ ᠪᠣᠳᠠᠲᠠᠶ ᠠᠳᠭᠤᠵᠤ᠂ ᠴᠡᠭ᠌ᠴᠡᠯᠡᠨ ᠰᠠᠢᠵᠢᠷᠠᠭᠤᠯᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠪᠠ; ᠠᠵᠢᠯᠳᠠᠨ ᠠᠵᠢᠯᠴᠢᠨ᠎ᠤ ᠠᠵᠢᠯ ᠣᠯᠭᠣᠯᠲᠠ᠂ ᠤᠷ᠎ᠠ ᠴᠢᠳᠠᠪᠤᠷᠢ᠎ᠶ᠋ᠢᠨ ᠳᠡᠭᠡᠭ᠌ᠰᠢᠯᠡᠯᠲᠡ᠂ ᠡᠷᠬᠡ ᠠᠱᠢᠭ᠎ᠤᠨ ᠪᠠᠲᠤᠯᠠᠭ᠎ᠠ᠂ ᠬᠦᠴᠢᠷᠳᠡᠯᠳᠠᠢ ᠠᠵᠢᠯᠳᠠᠨ ᠠᠵᠢᠯᠴᠢᠨ ᠎ᠢ  ᠬᠠᠪᠰᠤᠷᠤᠨ ᠲᠡᠳᠬᠦᠬᠦ᠌ ᠵᠡᠷᠭᠡ ᠭᠣᠣᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠵᠢᠯᠳᠠᠨ ᠠᠵᠢᠯᠴᠢᠨ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠦᠨᠡᠨ ᠬᠦ᠌ ᠰᠠᠢᠲᠤᠷ ᠱᠢᠢᠳᠪᠦᠷᠢᠯᠡᠵᠦ᠍᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠪᠡᠷ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠦᠢᠯᠡᠴᠢᠯᠡᠬᠦ᠌᠂ ᠠᠵᠢᠯᠳᠠᠨ ᠠᠵᠢᠯᠴᠢᠨ ᠤᠯᠠᠨ ᠲᠦᠮᠡᠨ᠎ᠳᠦ ᠦᠢᠯᠡᠴᠢᠯᠡᠬᠦ᠌ ᠭᠣᠣᠯ ᠬᠠᠷᠢᠭᠤᠴᠠᠯᠭ᠎ᠠ ᠭᠣᠣᠯ ᠠᠵᠢᠯ᠎ᠢ ᠪᠣᠳᠠᠲᠠᠢ᠎ᠳᠤ ᠨᠠᠢᠳᠠᠪᠤᠷᠢᠵᠢᠭᠤᠯᠵᠤ ᠪᠠᠢᠨ᠎ᠠ᠃

ᠣᠢᠷ᠎ᠠ᠎ᠶ᠋ᠢᠨ ᠡᠳᠦᠷ᠎ᠦᠳ᠎ᠲᠦ᠂ ᠲᠦᠩᠯᠢᠶᠣᠤ ᠬᠣᠲᠠ᠎ᠶ᠋ᠢᠨ ᠨᠠᠮ᠎ᠤᠨ ᠬᠣᠷᠢᠶ᠎ᠠ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ ᠡᠷᠭᠢᠯᠡᠵᠦ᠍᠂ ᠤᠯᠠᠮᠵᠢᠯᠠᠨ ᠳᠠᠭᠠᠭᠤᠯᠵᠤ ᠰᠤᠷᠤᠯᠴᠠᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ᠎ᠶ᠋ᠢ ᠤᠶᠠᠯᠳᠤᠭᠤᠯᠬᠤ ᠠᠷᠭ᠎ᠠ ᠬᠡᠯᠪᠡᠷᠢ᠎ᠪᠡᠷ ᠭᠤᠤᠯ ᠰᠡᠳᠦᠪ᠎ᠦᠨ ᠲᠣᠭᠣᠷᠢᠨ᠎ᠳᠤ ᠭᠦᠨᠵᠡᠭᠡᠶ ᠰᠤᠷᠤᠯᠴᠠᠪᠠ᠃ ᠨᠣᠮ ᠤᠩᠱᠢᠬᠤ ᠠᠩᠭᠢ ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠲᠤᠬᠠᠶ ᠴᠢᠬᠤᠯᠠ ᠥᠭᠦᠯᠡᠯᠲᠡ ᠪᠣᠯᠤᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠵᠤ᠂ 《ᠬᠣᠶᠠᠷ᠎ᠢ ᠲᠣᠭ᠍ᠲᠠᠭᠠᠭᠰᠠᠨ》 ᠢ᠋ ᠬᠠᠮᠠᠭᠠᠯᠠᠵᠤ᠂ 《ᠬᠣᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠶᠡᠬᠡ ᠲᠠᠯ᠎ᠠ᠎ᠳᠤ ᠦᠶ᠋ᠯᠡᠴᠢᠯᠡᠬᠦ᠌ ᠪᠣᠳᠠᠲᠤ ᠦᠷ᠎ᠡ ᠪᠦᠲᠦᠮᠵᠢ᠎ᠪᠡᠷ ᠦᠨᠡᠨᠴᠢ ᠱᠢᠳᠤᠷᠭᠤ ᠬᠠᠷᠢᠭᠤᠴᠠᠯᠭ᠎ᠠ ᠡᠭᠦᠷᠭᠡᠯᠡᠯ᠎ᠲᠡᠶ ᠪᠠᠢᠬᠤ᠎ᠶ᠋ᠢ ᠲᠠᠢᠯᠪᠤᠷᠢᠯᠠᠬᠤ ᠬᠡᠷᠡᠭ᠌ᠲᠡᠶ᠃ ᠨᠡᠢᠲᠡ᠎ᠶ᠋ᠢᠨ ᠲᠥᠯᠥᠭᠡ ᠨᠠᠮ ᠪᠠᠢᠭᠤᠯᠬᠤ᠎ᠶ᠋ᠢ ᠪᠠᠷᠢᠮᠲᠠᠯᠠᠵᠤ᠂ ᠤᠯᠤᠰ ᠲᠦᠷᠦ᠍᠎ᠶ᠋ᠢᠨ ᠴᠢᠭ᠌ᠯᠡᠯ᠎ᠢ ᠪᠠᠲᠤ ᠡᠵᠡᠮᠳᠡᠵᠦ᠍᠂ ᠨᠠᠮᠴᠢ ᠴᠢᠨᠠᠷ ᠪᠣᠯᠤᠨ ᠨᠡᠢᠲᠡ᠎ᠶ᠋ᠢᠨ ᠲᠦᠯᠦᠭᠡ ᠭᠡᠬᠦ ᠰᠡᠳᠭᠢᠯ᠎ᠢᠶᠡᠷ 《ᠦᠢᠯᠡᠰ ᠪᠦᠲᠦᠭᠡᠬᠦ᠌》 ᠬᠡᠷᠡᠭ᠌ᠲᠡᠢ᠃ ᠠᠷᠠᠳ ᠲᠦᠮᠡᠨ᠎ᠳᠦ ᠪᠤᠶᠠᠨ ᠦᠢᠯᠡᠳᠬᠦ᠌᠎ᠶ᠋ᠢ ᠪᠠᠷᠢᠮᠲᠠᠯᠠᠵᠤ᠂ ᠤᠯᠠᠨ ᠲᠦᠮᠡᠨ᠎ᠦ ᠰᠡᠳᠭᠢᠯ᠎ᠦᠨ ᠦᠭᠡ᠎ᠶ᠋ᠢ ᠰᠣᠨᠣᠰᠴᠤ᠌᠂ ᠤᠯᠠᠨ ᠲᠦᠮᠡᠨ᠎ᠦ ᠠᠩᠬᠠᠷᠴᠤ᠌ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠴᠦ᠂ ᠤᠯᠠᠨ ᠲᠦᠮᠡᠨ᠎ᠳᠦ ᠪᠣᠳᠠᠲᠠᠢ ᠶᠠᠪᠤᠳᠠᠯ ᠬᠢᠵᠦ᠍ ᠥᠭ᠌ᠬᠦ᠎ᠪᠡᠷ ᠵᠠᠰᠠᠭ᠎ᠤᠨ ᠠᠵᠢᠯ᠎ᠤᠨ ᠪᠦᠲᠦᠮᠵᠢ᠎ᠶ᠋ᠢ ᠱᠢᠯᠭᠠᠬᠤ ᠦᠨᠳᠦᠰᠦᠨ ᠪᠠᠷᠢᠮᠵᠢᠶ᠎ᠠ ᠪᠣᠯᠭᠠᠬᠤ ᠬᠡᠷᠡᠭᠳᠡᠢ᠃ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠵᠢ ᠪᠠᠷᠢᠮᠳᠠᠯᠠᠵᠦ᠂ ᠦᠨᠡᠨ ᠪᠤᠲᠠᠳᠠᠢ ᠵᠢ ᠡᠷᠬᠢᠮᠯᠡᠨ᠂ ᠱᠢᠰᠲ᠋ᠧᠮ᠎ᠲᠡᠶ ᠲᠥᠯᠥᠪᠵᠢᠭᠦᠯᠵᠦ᠂ ᠦᠢᠯᠡᠳᠦᠯᠭᠡ᠎ᠶ᠋ᠢᠨ ᠱᠢᠯᠭᠠᠯᠲᠠ᠎ᠶ᠋ᠢ ᠳᠠᠭᠠᠭᠠᠵᠤ ᠳᠡᠢᠯᠬᠦ᠌ ᠪᠣᠳᠠᠲᠤ ᠠᠮᠵᠢᠯᠲᠠ᠎ᠶ᠋ᠢ ᠡᠭᠦᠳᠬᠦ ᠬᠡᠷᠡᠭᠳᠡᠢ᠃ ᠦᠨᠡᠨ ᠬᠦ᠌ ᠠᠳᠭᠤᠨ ᠪᠣᠳᠠᠲᠠᠢ ᠠᠵᠢᠯᠯᠠᠬᠤ᠎ᠶ᠋ᠢ ᠪᠠᠷᠢᠮᠲᠠᠯᠠᠵᠤ᠂ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠠᠬᠢᠭᠤᠯᠤᠨ᠂ ᠲᠦᠷᠭᠡᠨ ᠪᠥᠭᠡᠳ ᠯᠠᠪᠳᠠᠭᠤᠨ ᠪᠠᠢᠬᠤ᠎ᠶ᠋ᠢ ᠪᠠᠲᠤᠯᠠᠵᠤ᠂ ᠵᠠᠰᠠᠬ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠪᠦᠬᠦ᠌ ᠶᠠᠪᠤᠴᠠ᠎ᠳᠤ ᠲᠤᠭᠤᠱᠢᠯᠠᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号