ᠦᠪᠦᠷ ᠮᠤᠩᠭᠤᠯ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠬᠤᠷᠢᠭ᠎ᠠ ᠱᠤᠭᠤᠮ ᠢ᠋ ᠪᠦᠬᠦ ᠲᠠᠯ᠎ᠠ ᠪᠡᠷ ᠪᠡᠬᠢᠵᠢᠭᠦᠯᠪᠡ
2026-04-07 15:38:55
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠴᠡ ᠤᠢᠯᠠᠭᠠᠭᠰᠠᠨ ᠶ᠋ᠢᠡᠷ᠂ ᠪᠦᠬᠦ ᠤᠷᠤᠨ ᠤ᠋ ᠡᠯ᠎ᠠ ᠱᠠᠳᠤᠨ ᠤ᠋ ᠬᠤᠯᠪᠤᠭᠳᠠᠯ ᠪᠦᠬᠦᠢ ᠰᠠᠯᠠᠭ᠎ᠠ ᠮᠦᠴᠢᠷ ᠤ᠋ᠨ ᠬᠢᠨ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠬᠤᠷᠢᠭ᠎ᠠ ᠱᠤᠭᠤᠮ ᠢ᠋ ᠪᠦᠬᠦ ᠲᠠᠯ᠎ᠠ ᠪᠡᠷ ᠪᠡᠬᠢᠵᠢᠭᠦᠯᠤᠨ᠂ ᠤᠯᠠᠨ ᠲᠦᠮᠡᠨ ᠤ᠋ ᠡᠷᠡᠭᠦᠯ ᠮᠡᠨᠳᠦ ᠠᠮᠦᠷ ᠲᠦᠪᠰᠢᠨ ᠳ᠋ᠤ ᠡᠷᠴᠢᠮᠳᠠᠢ ᠪᠠᠳᠤᠯᠠᠭ᠎ᠠ ᠬᠠᠩᠭᠠᠵᠤ ᠪᠠᠢᠨ᠎ᠠ᠃

ᠲᠦᠭᠰᠢᠭᠦᠷᠢ ᠶ᠋ᠢ ᠰᠡᠷᠭᠡᠢᠯᠡᠨ ᠡᠵᠡᠮᠳᠡᠬᠦ ᠲᠠᠯ᠎ᠠ ᠪᠡᠷ᠂ 2025 ᠤᠨ ᠳ᠋ᠤ ᠪᠦᠬᠦ ᠤᠷᠤᠨ ᠤ᠋ ᠡᠯ᠎ᠠ ᠱᠠᠳᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠰᠠᠯᠠᠭ᠎ᠠ ᠮᠦᠴᠢᠷ ᠤ᠋ᠨ ᠬᠢᠨ ᠡᠮ ᠤ᠋ᠨ ᠵᠦᠢᠯᠡᠰ ᠡᠵᠡᠩᠨᠡᠬᠦ ᠭᠤᠤᠯ ᠴᠤᠭᠴᠠ ᠳ᠋ᠤ 6.2 ᠲᠦᠮᠡᠨ ᠤᠳᠠᠭ᠎ᠠ ᠪᠠᠢᠴᠠᠭᠠᠯᠳᠠ ᠬᠢᠵᠦ᠂ 468 ᠲᠦᠭᠰᠢᠭᠦᠷᠢ ᠶ᠋ᠢᠨ ᠴᠡᠭ ᠢ᠋ ᠮᠠᠭᠠᠳᠯᠠᠵᠤ ᠳᠤᠭᠳᠠᠭᠠᠨ᠂ ᠤᠯᠤᠰ ᠪᠠ ᠦᠪᠡᠷᠳᠡᠭᠡᠨ ᠵᠠᠰᠠᠬᠤ ᠤᠷᠤᠨ ᠤ᠋ ᠡᠯ᠎ᠠ ᠱᠠᠳᠤᠨ ᠤ᠋ ᠰᠤᠭᠤᠴᠢᠨ ᠪᠠᠢᠴᠠᠭᠠᠬᠤ ᠡᠭᠦᠷᠭᠡ ᠶ᠋ᠢ 7840 ᠪᠦᠯᠦᠭ ᠪᠡᠶᠡᠯᠡᠭᠦᠯᠵᠦ᠂ 30 ᠪᠦᠯᠦᠭ ᠬᠢᠷᠢ ᠲᠡᠩᠴᠡᠬᠦ ᠦᠭᠡᠢ ᠦᠢᠯᠡᠳᠭᠦᠨ ᠢ᠋ ᠰᠢᠢᠳᠪᠤᠷᠢᠯᠡᠨ᠂ ᠬᠠᠷᠰᠢᠬᠤ ᠢᠯᠡᠷᠡᠯ ᠤ᠋ᠨ ᠬᠡᠷᠡᠭ ᠤ᠋ᠨ ᠮᠡᠳᠡᠭᠦᠯᠦᠯᠳᠡ ᠶ᠋ᠢ 53542 ᠬᠤᠪᠢ ᠬᠢᠨᠠᠨ ᠵᠠᠳᠠᠯᠵᠤ᠂ 9 ᠲᠦᠭᠰᠢᠭᠦᠷᠢ ᠶ᠋ᠢᠨ ᠮᠡᠳᠡᠭᠡ ᠵᠠᠩᠬᠢ ᠶ᠋ᠢ ᠳᠡᠭᠡᠭᠰᠢ ᠮᠡᠳᠡᠭᠦᠯᠪᠡ᠃

ᠲᠦᠪ ᠪᠤᠰᠤ ᠰᠤᠷᠳᠠᠯ ᠢ᠋ ᠴᠡᠭᠴᠡᠯᠡᠨ ᠵᠠᠰᠠᠬᠤ ᠲᠠᠯ᠎ᠠ ᠪᠡᠷ᠂ ᠪᠦᠬᠦ ᠤᠷᠤᠨ ᠤ᠋ ᠡᠮ ᠤ᠋ᠨ ᠵᠦᠢᠯᠡᠰ ᠤ᠋ᠨ ᠡᠵᠡᠩᠨᠡᠯᠳᠠ ᠶ᠋ᠢᠨ ᠭᠤᠭᠴᠤᠭ᠎ᠠ ᠶ᠋ᠢᠨ 《ᠤᠭ ᠦᠨᠳᠦᠰᠦ ᠡᠴᠡ ᠨᠢ ᠴᠡᠭᠴᠡᠯᠡᠨ ᠵᠠᠰᠠᠬᠤ》 ᠠᠵᠢᠯᠯᠠᠭ᠎ᠠ ᠬᠢᠭᠡᠳ ᠡᠮᠴᠢᠯᠡᠭᠡᠨ ᠤ᠋ ᠪᠠᠳᠤᠯᠠᠭ᠎ᠠ ᠶ᠋ᠢᠨ ᠰᠠᠭᠤᠷᠢ ᠮᠦᠩᠬᠦᠨ ᠤ᠋ ᠬᠠᠮᠢᠶᠠᠷᠤᠯᠳᠠ ᠶ᠋ᠢᠨ ᠲᠤᠪᠤᠢᠮ᠎ᠠ ᠠᠰᠠᠭᠤᠳᠠᠯ ᠵᠡᠷᠭᠡ ᠤᠯᠠᠨ ᠲᠦᠮᠡᠨ ᠤ᠋ ᠳᠡᠷᠭᠡᠳᠡᠬᠢ ᠴᠢᠭᠡᠴᠢ ᠪᠤᠰᠤ ᠰᠤᠷᠳᠠᠯ ᠪᠠ ᠢᠯᠵᠢᠷᠠᠯ ᠤ᠋ᠨ ᠠᠰᠠᠭᠤᠳᠠᠯ ᠢ᠋ ᠲᠦᠪᠯᠡᠷᠡᠭᠦᠯᠦᠨ ᠴᠡᠭᠴᠡᠯᠡᠨ ᠵᠠᠰᠠᠬᠤ ᠶ᠋ᠢ ᠨᠢᠭᠡ ᠴᠤᠭᠴᠠᠵᠢᠭᠤᠯᠤᠨ ᠠᠬᠢᠭᠤᠯᠵᠤ᠂ 2792 ᠵᠦᠢᠯ ᠤ᠋ᠨ ᠭᠡᠮ ᠰᠤᠭᠤᠭ ᠢ᠋ ᠪᠠᠢᠴᠠᠭᠠᠨ ᠠᠷᠢᠯᠭᠠᠪᠠ᠃ ᠡᠮᠴᠢᠯᠡᠭᠡᠨ ᠤ᠋ ᠪᠠᠳᠤᠯᠠᠭ᠎ᠠ ᠶ᠋ᠢᠨ ᠮᠦᠩᠬᠦ ᠪᠡᠷ ᠠᠪᠤᠭᠰᠠᠨ ᠡᠮ ᠢ᠋ ᠳᠠᠬᠢᠨᠳᠠ ᠵᠠᠬ᠎ᠠ ᠳᠡᠯᠭᠡᠭᠦᠷ ᠤ᠋ᠨ ᠭᠦᠢᠯᠭᠡᠭᠡᠨ ᠳ᠋ᠤ ᠤᠷᠤᠭᠤᠯᠬᠤ ᠠᠵᠢᠯᠯᠠᠭ᠎ᠠ ᠳ᠋ᠤ ᠴᠢᠩᠭ᠎ᠠ ᠴᠤᠬᠢᠯᠳᠠ ᠦᠭᠴᠤ᠂ ᠡᠵᠡᠩᠨᠡᠬᠦ ᠪᠡᠨ ᠪᠤᠯᠢᠭᠰᠠᠨ 2715 ᠵᠢᠵᠢᠭᠯᠡᠨ ᠪᠤᠷᠤᠯᠠᠭᠤᠯᠬᠤ ᠡᠮ ᠤ᠋ᠨ ᠳᠡᠯᠭᠡᠭᠦᠷ ᠢ᠋ ᠱᠠᠯᠠᠪᠳᠠᠨ ᠵᠢᠯᠤᠭᠤᠳᠴᠤ ᠬᠦᠮᠦᠷᠭᠡ ᠳ᠋ᠡᠬᠢ ᠡᠮ ᠤ᠋ᠨ ᠵᠦᠢᠯᠡᠰ ᠢ᠋ ᠨᠢ ᠳᠤᠭᠳᠠᠭᠠᠯ ᠶᠤᠰᠤᠭᠠᠷ ᠰᠢᠢᠳᠪᠤᠷᠢᠯᠡᠵᠠᠢ᠃ ᠮᠡᠳᠡᠭᠡ ᠵᠠᠩᠬᠢ ᠶ᠋ᠢ ᠬᠠᠮᠳᠤ ᠪᠡᠷ ᠡᠳ᠋ᠯᠡᠬᠦ ᠵᠡᠷᠭᠡ ᠠᠷᠭ᠎ᠠ ᠪᠠᠷᠢᠯ ᠶ᠋ᠢᠡᠷ 5.6 ᠲᠦᠮᠡ ᠭᠠᠷᠤᠢ ᠳᠠᠩᠰᠠᠯᠠᠭᠤᠯᠤᠭᠰᠠᠨ ᠡᠮ ᠪᠠᠷᠢᠭᠴᠢ ᠶ᠋ᠢᠨ ᠮᠡᠳᠡᠭᠡ ᠵᠠᠩᠬᠢ ᠶ᠋ᠢ ᠨᠡᠢᠳᠡᠯᠡᠨ᠂ ᠡᠮ ᠪᠠᠷᠢᠭᠴᠢ ᠶ᠋ᠢᠨ ᠦᠨᠡᠮᠯᠡᠯ ᠶ᠋ᠢᠡᠨ ᠪᠤᠰᠤᠳ ᠲᠤ᠌ ᠵᠢᠭᠡᠯᠡᠭᠦᠯᠦᠨ ᠬᠡᠷᠡᠭᠯᠡᠭᠰᠡᠨ 998 ᠬᠦᠮᠦᠨ ᠢ᠋ ᠤᠯᠠᠨ ᠳ᠋ᠤ ᠵᠠᠷᠯᠠᠨ ᠰᠢᠢᠳᠭᠡᠯ ᠤᠯᠭᠤᠪᠠ᠃

ᠭᠤᠤᠯᠳᠠᠯᠭ᠎ᠠ ᠲᠠᠢ ᠬᠦᠷᠢᠶ᠎ᠠ ᠴᠠᠷᠠᠭ᠎ᠠ ᠶ᠋ᠢᠨ ᠬᠢᠨᠠᠨ ᠬᠠᠮᠢᠶᠠᠷᠤᠯᠳᠠ ᠶ᠋ᠢᠨ ᠲᠠᠯ᠎ᠠ ᠪᠡᠷ᠂ ᠲᠦᠪᠯᠡᠷᠡᠭᠦᠯᠦᠨ ᠬᠤᠳᠠᠯᠳᠤᠨ ᠠᠪᠬᠤ ᠡᠮ ᠤ᠋ᠨ ᠵᠦᠢᠯᠡᠰ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠪᠦᠬᠦᠨ ᠢ᠋ ᠬᠢᠨᠠᠨ ᠪᠠᠢᠴᠠᠭᠠᠯᠳᠠ ᠳ᠋ᠤ ᠤᠷᠤᠭᠤᠯᠵᠤ᠂ ᠡᠮ ᠤ᠋ᠨ ᠵᠦᠢᠯᠡᠰ ᠢ᠋ ᠵᠠᠬ᠎ᠠ ᠳᠡᠯᠭᠡᠭᠦᠷ ᠲᠤ᠌ ᠭᠠᠷᠭᠠᠬᠤ ᠵᠦᠪᠰᠢᠶᠡᠷᠡᠯ ᠤ᠋ᠨ ᠦᠨᠡᠮᠯᠡᠯ ᠪᠦᠬᠦᠢ ᠬᠦᠮᠦᠰ ᠤ᠋ᠨ ᠡᠮ ᠤ᠋ᠨ ᠵᠦᠢᠯᠡᠰ ᠤ᠋ᠨ ᠶᠠᠰᠤ ᠴᠢᠨᠠᠷ ᠢ᠋ ᠪᠠᠳᠤᠯᠠᠬᠤ ᠭᠤᠤᠯ ᠴᠤᠭᠴᠠ ᠶ᠋ᠢᠨ ᠬᠠᠷᠢᠭᠤᠴᠠᠯᠭ᠎ᠠ ᠶ᠋ᠢᠨ ᠬᠠᠷ᠎ᠠ ᠴᠠᠭᠠᠨ ᠳᠠᠩᠰᠠ ᠶ᠋ᠢ ᠳᠠᠷᠤᠮᠠᠯᠯᠠᠨ ᠲᠠᠷᠬᠠᠭᠠᠵᠤ᠂ ᠡᠮ ᠤ᠋ᠨ ᠵᠦᠢᠯᠡᠰ ᠤ᠋ᠨ ᠰᠦᠯᠵᠢᠶᠡᠨ ᠳ᠋ᠡᠬᠢ ᠪᠤᠷᠤᠯᠠᠭᠤᠯᠭ᠎ᠠ ᠶ᠋ᠢ ᠬᠢᠨᠠᠨ ᠬᠠᠮᠢᠶᠠᠷᠬᠤ ᠪᠡᠨ ᠴᠢᠩᠭᠠᠳᠬᠠᠨ᠂ 67 ᠬᠤᠪᠢ ᠬᠠᠤᠯᠢ ᠡᠴᠡ ᠵᠦᠷᠢᠴᠡᠭᠰᠡᠨ ᠳᠤᠭᠳᠠᠭᠠᠯ ᠡᠴᠡ ᠵᠦᠷᠢᠴᠡᠭᠰᠡᠨ ᠰᠦᠪᠡᠭᠴᠢ ᠶ᠋ᠢ ᠬᠢᠨᠠᠨ ᠪᠠᠢᠴᠠᠭᠠᠵᠤ ᠰᠢᠢᠳᠪᠤᠷᠢᠯᠡᠪᠡ᠃ ᠡᠮᠴᠢᠯᠡᠭᠡᠨ ᠤ᠋ ᠲᠤᠷᠰᠢᠯᠳᠠ ᠬᠢᠬᠦ ᠪᠠᠢᠭᠤᠯᠤᠮᠵᠢ ᠶ᠋ᠢ ᠬᠢᠨᠠᠨ ᠪᠠᠢᠴᠠᠭᠠᠬᠤ ᠠᠵᠢᠯᠯᠠᠭ᠎ᠠ ᠦᠷᠨᠢᠭᠦᠯᠵᠦ᠂ ᠬᠡᠤᠬᠡᠳ ᠤ᠋ᠨ ᠬᠡᠷᠡᠭᠯᠡᠭᠡᠨ ᠤ᠋ ᠡᠮ ᠤ᠋ᠨ ᠵᠦᠢᠯᠡᠰ᠂ ᠰᠦᠯᠢᠶᠤᠤ ᠠᠭᠤᠯᠤᠭᠳᠠᠬᠤ ᠡᠮ ᠤ᠋ᠨ ᠵᠦᠢᠯᠡᠰ ᠵᠢᠴᠢ ᠤᠨᠴᠠᠭᠠᠢ ᠬᠡᠷᠡᠭᠴᠡᠭᠡᠨ ᠤ᠋ ᠭᠤᠶᠤᠯᠠᠯ ᠤ᠋ᠨ ᠡᠳ᠋ ᠢ᠋ ᠬᠢᠨᠠᠨ ᠪᠠᠢᠴᠠᠭᠠᠬᠤ ᠪᠡᠨ ᠴᠢᠩᠭᠠᠳᠬᠠᠨ᠂ 120 ᠪᠦᠯᠦᠭ ᠭᠤᠶᠤᠯᠠᠯ ᠤ᠋ᠨ ᠡᠳ᠋ ᠢ᠋ ᠬᠢᠨᠠᠨ ᠰᠢᠯᠭᠠᠬᠤ ᠪᠡᠷ ᠳᠠᠮᠵᠢᠨ 7 ᠪᠦᠯᠦᠭ ᠲᠦᠭᠰᠢᠭᠦᠷᠢ ᠲᠠᠢ ᠦᠢᠯᠡᠳᠭᠦᠨ ᠢ᠋ ᠢᠯᠡᠷᠡᠭᠦᠯᠦᠨ ᠰᠢᠢᠳᠪᠤᠷᠢᠯᠡᠵᠠᠢ᠃

ᠬᠠᠤᠯᠢ ᠳᠤᠭᠳᠠᠭᠠᠯ ᠡᠴᠡ ᠵᠦᠷᠢᠴᠡᠭᠰᠡᠨ ᠠᠵᠢᠯᠯᠠᠭ᠎ᠠ ᠶ᠋ᠢ ᠪᠠᠢᠴᠠᠭᠠᠨ ᠰᠢᠢᠳᠪᠤᠷᠢᠯᠡᠬᠦ ᠲᠠᠯ᠎ᠠ ᠪᠡᠷ᠂ 2025 ᠤᠨ ᠳ᠋ᠤ ᠪᠦᠬᠦ ᠤᠷᠤᠨ ᠶ᠋ᠢᠡᠷ ᠶ᠋ᠢᠡᠨ ᠡᠮ ᠤ᠋ᠨ ᠵᠦᠢᠯᠡᠰ ᠡᠮᠴᠢᠯᠡᠭᠡᠨ ᠤ᠋ ᠪᠠᠭᠠᠵᠢ ᠬᠡᠷᠡᠭᠰᠡᠯ ᠪᠠ ᠭᠤᠶᠤᠯᠠᠯ ᠤ᠋ᠨ ᠡᠳ᠋ ᠤ᠋ᠨ ᠬᠦᠷᠢᠶᠡᠨ ᠤ᠋ 2955 ᠬᠤᠪᠢ ᠡᠩ ᠤ᠋ᠨ ᠵᠢᠷᠦᠮ ᠤ᠋ᠨ ᠬᠡᠷᠡᠭ ᠢ᠋ ᠪᠠᠢᠴᠠᠭᠠᠨ ᠰᠢᠢᠳᠪᠤᠷᠢᠯᠡᠵᠦ᠂ 2548.52 ᠲᠦᠮᠡᠨ ᠲᠦᠭᠦᠷᠢᠭ ᠤ᠋ᠨ ᠲᠤᠷᠭᠠᠭᠤᠯᠢ ᠤᠯᠭᠤᠨ᠂ 11 ᠬᠡᠷᠡᠭ ᠤ᠋ᠨ ᠬᠠᠷᠢᠭᠤᠴᠠᠯᠭᠠᠳᠠᠨ ᠳ᠋ᠤ ᠬᠤᠪᠢ ᠬᠦᠮᠦᠨ ᠤ᠋ ᠰᠢᠢᠳᠭᠡᠯ ᠤᠯᠭᠤᠵᠤ᠂ 58.12 ᠲᠤᠨ ᠬᠢᠷᠢ ᠲᠡᠩᠴᠡᠬᠦ ᠦᠭᠡᠢ ᠦᠢᠯᠡᠳᠭᠦᠨ ᠢ᠋ ᠲᠦᠪᠯᠡᠷᠡᠭᠦᠯᠦᠨ ᠤᠰᠠᠳᠬᠠᠪᠠ᠃ 24 ᠮᠤᠵᠢ ᠬᠤᠳᠠ ᠳ᠋ᠤ ᠬᠤᠯᠪᠤᠭᠳᠠᠭᠰᠠᠨ᠂ ᠬᠡᠷᠡᠭ ᠲᠤ᠌ ᠬᠤᠯᠪᠤᠭᠳᠠᠭᠰᠠᠨ ᠪᠡᠯᠡ ᠮᠦᠩᠬᠦ ᠨᠢ ᠳ᠋ᠦᠩᠰᠢᠭᠤᠷ ᠲᠦᠭᠦᠷᠢᠭ ᠢ᠋ ᠳᠠᠪᠠᠭᠰᠠᠨ ᠤᠨᠴᠠ ᠶᠡᠬᠡ ᠮᠤᠵᠢ ᠠᠯᠤᠰᠯᠠᠨ ᠬᠠᠭᠤᠷᠮᠠᠭ ᠡᠮ ᠦᠢᠯᠡᠳᠪᠤᠷᠢᠯᠡᠵᠤ ᠪᠤᠷᠤᠯᠠᠭᠤᠯᠤᠭᠰᠠᠨ 1 ᠬᠡᠷᠡᠭ ᠢ᠋ ᠲᠠᠩᠨᠠᠨ ᠪᠠᠢᠴᠠᠭᠠᠬᠤ ᠳ᠋ᠤ ᠬᠠᠮᠳᠤᠷᠠᠨ ᠠᠵᠢᠯᠯᠠᠵᠤ᠂ 13 ᠬᠡᠷᠡᠭ ᠤ᠋ᠨ ᠰᠡᠵᠢᠭᠳᠡᠨ ᠢ᠋ ᠪᠠᠷᠢᠪᠴᠢᠯᠠᠵᠠᠢ᠃ ᠤᠷᠳᠤᠰ ᠬᠤᠳᠠ 700 ᠭᠠᠷᠤᠢ ᠲᠦᠮᠡᠨ ᠲᠦᠭᠦᠷᠢᠭ ᠤ᠋ᠨ ᠪᠡᠯᠡ ᠮᠦᠩᠬᠦ ᠳ᠋ᠤ ᠬᠤᠯᠪᠤᠭᠳᠠᠭᠰᠠᠨ ᠬᠠᠭᠤᠷᠮᠠᠭ ᠡᠮ ᠪᠤᠷᠤᠯᠠᠭᠤᠯᠤᠭᠰᠠᠨ ᠬᠡᠷᠡᠭ ᠢ᠋ ᠪᠠᠢᠴᠠᠭᠠᠨ ᠰᠢᠢᠳᠪᠤᠷᠢᠯᠡᠪᠡ᠃

