ᠰᠣᠶᠣᠯ ᠵᠢᠭᠤᠯᠴᠢᠯᠠᠯ᠎ᠤᠨ ᠬᠡᠷᠡᠭᠯᠡᠭᠡ ᠵᠢᠠ ᠵᠠᠬ᠎ᠠ ᠳᠡᠯᠭᠡᠭᠦᠷ᠎ᠤᠨ ᠢᠷᠡᠭᠡᠳᠦᠢ ᠭᠡᠭᠡᠨ ᠰᠠᠷᠠᠭᠤᠯ ᠪᠠᠢᠨ᠎ᠠ
2026-04-07 19:42:33
ᠵᠣᠬᠢᠶᠠᠭ᠍ᠴᠢ᠄
ᠬᠤᠸᠠᠩ ᠰᠢᠶᠤᠤ ᠨᠢ
ᠣᠩᠱᠢᠭ᠍ᠰᠠᠨ ᠣᠳᠠᠭ᠎ᠠ᠄
★★★☆☆

ᠡᠨᠡ ᠵᠢᠯ᠎ᠦᠨ  ᠪᠦᠬᠦ ᠤᠯᠤᠰ᠎ᠤᠨ ᠬᠤᠶᠡᠷ ᠬᠤᠷᠠᠯ᠎ᠤᠨ 《 ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ 》᠎ᠳᠤ᠂ ᠰᠣᠶᠣᠯ ᠵᠢᠭᠤᠯᠴᠢᠯᠠᠯ᠎ᠤᠨ ᠦᠢᠯᠡᠰ᠎ᠢ ᠴᠢᠨᠠᠷ ᠰᠠᠢᠲᠠᠢ ᠬᠥᠭᠵᠢᠭᠦᠯᠵᠦ᠂ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ ᠬᠤᠳᠠᠯᠳᠤᠭ᠎ᠠ ᠵᠡᠷᠭᠡ ᠠᠭᠤᠰᠤᠯᠴᠠᠭᠰᠠᠨ ᠡᠵᠡᠩᠨᠡᠯᠲᠡ᠎ᠶᠢᠨ ᠭᠡᠯᠪᠡᠷᠢ᠎ᠶᠢ ᠪᠠᠶᠠᠯᠢᠭ᠍ᠵᠢᠭᠤᠯᠤᠨ᠎ᠠ ᠭᠡᠵᠦ ᠳᠤᠷᠠᠳᠪᠠ᠃ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2025 ᠣᠨ᠎ᠳᠤ ᠮᠠᠨ᠎ᠤ ᠤᠯᠤᠰ᠎ᠤᠨ ᠬᠡᠪᠴᠢᠶᠡᠵᠢᠯ᠎ᠡᠴᠡ ᠳᠡᠭᠡᠭᠰᠢᠬᠢ ᠰᠣᠶᠣᠯ ᠪᠤᠯᠤᠨ ᠬᠠᠮᠢᠶ᠎ᠠ ᠪᠦᠬᠦᠢ ᠠᠵᠤ ᠦᠢᠯᠡᠰ᠎ᠦᠨ ᠠᠵᠤ ᠠᠬᠤᠢᠯᠠᠯ᠎ᠤᠨ ᠪᠦᠭᠦ ᠵᠢᠯ᠎ᠦᠨ ᠡᠵᠡᠩᠨᠡᠯᠲᠡ᠎ᠶᠢᠨ ᠣᠷᠣᠯᠭ᠎ᠠ 15 