ᠤᠴᠢᠷ ᠦᠭᠡᠢ ᠪᠣᠯ ᠦᠢᠮᠡᠬᠦᠯᠬᠦ ᠦᠭᠡᠢ ᠬᠡᠷᠡᠭ᠌ᠴᠡᠭᠡ ᠱᠠᠭᠠᠷᠳᠠᠯᠭ᠎ᠠ᠎ᠲᠡᠶ ᠪᠣᠯ ᠯᠠᠪᠳᠠᠢ ᠰᠢᠢᠳᠪᠤᠷᠢᠯᠡᠨ ᠦᠭᠴᠦ ᠥᠪᠥᠷ ᠮᠣᠩᠭᠣᠯ 《ᠺᠣᠳ᠋ ᠱᠢᠷᠪᠢᠵᠦ᠍ ᠠᠵᠤ ᠠᠬᠤᠢᠯᠠᠯ᠎ᠳᠤ ᠣᠷᠣᠬᠤ》 ᠰᠢᠰᠲ᠋ᠸᠮ᠎ᠢ ᠬᠡᠷᠡᠭᠯᠡᠵᠦ ᠠᠵᠤ ᠠᠬᠤᠢᠯᠠᠯ᠎ᠤᠨ ᠬᠥᠭ᠌ᠵᠢᠯᠲᠡ᠎ᠵᠢᠨ ᠠᠶᠠᠯᠠᠯ᠎ᠢ ᠬᠠᠮᠠᠭᠠᠯᠠᠵᠦ ᠪᠤᠢ
2026-04-07 09:51:41
ᠵᠣᠬᠢᠶᠠᠭ᠍ᠴᠢ᠄
ᠬᠤᠤ ᠵᠢᠶᠠ ᠯᠢ
ᠣᠩᠱᠢᠭ᠍ᠰᠠᠨ ᠣᠳᠠᠭ᠎ᠠ᠄
★★★☆☆

ᠬᠤᠸᠠᠷ ᠴᠡᠴᠡᠭ ᠬᠣᠲᠠ ᠳᠦᠭᠦᠷᠡᠩ ᠳᠡᠯᠭᠡᠷᠡᠵᠦ᠍ ᠪᠠᠰᠠ ᠨᠢᠭᠡᠨ ᠬᠠᠪᠤᠷ ᠰᠠᠭᠠᠳᠠᠯ᠎ᠠ᠃ 4 ᠰᠠᠷ᠎ᠠ᠎ᠶ᠋ᠢᠨ 1 ᠤ᠋ ᠥᠷᠯᠥᠭᠡ᠂ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠵᠢᠨ ᠶᠢᠦ ᠴᠧᠩ ᠬᠤᠳᠠᠯᠳᠤᠭᠠᠨ᠎ᠤ ᠵᠡᠭᠡᠯᠢ ᠬᠥᠷ ᠬᠥᠭ᠌ᠵᠢᠶᠡᠨ᠎ᠢᠶᠡᠷ ᠪᠢᠯᠬᠠᠨ᠎ᠠ — ᠪᠣᠭᠣᠷᠰᠣᠭ᠎ᠤᠨ ᠥᠷᠥᠭᠡ᠎ᠶ᠋ᠢᠨ ᠬᠢᠨ ᠰᠠᠶᠢᠬᠠᠨ ᠬᠢᠭᠰᠡᠨ ᠲᠠᠯᠬ᠎ᠠ᠎ᠪᠡᠨ ᠠᠭᠤᠷ ᠰᠠᠪᠰᠠᠭᠤᠯᠤᠨ ᠭᠠᠷᠭᠠᠵᠤ᠂ ᠬᠣᠭᠣᠯᠠᠨ ᠲᠢᠩᠬᠢᠮ᠎ᠦᠨ ᠦᠶ᠋ᠯᠡᠴᠢᠯᠡᠭ᠌ᠴᠢ ᠴᠡᠪᠡᠷᠯᠡᠭᠡ ᠬᠢᠵᠦ᠍᠂ ᠬᠠᠮ ᠳᠡᠯᠭᠡᠭᠦᠷ᠎ᠦᠨ ᠪᠠᠷᠠᠭ᠎ᠠ ᠪᠦᠷᠢᠳᠭᠡᠭ᠌ᠴᠢ ᠪᠠᠷᠠᠭᠠᠨ᠎ᠤ ᠲᠠᠯᠪᠢᠭᠤᠷ᠎ᠢ ᠲᠡᠭ᠌ᠰᠢᠯᠡᠨ᠎ᠡ᠃ ᠵᠡᠭᠡᠯᠢ᠎ᠶ᠋ᠢᠨ ᠥᠨᠴᠥᠭ᠎ᠲᠡᠬᠢ ᠨᠢᠭᠡᠨ ᠬᠣᠭᠣᠯᠠᠨ ᠭᠡᠷ᠎ᠲᠦ᠂ ᠵᠣᠴᠢᠳ ᠲᠠᠪᠠᠳᠠᠢ ᠰᠠᠭᠤᠯᠴᠠᠵᠤ ᠥᠷᠯᠥᠭᠡ᠎ᠶ᠋ᠢᠨ ᠬᠣᠭᠣᠯᠠ ᠢᠳᠡᠵᠡᠭᠡᠨ᠎ᠡ᠃

10 ᠴᠠᠭ᠎ᠤᠨ ᠦᠶ᠎ᠡ᠎ᠪᠡᠷ᠂ ᠠᠯᠪᠠᠨ ᠬᠤᠪᠴᠠᠰᠤ ᠡᠮᠦᠰᠦᠭ᠌ᠰᠡᠨ ᠬᠣᠶᠠᠷ ᠠᠵᠢᠯᠳᠠᠨ ᠬᠣᠭᠣᠯᠠᠨ ᠭᠡᠷ᠎ᠲᠦ ᠢᠷᠡᠵᠤ᠂ ᠬᠠᠷᠢᠭᠤᠴᠠᠯᠭᠠᠲᠠᠨ ᠯᠢ ᠱᠢᠤᠢ ᠬᠣᠩ ᠤᠭ᠍ᠲᠤᠨ ᠣᠴᠢᠪᠠ᠃ 《ᠰᠠᠢᠨ ᠦᠦ᠂ ᠪᠢᠳᠡ ᠪᠣᠯ ᠰᠠᠢᠬᠠᠨ ᠲᠣᠭᠣᠷᠢᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠬᠢᠩᠭᠠᠨ ᠡᠮᠦᠨ᠎ᠡ ᠵᠠᠮ᠎ᠤᠨ ᠵᠡᠭᠡᠯᠢ ᠭᠤᠳᠤᠮᠵᠢ᠎ᠶ᠋ᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠭᠠᠵᠠᠷ᠎ᠤᠨ ᠬᠢ ᠶᠤᠮ᠂ ᠡᠨᠡ ᠪᠣᠯ ᠮᠢᠨᠦ᠍ ᠬᠠᠤᠯᠢ ᠬᠡᠷᠡᠭ᠌ᠵᠢᠭᠦᠯᠬᠦ᠌ ᠦᠨᠡᠮᠯᠡᠯ》᠃ ᠬᠠᠤᠯᠢ ᠬᠡᠷᠡᠭ᠌ᠵᠢᠭᠦᠯᠬᠦ᠌ ᠠᠵᠢᠯᠲᠠᠨ ᠪᠤᠶᠠᠨᠭᠠᠷᠤᠳᠢ ᠪᠣᠯᠤᠨ ᠥᠯᠵᠡᠶ ᠪᠡᠶ᠎ᠡ᠎ᠶᠢᠨ ᠬᠢᠷᠢ ᠬᠡᠮ᠎ᠢᠶᠡᠨ ᠲᠤᠳᠤᠷᠬᠠᠢᠯᠠᠵᠤ᠂ 《ᠥᠨᠥᠳᠦᠷ ᠨᠢᠭᠡ ᠬᠡᠷᠡᠭ᠌ᠯᠡᠭ᠌ᠴᠢ᠎ᠶ᠋ᠢᠨ ᠲᠤᠰᠭᠠᠭ᠍ᠰᠠᠨ ᠵᠠᠬᠢᠶᠠᠯᠠᠭ᠎ᠠ᠎ᠶ᠋ᠢᠨ ᠬᠣᠭᠣᠯᠠ᠎ᠵᠢ ᠨᠢ ᠴᠠᠭ ᠲᠤᠬᠠᠶ᠎ᠳᠤᠨᠢ ᠬᠦᠷᠭᠡᠭ᠌ᠰᠡᠨ ᠥᠬᠡᠶ ᠠᠰᠠᠭᠤᠳᠠᠯ᠎ᠢ ᠬᠢᠨᠠᠨ ᠬᠠᠷᠭᠤᠭᠤᠯᠬᠤ᠎ᠪᠠᠷ ᠢᠷᠡᠭ᠌ᠰᠡᠨ ᠶᠤᠮ᠃ ᠲᠠ ᠡᠨᠡ ᠺᠤᠳ᠋᠎ᠢ ᠱᠢᠷᠪᠢᠭᠡᠷᠡᠶ᠂ ᠪᠢᠳᠡᠨ᠎ᠦ ᠬᠠᠤᠯᠢ ᠬᠡᠷᠡᠭ᠌ᠵᠢᠭᠦᠯᠬᠦ᠌ ᠮᠡᠳᠡᠭᠡ ᠵᠠᠩᠭᠢ ᠪᠦᠷ ᠢᠯᠡᠷᠡᠨ᠎ᠡ》 ᠭᠡᠪᠡ᠃

ᠯᠢ ᠱᠢᠤᠢ ᠬᠣᠩ ᠭᠠᠷ ᠤᠲᠠᠰᠤ ᠪᠠᠨ ᠭᠠᠷᠭᠠᠨ ᠺᠣᠳ᠋ ᠱᠢᠷᠪᠢᠵᠦ᠍᠂ ᠲᠤᠪᠴᠢᠳᠠᠵᠤ᠂ ᠨᠤᠲᠠᠯᠠᠪᠠ — ᠬᠡᠳᠦᠨ ᠰᠧᠺᠦ᠋ᠨ᠋ᠳ᠋᠎ᠦᠨ ᠳᠠᠷᠠᠭ᠎ᠠ᠂ ᠬᠣᠶᠠᠷ ᠬᠠᠤᠯᠢ ᠬᠡᠷᠡᠭ᠌ᠵᠢᠭᠦᠯᠬᠦ᠌ ᠠᠵᠢᠯᠲᠠᠨ᠎ᠤ ᠣᠪᠣᠭ ᠨᠡᠷ᠎ᠡ᠂ ᠭᠡᠷᠡᠴᠢ ᠦᠨᠡᠮᠯᠡᠯ᠎ᠦᠨ ᠳ᠋ᠤᠭᠠᠷ᠂ ᠪᠠᠢᠴᠠᠭᠠᠬᠤ ᠵᠦᠶ᠋ᠯ᠎ᠨᠢ ᠴᠥᠮ ᠭᠠᠷ ᠤᠲᠠᠰᠤᠨ᠎ᠤ ᠳᠡᠯᠭᠡᠴᠡ ᠳᠡᠭᠡᠷ᠎ᠡ ᠢᠯᠡᠷᠡᠪᠡ᠃ 《ᠢᠯᠡ ᠲᠣᠳᠣ᠂ ᠳᠥᠭᠥᠮ ᠳᠥᠲᠡ ᠪᠠᠢᠵᠤ᠂ ᠨᠢᠭᠡ ᠯᠡ ᠳᠤᠤᠷ᠎ᠠ ᠰᠡᠳᠭᠢᠯ ᠠᠭᠤᠵᠢᠷᠠᠯ᠎ᠠ》 ᠭᠡᠵᠦ᠍ ᠯᠢ ᠱᠢᠤᠢ ᠬᠣᠩ ᠬᠡᠯᠡᠪᠡ᠃

ᠬᠠᠤᠯᠢ ᠬᠡᠷᠡᠭ᠌ᠵᠢᠭᠦᠯᠬᠦ᠌ ᠠᠵᠢᠯᠲᠠᠨ᠎ᠤ ᠬᠤᠳᠠᠯᠳᠤᠭᠠᠴᠢᠨ ᠡᠷᠦᠬᠡ᠎ᠳᠦ ᠦᠵᠡᠭᠦᠯᠦᠭ᠌ᠰᠡᠨ ᠬᠣᠶᠠᠷ ᠬᠡᠮᠵᠢᠯᠳᠦ ᠺᠣᠳ᠋ ᠪᠣᠯ ᠲᠡᠳᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠺᠣᠳ᠋ ᠱᠢᠷᠪᠢᠵᠦ᠍ ᠠᠵᠤ ᠠᠬᠤᠢᠯᠠᠯ᠎ᠳᠤ ᠣᠷᠣᠬᠤ》 ᠱᠢᠰᠲ᠋ᠧᠮ᠎ᠳᠦ ᠳᠠᠨᠭᠰᠠᠯᠠᠨ ᠣᠷᠣᠵᠤ᠂ ᠪᠠᠢᠴᠠᠭᠠᠬᠤ ᠮᠡᠳᠡᠭᠡ ᠵᠠᠩᠭᠢ᠎ᠪᠠᠨ ᠰᠢᠨᠭᠭᠡᠭᠡᠨ ᠤᠷᠤᠭᠤᠯᠤᠭᠰᠠᠨ᠎ᠤ ᠳᠠᠷᠠᠭ᠎ᠠ ᠠᠶᠠᠨᠳᠠᠭᠠᠨ ᠪᠣᠶ ᠪᠣᠯᠬᠤ ᠬᠣᠶᠠᠷ ᠬᠡᠮᠵᠢᠯᠳᠦ ᠺᠣᠳ᠋ ᠪᠣᠯᠤᠨ᠎ᠠ᠂ ᠮᠥᠨ ᠴᠦ᠍ ᠮᠠᠨ᠎ᠤ ᠣᠷᠣᠨ᠎ᠤ 《ᠺᠣᠳ᠋ ᠱᠢᠷᠪᠢᠵᠦ᠍ ᠠᠵᠤ ᠠᠬᠤᠢᠯᠠᠯ᠎ᠳᠤ ᠣᠷᠣᠬᠤ》 ᠲᠦᠷᠢᠮ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠬᠦ᠌ ᠴᠢᠬᠤᠯᠠ ᠠᠴᠢᠶᠠᠯᠠᠪᠤᠷᠢ ᠪᠣᠯᠤᠨ᠎ᠠ᠃ 《ᠺᠣᠳ᠋ ᠱᠢᠷᠪᠢᠵᠦ᠍ ᠠᠵᠤ ᠠᠬᠤᠢᠯᠠᠯ᠎ᠳᠤ ᠣᠷᠣᠬᠤ》 ᠱᠢᠰᠲ᠋ᠧᠮ᠎ᠢ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠬᠢᠭᠡᠳ ᠲᠣᠭ᠎ᠠ ᠪᠠᠷᠢᠮᠲᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ ᠬᠠᠮᠲᠤ᠎ᠪᠠᠷ ᠰᠤᠳᠤᠯᠤᠨ ᠨᠡᠭᠡᠭᠡᠵᠦ᠍᠂ 2025 ᠣᠨ᠎ᠤ 9 ᠰᠠᠷ᠎ᠠ᠎ᠶ᠋ᠢᠨ 30᠎ᠤ᠋ ᠡᠳᠦᠷ ᠰᠦᠯᠵᠢᠶᠡᠨ᠎ᠳᠦ ᠭᠠᠷᠭᠠᠨ ᠠᠵᠢᠯᠯᠠᠭᠤᠯᠪᠠ᠃ ᠲᠡᠭᠦᠨ᠎ᠦ ᠭᠤᠤᠯ ᠯᠣᠭᠢᠭ ᠪᠣᠯ 《ᠺᠣᠳ᠋ ᠥᠬᠡᠶ ᠪᠣᠯ ᠪᠠᠢᠴᠠᠭᠠᠬᠤ ᠥᠬᠡᠶ᠂ ᠪᠠᠢᠴᠠᠭᠠᠬᠤ᠎ᠳᠤ ᠡᠷᠬᠡᠪᠰᠢ ᠺᠣᠳ᠋᠎ᠢᠶᠠᠨ ᠭᠠᠷᠭᠠᠬᠤ ᠬᠡᠷᠡᠭ᠌ᠲᠡᠶ》 — ᠬᠠᠤᠯᠢ ᠬᠡᠷᠡᠭ᠌ᠵᠢᠭᠦᠯᠬᠦ᠌ ᠠᠵᠢᠯᠲᠠᠨ ᠡᠷᠬᠡᠪᠰᠢ ᠤᠷᠢᠳᠴᠢᠯᠠᠨ ᠱᠢᠰᠲ᠋ᠧᠮ᠎ᠦᠨ ᠳᠣᠲᠣᠷ᠎ᠠ ᠡᠭᠦᠷᠭᠡ᠎ᠪᠡᠨ ᠳᠠᠩᠰᠠᠯᠠᠭᠤᠯᠵᠤ᠂ ᠲᠤᠰᠭᠠᠶ ᠬᠣᠶᠠᠷ ᠬᠡᠮᠵᠢᠯᠳᠦ ᠺᠣᠳ᠋ ᠭᠠᠷᠭᠠᠵᠤ᠂ ᠠᠵᠤ ᠠᠬᠤᠢᠯᠠᠯ᠎ᠳᠤ ᠤᠷᠤᠭᠰᠠᠨ᠎ᠦ ᠳᠠᠷᠠᠭ᠎ᠠ ᠤᠷᠢᠳ᠎ᠢᠶᠠᠷ ᠺᠣᠳ᠋᠎ᠢᠶᠠᠨ ᠭᠠᠷᠭᠠᠵᠤ ᠳᠠᠷᠠᠭ᠎ᠠ᠎ᠨᠢ ᠪᠠᠢᠴᠠᠭᠠᠬᠤ ᠬᠡᠷᠡᠭ᠌ᠲᠡᠶ᠃ ᠪᠠᠢᠴᠠᠭᠠᠯᠲᠠ ᠳᠠᠭᠤᠰᠤᠭ᠍ᠰᠠᠨ᠎ᠤ ᠳᠠᠷᠠᠭ᠎ᠠ᠂ ᠠᠵᠤ ᠠᠬᠤᠢᠯᠠᠯ ᠪᠠᠰᠠ ᠰᠦᠯᠵᠢᠶᠡᠨ ᠳᠡᠭᠡᠷ᠎ᠡ ᠦᠨᠡᠯᠡᠯᠲᠡ ᠬᠢᠵᠦ᠍᠂ ᠭᠣᠮᠣᠳᠠᠯ ᠱᠠᠭᠠᠷᠳᠠᠯᠭ᠎ᠠ᠎ᠪᠠᠨ ᠲᠤᠰᠭᠠᠵᠤ᠂ 《ᠬᠡᠷᠡᠭ᠎ᠦᠨ ᠡᠮᠦᠨ᠎ᠡ ᠺᠣᠳ᠋ ᠣᠯᠭᠣᠬᠤ᠂ ᠬᠡᠷᠡᠭ᠎ᠦᠨ ᠳᠤᠮᠳᠠ ᠺᠣᠳ᠋ ᠱᠢᠯᠭᠠᠬᠤ᠂ ᠬᠡᠷᠡᠭ᠎ᠦᠨ ᠳᠠᠷᠠᠭ᠎ᠠ ᠦᠨᠡᠯᠡᠬᠦ᠌》 ᠪᠦᠷᠢᠨ ᠪᠦᠲᠦᠨ ᠪᠢᠲᠡᠭᠦᠦ ᠴᠠᠭᠠᠷᠢᠭ᠎ᠢ ᠪᠦᠷᠢᠯᠳᠦᠭᠦᠯᠬᠦ ᠪᠣᠯᠤᠨ᠎ᠠ᠃