ᠡᠭᠦᠨ ᠤ᠋ ᠵᠡᠷᠭᠡ ᠪᠡᠷ ᠮᠠᠨ ᠤ᠋ ᠤᠷᠤᠨ ᠪᠠᠰᠠ ᠤᠯᠤᠰ ᠤ᠋ᠨ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ᠂ ᠵᠡᠭᠦᠨ ᠬᠤᠢᠳᠤ ᠶ᠋ᠢᠨ ᠭᠤᠷᠪᠠᠨ ᠮᠤᠵᠢ ᠶ᠋ᠢᠨ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠰᠠᠯᠠᠭ᠎ᠠ ᠮᠦᠴᠢᠷ ᠲᠠᠢ ᠤᠷᠤᠨ ᠪᠦᠰᠡ ᠠᠯᠤᠰᠯᠠᠭᠰᠠᠨ ᠱᠠᠳᠤ ᠳᠠᠪᠬᠤᠷᠭ᠎ᠠ ᠠᠯᠤᠰᠯᠠᠭᠰᠠᠨ ᠬᠢᠨᠠᠯᠳᠠ ᠬᠠᠮᠢᠶᠠᠷᠤᠯᠳᠠ ᠶ᠋ᠢᠨ ᠬᠠᠮᠵᠢᠯᠴᠠᠭᠠᠨ ᠤ᠋ ᠠᠵᠢᠯᠯᠠᠭ᠎ᠠ ᠶ᠋ᠢ ᠯᠠᠪᠳᠠᠭᠤᠨ ᠪᠠᠳᠤᠳᠠᠢ ᠦᠷᠨᠢᠭᠦᠯᠵᠦ᠂ ᠬᠠᠮᠳᠤᠷᠠᠭᠰᠠᠨ ᠬᠢᠨᠠᠯᠳᠠ ᠬᠠᠮᠢᠶᠠᠷᠤᠯᠳᠠ ᠪᠠ ᠬᠠᠮᠵᠢᠯᠴᠠᠭᠰᠠᠨ ᠬᠠᠤᠯᠢ ᠬᠡᠷᠡᠭᠵᠢᠭᠦᠯᠦᠯᠳᠡ ᠶ᠋ᠢ ᠭᠦᠨᠵᠡᠭᠡᠢᠷᠡᠭᠦᠯᠤᠨ᠂ ᠤᠯᠠᠨ ᠲᠦᠮᠡᠨ ᠤ᠋ ᠡᠷᠡᠭᠦᠯ ᠮᠡᠨᠳᠦ ᠠᠮᠦᠷ ᠲᠦᠪᠰᠢᠨ ᠢ᠋ ᠰᠠᠢᠳᠦᠷ ᠰᠠᠬᠢᠨ ᠬᠠᠮᠠᠭᠠᠯᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号