ᠥᠩᠭᠡᠷᠡᠭ᠌ᠰᠡᠨ᠎ᠳᠦ᠂ ᠴᠥᠭᠡᠨ ᠪᠤᠰᠤ ᠠᠵᠤ ᠠᠬᠤᠢᠯᠠᠯ᠎ᠤᠨ ᠲᠦᠪᠡᠭᠳᠡᠵᠦ ᠪᠠᠢᠬᠰᠠᠨ ᠵᠦᠢᠯ ᠨᠢ ᠵᠠᠬ᠎ᠠ ᠳᠡᠯᠭᠡᠭᠦᠷ᠎ᠦᠨ ᠬᠡᠯᠪᠡᠯᠵᠡᠯᠲᠡ ᠪᠢᠰᠢ᠂ ᠬᠠᠷᠢᠨ 《ᠥᠨᠥᠳᠦᠷ ᠡᠨᠡ ᠨᠢ ᠢᠷᠡᠵᠦ᠍ ᠪᠠᠢᠴᠠᠭᠠᠬᠤ ᠦᠭᠡᠢ ᠪᠤᠯ ᠮᠠᠷᠭᠠᠰᠢ ᠲᠡᠷᠡ ᠨᠢ ᠢᠷᠡᠵᠦ᠍ ᠰᠤᠷᠪᠤᠯᠵᠢᠯᠠᠨ᠎ᠠ》 ᠭᠡᠵᠦ᠍ ᠳᠠᠬᠢᠨ ᠳᠠᠪᠲᠠᠨ ᠪᠠᠢᠴᠠᠭᠠᠵᠤ᠂ ᠳᠤᠷ᠎ᠠ᠎ᠪᠠᠷ᠎ᠢᠶᠠᠨ ᠪᠠᠢᠴᠠᠭᠠᠵᠤ ᠪᠠᠢᠭ᠍ᠰᠠᠨ ᠶᠠᠪᠤᠳᠠᠯ ᠪᠤᠯᠤᠨ᠎ᠠ᠃ 《ᠺᠣᠳ᠋ ᠱᠢᠷᠪᠢᠵᠦ᠍ ᠠᠵᠤ ᠠᠬᠤᠢᠯᠠᠯ᠎ᠳᠤ ᠣᠷᠣᠬᠤ》 ᠨᠢ ᠶᠠᠭ ᠡᠨᠡ ᠬᠦ᠌ ᠲᠦᠪᠡᠭᠰᠢᠶᠡᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ ᠪᠣᠶ ᠪᠣᠯᠤᠭ᠍ᠰᠠᠨ ᠶᠤᠮ᠃

《ᠺᠣᠳ᠋ ᠱᠢᠷᠪᠢᠵᠦ᠍ ᠠᠵᠤ ᠠᠬᠤᠢᠯᠠᠯ᠎ᠳᠤ ᠣᠷᠣᠬᠤ》 ᠱᠢᠰᠲ᠋ᠧᠮ᠎ᠢ ᠬᠡᠷᠡᠭ᠌ᠯᠡᠭ᠌ᠰᠡᠨ᠎ᠡᠴᠡ ᠨᠠᠭᠠᠰᠢ᠂ ᠰᠠᠢᠬᠠᠨ ᠲᠣᠭᠣᠷᠢᠭ᠎ᠤᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠪᠠᠢᠭᠤᠯᠭ᠎ᠠ ᠱᠢᠰᠲ᠋ᠧᠮ᠎ᠦᠨ ᠪᠠᠢᠷᠢᠯᠠᠭᠤᠯᠤᠯᠲᠠ᠎ᠪᠠᠷ ᠳᠡᠮᠵᠢᠨ 232 ᠬᠤᠪᠢ ᠪᠠᠢᠴᠠᠭᠠᠬᠤ ᠡᠭᠦᠷᠭᠡ᠎ᠶ᠋ᠢ ᠪᠠᠢᠷᠢᠯᠠᠭᠤᠯᠵᠤ᠂ ᠣᠯᠠᠨ ᠲᠠᠯ᠎ᠠ᠎ᠡᠴᠡ ᠪᠠᠢᠴᠠᠭᠠᠯᠲᠠ ᠬᠢᠬᠦ᠌ ᠨᠣᠷᠮ᠎ᠠ 56% ᠪᠠᠷ ᠪᠠᠭᠤᠷᠠᠪᠠ; ᠬᠥᠬᠡᠬᠣᠲᠠ᠎ᠶ᠋ᠢᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠪᠠᠢᠭᠤᠯᠭ᠎ᠠ ᠱᠢᠰᠲ᠋ᠧᠮ᠎ᠢᠶᠡᠷ ᠳᠠᠮᠵᠢᠭᠤᠯᠤᠨ ᠪᠠᠢᠴᠠᠭᠠᠬᠤ ᠡᠭᠦᠷᠭᠡ᠎ᠶ᠋ᠢ 2105 ᠬᠤᠪᠢ ᠪᠠᠢᠷᠢᠯᠠᠭᠤᠯᠵᠤ᠂ ᠣᠯᠠᠨ ᠲᠠᠯ᠎ᠠ᠎ᠡᠴᠡ ᠪᠠᠢᠴᠠᠭᠠᠯᠲᠠ ᠬᠢᠬᠦ᠌ ᠨᠣᠷᠮ᠎ᠠ 44.44% ᠪᠡᠷ ᠪᠠᠭᠤᠷᠠᠪᠠ; ᠪᠥᠬᠥ᠌ ᠣᠷᠣᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠪᠠᠢᠭᠤᠯᠭ᠎ᠠ ᠱᠢᠰᠲ᠋ᠧᠮ᠎ᠦᠨ ᠪᠠᠢᠷᠢᠯᠠᠭᠤᠯᠤᠯᠲᠠ᠎ᠪᠠᠷ ᠳᠡᠮᠵᠢᠨ 1.9 ᠲᠦᠮᠡ ᠭᠠᠷᠤᠶ ᠬᠤᠪᠢ ᠪᠠᠢᠴᠠᠭᠠᠬᠤ ᠡᠭᠦᠷᠭᠡ᠎ᠶ᠋ᠢ ᠪᠠᠢᠷᠢᠯᠠᠭᠤᠯᠵᠤ᠂ ᠣᠯᠠᠨ ᠲᠠᠯ᠎ᠠ᠎ᠡᠴᠡ ᠪᠠᠢᠴᠠᠭᠠᠯᠲᠠ ᠬᠢᠬᠦ᠌ ᠨᠣᠷᠮ᠎ᠠ᠎ᠶ᠋ᠢ 71.68% ᠪᠡᠷ ᠪᠠᠭᠤᠷᠠᠭᠤᠯᠵᠤ᠂ ᠠᠵᠤ ᠠᠬᠤᠢᠯᠠᠯ᠎ᠤᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢᠨ ᠠᠵᠢᠯ᠎ᠳᠤ ᠰᠡᠳᠭᠢᠯ ᠬᠠᠨᠤᠮᠵᠢᠲᠠᠶ ᠪᠠᠢᠬᠤ ᠬᠡᠮᠵᠢᠶ᠎ᠡ 100%᠎ᠳ᠋ᠤ ᠬᠦᠷᠴᠡᠶ᠃

《ᠤᠴᠢᠷ ᠦᠭᠡᠢ ᠪᠣᠯ ᠦᠢᠮᠡᠬᠦᠯᠬᠦ ᠦᠭᠡᠢ᠂ ᠬᠡᠷᠡᠭ᠌ᠴᠡᠭᠡ ᠱᠠᠭᠠᠷᠳᠠᠯᠭ᠎ᠠ᠎ᠲᠡᠶ ᠪᠣᠯ ᠯᠠᠪᠳᠠᠢ ᠰᠢᠢᠳᠪᠤᠷᠢᠯᠡᠵᠤ ᠦᠭᠬᠦᠨ᠎ᠠ》 ᠭᠡᠵᠦ᠍ ᠪᠤᠶᠠᠨᠭᠠᠷᠤᠳᠢ ᠭᠠᠷ ᠤᠲᠠᠰᠤ᠎ᠪᠠᠨ ᠤᠷᠤᠯᠳᠤᠬᠤ ᠵᠢᠨ ᠳᠠᠭᠠᠤ᠂ 《ᠣᠲᠣ ᠪᠢᠳᠡ ᠶᠡᠷᠦ᠍᠎ᠳᠡᠭᠡᠨ 〈ᠭᠠᠭ᠍ᠴᠠᠭᠠᠷ ᠠᠵᠢᠯᠯᠠᠬᠤ〉 ᠪᠡᠨ ᠪᠠᠢᠵᠤ᠂ ᠬᠠᠷᠢᠨ ᠣᠯᠠᠨ ᠰᠠᠯᠠᠭ᠎ᠠ ᠮᠥᠴᠢᠷ ᠬᠣᠯᠪᠣᠭᠠᠯᠠᠨ᠂ ᠲᠤᠰᠭᠠᠶ ᠵᠦᠶ᠋ᠯ᠎ᠢᠶᠡᠷ ᠨᠢᠭᠡᠳᠦᠯᠲᠡᠶ ᠲᠥᠯᠥᠪᠵᠢᠭᠦᠯᠵᠦ᠍᠂ 〈ᠨᠢᠭᠡ ᠯᠡ ᠤᠳᠠᠭ᠎ᠠ ᠣᠷᠣᠵᠤ᠂ ᠣᠯᠠᠨ ᠤᠴᠢᠷ ᠶᠠᠪᠤᠳᠠᠯ᠎ᠢ ᠪᠠᠢᠴᠠᠭᠠᠵᠤ〉᠂ ᠠᠵᠤ ᠠᠬᠤᠢᠯᠠᠯ ᠎ᠤᠨ ᠬᠢᠨ ᠰᠠᠨᠠᠭ᠎ᠠ ᠠᠮᠤᠷ ᠡᠵᠡᠩᠨᠡᠭᠦᠯᠬᠦ᠌᠎ᠪᠡᠷ ᠴᠢᠷᠮᠠᠢᠵᠤ ᠪᠠᠢᠨ᠎ᠠ》 ᠭᠡᠵᠤ ᠬᠡᠯᠡᠪᠡ᠃ ᠡᠨᠡ ᠤᠳᠠᠭ᠎ᠠ ᠵᠢᠨ ᠪᠠᠢᠴᠠᠭᠠᠯᠲᠠ᠎ᠳᠤ᠂ ᠬᠠᠤᠯᠢ ᠬᠡᠷᠡᠭ᠌ᠵᠢᠭᠦᠯᠬᠦ᠌ ᠠᠵᠢᠯᠲᠠᠨ ᠵᠠᠬᠢᠶᠠᠯᠠᠭ᠎ᠠ᠎ᠶ᠋ᠢᠨ ᠬᠣᠭᠣᠯᠠ ᠬᠦᠷᠭᠡᠬᠦ᠌᠎ᠶ᠋ᠢ ᠤᠳᠠᠭᠠᠱᠢᠷᠠᠭᠤᠯᠤᠭ᠍ᠰᠠᠨ ᠱᠢᠯᠲᠠᠭᠠᠨ᠎ᠢ ᠬᠠᠷᠭᠤᠭᠤᠯᠤᠭ᠍ᠰᠠᠨ ᠵᠢᠡᠷ ᠪᠠᠷᠠᠬᠤ ᠦᠭᠡᠢ ᠪᠠᠰᠠ ᠬᠣᠭᠣᠯᠠᠨ ᠬᠡᠷ᠎ᠦᠨ ᠭᠡᠷᠡᠴᠢ ᠦᠨᠡᠮᠯᠡᠯ ᠭᠦᠶ᠋ᠴᠡᠳᠭᠡᠬᠦ᠌᠂ ᠢᠳᠡᠭᠡᠨ᠎ᠦ ᠠᠮᠤᠷ ᠲᠦᠪᠱᠢᠨ᠎ᠦ ᠪᠣᠯᠪᠠᠰᠤᠷᠠᠯ ᠵᠡᠷᠭᠡ ᠲᠠᠯ᠎ᠠ᠎ᠪᠠᠷ ᠬᠦᠴᠢᠷᠳᠡᠯ ᠣᠷᠣᠱᠢᠵᠤ ᠪᠠᠢᠬᠤ ᠡᠰᠡᠬᠦ᠌᠎ᠶ᠋ᠢ ᠰᠠᠨᠠᠭᠠᠴᠢᠯᠠᠭ᠎ᠠ᠎ᠡᠴᠡ᠎ᠪᠠᠨ ᠯᠠᠪᠯᠠᠨ ᠠᠰᠠᠭᠤᠭ᠍ᠰᠠᠨ ᠪᠥᠭᠡᠳ ᠲᠤᠬᠠᠶ᠎ᠶ᠋ᠢᠨ ᠲᠠᠯᠠᠪᠠᠶ᠎ᠳᠤ ᠬᠠᠤᠯᠢ ᠲᠦᠭᠡᠮᠡᠯᠵᠢᠭᠦᠯᠪᠠ᠃

ᠯᠢ ᠱᠢᠤᠢ ᠬᠣᠩ᠄《ᠥᠩᠭᠡᠷᠡᠭ᠌ᠰᠡᠨ᠎ᠳᠦ ᠬᠠᠤᠯᠢ ᠬᠡᠷᠡᠭ᠌ᠵᠢᠭᠦᠯᠦᠯᠲᠡ ᠨᠢ ᠳᠠᠷᠤᠢ ᠠᠰᠠᠭᠤᠳᠠᠯ ᠡᠷᠢᠵᠦ᠍ ᠪᠠᠢᠨ᠎ᠠ ᠭᠡᠵᠦ᠍ ᠪᠤᠳᠤᠵᠤ ᠪᠠᠢᠵᠠᠢ᠂ ᠤᠳᠤ ᠬᠠᠷᠢᠨ ᠪᠢᠳᠡᠨ᠎ᠢ ᠬᠠᠪᠰᠤᠷᠤᠨ ᠡᠵᠡᠩᠨᠡᠯᠲᠡ᠎ᠶ᠋ᠢ ᠵᠢᠷᠤᠮᠵᠢᠭᠤᠯᠵᠤ ᠪᠠᠢᠨ᠎ᠠ ᠭᠡᠵᠦ᠍ ᠪᠤᠳᠤᠬᠤ ᠪᠣᠯᠵᠠᠢ᠃ ᠭᠠᠷ ᠤᠲᠠᠰᠤ᠎ᠪᠡᠷ ᠵᠢᠡᠨ ᠱᠢᠷᠪᠢᠵᠦ᠍ ᠦᠵᠡᠪᠡᠯ 〈ᠬᠡᠨ ᠢᠷᠠᠵᠤ ᠪᠠᠢᠴᠠᠭᠠᠬᠤ〉᠂ 〈ᠶᠠᠭᠤ ᠪᠠᠢᠴᠠᠭᠠᠬᠤ〉 ᠶ᠋ᠢ ᠮᠡᠳᠡᠴᠢᠬᠡᠨ᠎ᠡ᠂ ᠰᠦᠯᠵᠢᠶᠡᠨ ᠳᠡᠭᠡᠷ᠎ᠡ ᠪᠠᠰᠠ ᠦᠨᠡᠯᠡᠵᠦ᠍ ᠪᠣᠯᠤᠨ᠎ᠠ᠂ ᠡᠨᠡ ᠨᠢ ᠪᠢᠳᠡᠨ᠎ᠳᠦ ᠬᠦᠨᠳᠦᠳᠭᠡᠭ᠌ᠳᠡᠵᠤ ᠪᠠᠢᠭ᠎ᠠ ᠲᠦᠷᠦᠭᠳᠡᠯ ᠦᠭᠴᠦ᠂ ᠠᠵᠤ ᠠᠬᠤᠢᠯᠠᠯ᠎ᠤᠨ ᠬᠥᠭ᠌ᠵᠢᠯᠲᠡ ᠎ᠳᠡᠭᠡᠨ ᠨᠠᠩ ᠢᠲᠡᠭᠡᠯ᠎ᠲᠡᠶ ᠪᠣᠯᠤᠭ᠍ᠰᠠᠨ ᠪᠠᠢᠨ᠎ᠠ》 ᠭᠡᠵᠤ ᠬᠦᠨ ᠲᠦᠷᠦᠭᠳᠡᠯ ᠲᠠᠢ ᠬᠡᠯᠡᠪᠡ᠃

《〈ᠺᠣᠳ᠋ ᠱᠢᠷᠪᠢᠵᠦ᠍ ᠠᠵᠤ ᠠᠬᠤᠢᠯᠠᠯ᠎ᠳᠤ ᠣᠷᠤᠬᠤ〉 ᠱᠢᠰᠲ᠋ᠧᠮ᠎ᠦᠨ ᠬᠡᠷᠡᠭ᠌ᠯᠡᠯᠲᠡ ᠨᠢ ᠮᠠᠨ᠎ᠤ ᠣᠷᠣᠨ᠎ᠤ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶ᠋ᠢ ᠲᠣᠭᠠᠴᠢᠯᠠᠯᠲᠠ᠂ ᠵᠢᠷᠤᠮᠵᠢᠭᠤᠯᠤᠯᠲᠠ ᠱᠢᠨ᠎ᠡ ᠱᠠᠲᠤᠨ᠎ᠳᠤ ᠣᠷᠣᠭ᠍ᠰᠠᠨ᠎ᠢ ᠬᠠᠷᠠᠭᠤᠯᠵᠤ᠂ ᠵᠠᠰᠠᠭ ᠠᠵᠤ ᠠᠬᠤᠢᠯᠠᠯ᠎ᠤᠨ ᠬᠤᠤᠰ ᠴᠢᠭ᠌ᠯᠡᠯ᠎ᠢᠶᠡᠷ ᠬᠤᠷᠰᠢᠯᠴᠠᠬᠤ ᠬᠥᠭᠥᠷᠭᠡ᠎ᠶ᠋ᠢ ᠪᠠᠢᠭᠤᠯᠵᠤ᠂ ᠬᠠᠤᠯᠢ ᠬᠡᠷᠡᠭ᠌ᠵᠢᠭᠦᠯᠦᠯᠲᠡ᠎ᠶ᠋ᠢ 〈ᠬᠠᠮᠢᠶᠠᠷᠤᠯᠲᠠ᠎ᠶ᠋ᠢᠨ ᠬᠡᠯᠪᠡᠷᠢ〉 ᠡᠴᠡ 〈ᠦᠶ᠋ᠯᠡᠴᠢᠯᠡᠭᠡᠨ᠎ᠦ ᠬᠡᠯᠪᠡᠷᠢ〉 ᠳᠠᠢᠰᠢ ᠬᠤᠪᠢᠷᠠᠭᠤᠯᠬᠤ᠎ᠶ᠋ᠢ ᠠᠬᠢᠭᠤᠯᠪᠠ》᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠦᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠶ᠋ᠢ ᠵᠣᠬᠢᠴᠠᠭᠤᠯᠤᠨ ᠬᠢᠨᠠᠯᠲᠠ ᠲᠠᠯᠪᠢᠬᠤ ᠲᠣᠪᠴᠢᠶ᠎ᠠ᠎ᠶ᠋ᠢᠨ ᠳᠡᠳ᠋ ᠳᠠᠷᠤᠭ᠎ᠠ ᠯᠢᠦ ᠵᠢᠶᠠᠨ ᠷᠦᠢ᠂ 《ᠪᠢᠳᠡ 〈ᠺᠣᠳ᠋ ᠱᠢᠷᠪᠢᠵᠦ᠍ ᠠᠵᠤ ᠠᠬᠤᠢᠯᠠᠯ᠎ᠳᠤ ᠣᠷᠣᠬᠤ〉 ᠱᠢᠰᠲ᠋ᠧᠮ᠎ᠦᠨ ᠬᠡᠷᠡᠭ᠌ᠯᠡᠭᠡᠨ᠎ᠦ ᠦᠢᠯᠡᠳᠦᠯ ᠴᠢᠳᠠᠪᠤᠷᠢ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠱᠢᠰᠲ᠋ᠧᠮ᠎ᠦᠨ ᠴᠢᠳᠠᠮᠵᠢ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ 〈ᠨᠢᠭᠡ ᠤᠳᠠᠭ᠎ᠠ ᠶᠡᠷᠦᠩᠬᠡᠢᠯᠡᠨ ᠪᠠᠢᠴᠠᠭᠠᠬᠤ〉 ᠶ᠋ᠢᠨ ᠳᠣᠭᠢᠷᠠᠬᠤ ᠬᠦᠷᠢᠶ᠎ᠡ ᠬᠡᠪᠴᠢᠶ᠎ᠡ ᠪᠠ ᠬᠠᠮᠤᠷᠬᠤ ᠬᠡᠪᠴᠢᠶ᠎ᠡ᠎ᠶ᠋ᠢ ᠥᠷᠭᠡᠳᠭᠡᠵᠦ᠍᠂ ᠦᠶ᠋ᠯᠡᠴᠢᠯᠡᠭᠡᠨ᠎ᠦ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠬᠠᠤᠯᠢ᠎ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠬᠠᠮᠠᠭᠠᠯᠠᠨ᠎ᠠ》 ᠭᠡᠵᠤ ᠢᠯᠡᠳᠭᠡᠪᠡ᠃

[ᠰᠤᠷᠪᠤᠯᠵᠢᠯᠠᠭ᠍ᠴᠢ᠎ᠶ᠋ᠢᠨ ᠡᠪᠤᠷ ᠲᠡᠮᠳᠡᠭ᠌ᠯᠡᠯ]

ᠵᠢᠵᠢᠭ᠌ᠬᠡᠨ ᠬᠣᠶᠠᠷ ᠬᠡᠮᠵᠢᠯᠳᠦ ᠺᠣᠳ᠋ ᠨᠢ ᠬᠠᠤᠯᠢ ᠬᠡᠷᠡᠭ᠌ᠵᠢᠭᠦᠯᠵᠦ ᠬᠢᠨᠠᠯᠲᠠ ᠲᠠᠯᠪᠢᠬᠤ ᠰᠠᠯᠠᠭ᠎ᠠ ᠮᠥᠴᠢᠷ ᠪᠣᠯᠤᠨ ᠠᠵᠤ ᠠᠬᠤᠢᠯᠠᠯ᠎ᠤᠨ ᠤᠯᠤᠯᠴᠠᠭ᠎ᠠ ᠬᠠᠷᠢᠯᠴᠠᠭ᠎ᠠ᠎ᠶ᠋ᠢᠨ ᠬᠥᠭᠥᠷᠭᠡ᠎ᠶ᠋ᠢ ᠪᠤᠰᠭᠠᠪᠠ᠃ 《ᠺᠣᠳ᠋ ᠱᠢᠷᠪᠢᠵᠦ᠍ ᠠᠵᠤ ᠠᠬᠤᠢᠯᠠᠯ᠎ᠳᠤ ᠣᠷᠣᠬᠤ》 ᠨᠢ ᠦᠵᠡᠬᠦ᠌᠎ᠳᠦ ᠮᠡᠷᠭᠡᠵᠢᠯ᠎ᠦᠨ ᠲᠠᠰ ᠳᠠᠪᠱᠢᠯᠲᠠ ᠱᠢᠭ᠋ ᠪᠣᠯᠪᠠᠴᠤ᠌ ᠦᠨᠡᠨ᠎ᠳᠡᠭᠡᠨ ᠵᠠᠰᠠᠯᠲᠠ᠎ᠶ᠋ᠢᠨ ᠯᠣᠭᠢᠭ᠎ᠤᠨ ᠭᠦᠨᠵᠡᠭᠡᠶ ᠬᠤᠪᠢᠰᠤᠯᠲᠠ ᠮᠥᠨ᠂ ᠲᠡᠷᠡ ᠨᠢ ᠤᠳᠠᠭ᠎ᠠ ᠪᠦᠷᠢ᠎ᠶ᠋ᠢᠨ ᠪᠠᠢᠴᠠᠭᠠᠯᠲᠠ᠎ᠳᠤ ᠴᠥᠮ ᠵᠢᠷᠤᠮᠯᠠᠬᠤ᠎ᠡᠴᠡ ᠦᠨᠳᠦᠰᠦ ᠪᠠᠷᠢᠮᠲᠠ᠎ᠲᠠᠶ᠂ ᠪᠠᠢᠴᠠᠭᠠᠬᠤ᠎ᠡᠴᠡ ᠦᠨᠳᠦᠰᠦ ᠪᠠᠷᠢᠮᠲᠠ᠎ᠲᠠᠶ᠂ ᠦᠨᠡᠯᠡᠬᠦ᠌᠎ᠡᠴᠡ ᠦᠨᠳᠦᠰᠦ ᠪᠠᠷᠢᠮᠲᠠ᠎ᠲᠠᠶ ᠪᠣᠯᠭᠠᠵᠠᠶ᠃

ᠠᠵᠤ ᠠᠬᠤᠢᠯᠠᠯ᠎ᠳᠤ ᠠᠪᠴᠤ᠌ ᠬᠡᠯᠡᠪᠡᠯ᠂ ᠺᠣᠳ᠋ ᠱᠢᠷᠪᠢᠵᠦ᠍ ᠺᠣᠳ᠋᠎ᠢᠶᠠᠨ ᠭᠠᠷᠭᠠᠬᠤ ᠨᠢ ᠪᠠᠢᠳᠠᠯ᠎ᠢ ᠮᠡᠳᠡᠬᠦ᠌ ᠡᠷᠬᠡ ᠪᠠ ᠬᠢᠨᠠᠯᠲᠠ ᠲᠠᠯᠪᠢᠬᠤ ᠡᠷᠬᠡ᠎ᠶ᠋ᠢᠨ ᠪᠤᠴᠠᠵᠤ ᠢᠷᠡᠬᠦ᠌᠎ᠶ᠋ᠢ ᠬᠠᠷᠠᠭᠤᠯᠵᠤ ᠪᠠᠢᠨ᠎ᠠ᠂ ᠠᠵᠤ ᠠᠬᠤᠢᠯᠠᠯ 《ᠭᠡᠨᠡᠳᠲᠡ᠎ᠶ᠋ᠢᠨ ᠪᠠᠢᠴᠠᠭᠠᠯᠲᠠ》 ᠵᠢ ᠰᠠᠨᠠᠭᠠᠴᠢᠯᠠᠭ᠎ᠠ ᠥᠬᠡᠶ ᠬᠦᠯᠢᠶᠡᠬᠦ᠌ ᠪᠡᠨ ᠪᠤᠯᠢᠵᠤ᠂ ᠬᠠᠷᠢᠨ ᠦᠨᠡᠯᠡᠯᠲᠡ᠎ᠶ᠋ᠢᠨ ᠬᠠᠷᠢᠭᠤ ᠲᠤᠰᠭᠠᠯ᠎ᠳᠤ ᠡᠷᠬᠡ ᠲᠡᠭ᠌ᠰᠢ᠎ᠪᠡᠷ ᠣᠷᠣᠯᠴᠠᠬᠤ ᠪᠣᠯᠤᠨ᠎ᠠ᠃ ᠬᠠᠤᠯᠢ ᠬᠡᠷᠡᠭ᠌ᠵᠢᠭᠦᠯᠬᠦ᠌ ᠠᠵᠢᠯᠲᠠᠨ᠎ᠳᠤ ᠠᠪᠴᠤ᠌ ᠬᠡᠯᠡᠪᠡᠯ᠂ ᠺᠣᠳ᠋ ᠱᠢᠷᠪᠢᠬᠦ᠌ ᠪᠦᠷᠢ ᠴᠥᠮ ᠨᠢᠭᠡ ᠤᠳᠠᠭ᠎ᠠ ᠢᠯᠡ᠎ᠪᠡᠷ 《ᠱᠢᠭᠤᠳ ᠨᠡᠪᠲᠡᠷᠡᠭᠦᠯᠭᠡ》 ᠬᠢᠵᠦ᠍᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠡᠷᠬᠡ᠎ᠪᠡᠨ ᠵᠢᠷᠤᠮᠵᠢᠭᠤᠨ ᠬᠡᠷᠡᠭ᠌ᠯᠡᠬᠦ᠌᠎ᠶ᠋ᠢ ᠭᠡᠳᠡᠷᠭᠦ᠌ ᠱᠢᠬᠠᠮᠳᠠᠭᠤᠯᠳᠠᠭ᠃ ᠡᠨᠡ ᠬᠦ᠌ ᠬᠣᠣᠰ ᠴᠢᠭ᠌ᠯᠡᠯ᠎ᠦᠨ ᠬᠢᠵᠠᠭᠠᠷᠯᠠᠯ ᠨᠢ ᠶᠠᠭ ᠳᠤᠷ᠎ᠠ᠎ᠪᠠᠷ᠎ᠢᠶᠠᠨ ᠪᠠᠢᠴᠠᠭᠠᠬᠤ᠂ ᠳᠤᠷ᠎ᠠ ᠵᠣᠷᠢᠭ᠎ᠢᠶᠠᠷ᠎ᠢᠶᠠᠨ ᠬᠠᠤᠯᠢ ᠬᠡᠷᠡᠭ᠌ᠵᠢᠭᠦᠯᠬᠦ᠌᠎ᠶ᠋ᠢ ᠲᠠᠢᠯᠬᠤ ᠰᠠᠢ᠌ᠨ ᠠᠷᠭ᠎ᠠ ᠪᠣᠯᠤᠨ᠎ᠠ᠃

ᠢᠯᠡ ᠲᠣᠳᠣ ᠪᠠᠢᠬᠤ᠎ᠶ᠋ᠢ ᠬᠡᠪ᠎ᠦᠨ ᠪᠠᠢᠳᠠᠯ ᠪᠣᠯᠭᠠᠵᠤ᠂ ᠵᠢᠷᠤᠮᠵᠢᠭᠤᠯᠬᠤ᠎ᠶ᠋ᠢ ᠳᠠᠳᠭᠠᠯ ᠪᠣᠯᠭᠠᠵᠤ᠂ ᠠᠵᠤ ᠠᠬᠤᠢᠯᠠᠯ ᠥᠪᠡᠷ᠎ᠦᠨ ᠬᠦᠴᠦ᠍᠎ᠪᠡᠷ᠎ᠢᠶᠡᠨ ᠳᠠᠷᠤᠭᠠᠰᠤ ᠦᠭᠡᠢ ᠠᠵᠢᠯᠯᠠᠵᠤ ᠴᠢᠳᠠᠪᠠᠯ᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ ᠯᠠᠪᠲᠠᠢ ᠦᠷᠢᠰᠦᠯᠳᠦᠨ ᠪᠠᠳᠠᠷᠠᠬᠤ ᠪᠣᠯᠤᠨ᠎ᠠ᠃ ᠡᠨᠡ ᠬᠦ᠌ ᠬᠣᠶᠠᠷ ᠬᠡᠮᠵᠢᠯᠳᠦ ᠺᠤᠳ᠋ ᠨᠢ ᠲᠣᠭ᠎ᠠ ᠪᠠᠷᠢᠮᠲᠠ᠎ᠶ᠋ᠢ ᠠᠴᠢᠶᠠᠯᠠᠵᠤ ᠪᠠᠢᠬᠤ᠎ᠪᠦᠭᠡᠳ ᠨᠡᠩ ᠴᠤ᠌ ᠬᠠᠤᠯᠢ᠎ᠪᠠᠷ ᠵᠠᠰᠠᠬᠤ᠎ᠶ᠋ᠢᠨ ᠬᠠᠯᠠᠭᠤᠨ ᠳᠤᠯᠠᠭᠠᠨ ᠪᠠ ᠵᠠᠬ᠎ᠠ ᠳᠡᠯᠭᠡᠭᠦᠷ᠎ᠦᠨ ᠢᠲᠡᠭᠡᠯ᠎ᠢ ᠠᠴᠢᠶᠠᠯᠠᠵᠤ ᠪᠠᠢᠳᠠᠭ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号