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠭᠢ᠎ᠡᠴᠡ 7.4%᠎ᠪᠠᠷ ᠨᠡᠮᠡᠭᠳᠡᠪᠡ;ᠠᠰᠢᠭ᠋ ᠤᠯᠵᠠᠪᠤᠷᠢ᠎ᠶᠢᠨ ᠪᠦᠭᠦ ᠵᠤᠭᠤᠰ᠎ᠤᠨ ᠲᠣᠭ᠎ᠠ 1.4 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠲᠦᠷᠦᠭᠦᠦ ᠵᠢᠯ᠎ᠦᠨ ᠭᠢ᠎ᠡᠴᠡ 6.5% ᠪᠡᠷ ᠨᠡᠮᠡᠭᠳᠡᠪᠡ᠃ ᠡᠭᠦᠨ᠎ᠳᠦ ᠰᠢᠨ᠎ᠡ ᠡᠵᠡᠩᠨᠡᠯᠲᠡ᠎ᠶᠢᠨ ᠭᠡᠯᠪᠡᠷᠢ᠎ᠶᠢᠨ ᠬᠥᠭᠵᠢᠯᠲᠡ ᠨᠡᠯᠢᠶᠡᠳ ᠲᠦᠷᠭᠡᠨ᠂ ᠰᠢᠨ᠎ᠡ ᠡᠵᠡᠩᠨᠡᠯᠲᠡ᠎ᠶᠢᠨ ᠭᠡᠯᠪᠡᠷᠢ᠎ᠶᠢᠨ ᠣᠨᠴᠠᠯᠢᠭ᠋ ᠵᠢᠡᠷ ᠢᠯᠡᠳᠲᠡ 16 ᠠᠵᠢᠯ ᠲᠥᠷᠥᠯ᠎ᠦᠨ ᠪᠠᠭ᠎ᠠ ᠠᠵᠤ ᠠᠬᠤᠢᠯᠠᠯ ᠪᠠᠷᠤᠭ 7 ᠲᠦᠮᠡᠨ ᠳ᠋ᠦᠩᠰᠢᠭᠤᠷ ᠲᠥᠭᠥᠷᠢᠭ᠎ᠦᠨ ᠡᠵᠡᠩᠨᠡᠯᠲᠡ᠎ᠶᠢᠨ ᠣᠷᠣᠯᠭ᠎ᠠ᠎ᠶᠢ ᠪᠡᠶᠡᠯᠡᠭᠦᠯᠵᠦ ᠨᠡᠮᠡᠭᠳᠡᠯ᠎ᠦᠨ ᠭᠡᠮᠵᠢᠶ᠎ᠡ 14% ᠶ᠋ᠢ ᠳᠠᠪᠠᠪᠠ᠃ ᠵᠢᠭᠤᠯᠴᠢᠯᠠᠯ᠎ᠤᠨ ᠲᠠᠯ᠎ᠠ᠎ᠪᠠᠷ᠂ ᠤᠯᠤᠰ᠎ᠤᠨ ᠳᠣᠲᠣᠭᠠᠳᠤ᠎ᠶᠢᠨ ᠰᠠᠭᠤᠭᠠᠯᠢ ᠠᠷᠠᠳ᠎ᠤᠨ ᠵᠢᠭᠤᠯᠴᠢᠯᠠᠭᠰᠠᠨ ᠬᠥᠮᠥᠨ ᠣᠳᠠᠭ᠎ᠠ 65.22 ᠳ᠋ᠦᠩᠰᠢᠭᠤᠷ᠎ᠲᠤ ᠬᠦᠷᠴᠦ᠂ ᠠᠳᠠᠯᠢ ᠬᠤᠭᠤᠴᠠᠭᠠᠨ᠎ᠤ ᠭᠢ᠎ᠡᠴᠡ 16.2%᠎ᠢᠶᠠᠷ ᠨᠡᠮᠡᠭᠳᠡᠵᠦ᠂ ᠵᠢᠭᠤᠯᠴᠢᠯᠠᠯ᠎ᠤᠨ ᠵᠠᠷᠤᠯᠭ᠎ᠠ 6.3 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠭᠢ᠎ᠡᠴᠡ 9.5% ᠪᠠᠷ ᠨᠡᠮᠡᠭᠳᠡᠵᠦ᠂ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ᠃

ᠤᠯᠠᠨ ᠨᠡᠶ᠋ᠢᠲᠡ᠎ᠶᠢᠨ ᠵᠢᠭᠤᠯᠴᠢᠯᠠᠯ᠎ᠤᠨ ᠴᠠᠭ ᠦᠶ᠎ᠡ᠎ᠳᠦ᠂ ᠮᠠᠨ᠎ᠤ ᠤᠯᠤᠰ᠎ᠤᠨ ᠰᠣᠶᠣᠯ ᠵᠢᠭᠤᠯᠴᠢᠯᠠᠯ᠎ᠤᠨ ᠬᠡᠷᠡᠭᠯᠡᠭᠡ ᠵᠢᠨ ᠵᠠᠬ᠎ᠠ ᠳᠡᠯᠭᠡᠭᠦᠷ 《ᠪᠠᠢᠬᠤ ᠡᠰᠡᠬᠦ》 ᠡᠴᠡ 《ᠰᠠᠢᠨ ᠡᠰᠡᠬᠦ》 ᠭᠦᠷᠲᠡᠯ᠎ᠡ᠂ ᠬᠡᠪᠴᠢᠶᠡᠵᠢᠨ ᠦᠷᠭᠡᠵᠢᠵᠦ ᠪᠠᠢᠬᠰᠠᠨ ᠡᠴᠡ ᠪᠠᠨ  ᠶᠠᠰᠤ ᠴᠢᠨᠠᠷ ᠎ᠦᠨ ᠲᠠᠯ᠎ᠠ ᠪᠡᠷ ᠳᠡᠰ ᠲᠡᠪᠰᠢᠭᠰᠡᠨ ᠭᠦᠨᠵᠡᠭᠡᠢ ᠭᠡᠯᠪᠡᠷᠢ ᠵᠢᠨ ᠬᠤᠪᠢᠷᠠᠯᠲᠠ ᠶ᠋ᠢ ᠪᠡᠶᠡᠯᠡᠭᠦᠯᠪᠡ᠃  ᠰᠣᠶᠣᠯ ᠵᠢᠭᠤᠯᠴᠢᠯᠠᠯ᠎ᠤᠨ ᠪᠡᠶᠡᠴᠢᠯᠡᠨ ᠣᠢᠯᠠᠭᠠᠬᠤ ᠲᠠᠯ᠎ᠠ᠎ᠪᠠᠷ᠂ ᠬᠥᠮᠥᠰ ᠡᠷᠲᠡ ᠡᠴᠡ ᠮᠣᠷᠢᠨ ᠳᠠᠪᠬᠢᠭ᠎ᠠ᠎ᠪᠠᠷ ᠴᠡᠴᠡᠭ ᠰᠣᠨᠢᠷᠬᠠᠵᠤ ᠪᠠᠢᠬᠤ ᠰᠢᠭ᠋ ᠵᠢᠭᠤᠯᠴᠢᠯᠠᠬᠤ᠂ ᠨᠢᠭᠡ ᠯᠡ ᠠᠳᠠᠯᠢ ᠦᠵᠡᠮᠵᠢ ᠵᠢᠨ ᠭᠠᠵᠠᠷ ᠵᠢᠡᠷ ᠲᠣᠭᠣᠷᠢᠨ ᠨᠠᠭᠠᠳᠬᠤ ᠲᠣᠷ᠎ᠠ ᠦᠭᠡᠢ ᠪᠣᠯᠵᠡᠢ᠂ ᠬᠠᠷᠢᠨ ᠰᠣᠶᠣᠯ᠎ᠤᠨ ᠠᠭᠤᠯᠤᠭᠳᠠᠬᠤᠨ᠎ᠲᠠᠢ᠂ ᠣᠷᠣᠨ ᠨᠤᠲᠤᠭ᠎ᠤᠨ ᠣᠨᠴᠠᠯᠢᠭ᠋᠎ᠲᠠᠢ᠂ ᠦᠢᠯᠡᠴᠢᠯᠡᠭᠡᠨ᠎ᠦ ᠪᠠᠲᠤᠯᠠᠭ᠎ᠠ᠎ᠲᠠᠢ ᠪᠠᠢᠬᠤ ᠶ᠋ᠢ ᠨᠠᠩ ᠢᠯᠡᠭᠦᠦ ᠬᠥᠭᠡᠭᠡᠴᠡᠯᠳᠦᠬᠦ ᠪᠣᠯᠪᠠ᠃ ᠡᠨᠡ ᠨᠢ ᠰᠣᠶᠣᠯ ᠵᠢᠭᠤᠯᠴᠢᠯᠠᠯ᠎ᠤᠨ ᠦᠢᠯᠡᠳᠬᠦᠨ᠎ᠦ ᠬᠠᠩᠭᠠᠯᠭ᠎ᠠ᠎ᠶᠢᠨ ᠶᠠᠰᠤ ᠴᠢᠨᠠᠷ᠂ ᠦᠢᠯᠡᠴᠢᠯᠡᠭᠡᠨ᠎ᠦ ᠲᠦᠪᠰᠢᠨ᠂ ᠪᠡᠶᠡᠴᠢᠯᠡᠨ ᠮᠡᠳᠡᠷᠡᠬᠦ ᠴᠢᠨᠠᠷ ᠪᠠ ᠰᠣᠶᠣᠯ᠎ᠤᠨ ᠥᠷᠲᠡᠭ᠎ᠦᠨ ᠱᠠᠭᠠᠷᠳᠠᠯᠭ᠎ᠠ᠎ᠶᠢ ᠴᠤ᠌ ᠲᠠᠰᠤᠷᠠᠯᠲᠠ ᠦᠭᠡᠢ ᠳᠡᠭᠡᠭᠰᠢᠯᠡᠭᠦᠯᠪᠡ᠃ 《ᠰᠣᠶᠣᠯ ᠵᠢᠭᠤᠯᠴᠢᠯᠠᠯ᠎ᠤᠨ ᠬᠠᠯᠠᠮᠰᠢᠯ》ᠢ᠋ ᠲᠠᠰᠤᠷᠠᠯᠳᠠ ᠦᠭᠡᠢ ᠳᠡᠭᠡᠭᠰᠢᠯᠡᠭᠦᠯᠬᠦ᠎ᠳᠦ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢᠶᠠᠷ ᠭᠣᠣᠯ ᠰᠢᠵᠢᠮ ᠪᠤᠯᠭᠠᠵᠤ᠂ ᠰᠢᠨ᠎ᠡ ᠡᠵᠡᠩᠨᠡᠯᠲᠡ᠎ᠶᠢᠨ ᠭᠡᠯᠪᠡᠷᠢ᠎ᠶᠢᠨ ᠥᠷᠨᠢᠩᠭᠦᠢ ᠬᠥᠭᠵᠢᠯᠲᠡ᠎ᠶᠢ ᠠᠬᠢᠭᠤᠯᠵᠤ᠂ ᠬᠡᠷᠡᠭᠯᠡᠭᠡ ᠵᠢᠨ ᠠᠬᠤᠢ ᠲᠠᠯᠠᠪᠤᠷ ᠬᠠᠭᠤᠴᠢᠨ᠎ᠢ ᠥᠭᠡᠷᠡᠴᠢᠯᠡᠨ ᠰᠢᠨ᠎ᠡ᠎ᠶᠢ ᠡᠭᠦᠳᠴᠦ᠂ ᠵᠢᠭᠤᠯᠴᠢᠯᠠᠯ᠎ᠤᠨ ᠦᠢᠯᠡᠰ᠎ᠢ ᠠᠷᠠᠳ᠎ᠤᠨ ᠠᠮᠢᠳᠤᠷᠠᠯ᠎ᠤᠨ ᠠᠵᠤ ᠦᠢᠯᠡᠰ᠂ ᠵᠣᠯ ᠵᠢᠷᠭᠠᠯᠲᠤ ᠠᠵᠤ ᠦᠢᠯᠡᠰ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠲᠤᠯᠭᠠᠭᠤᠷᠢ ᠠᠵᠤ ᠦᠢᠯᠡᠰ ᠪᠣᠯᠭᠠᠨ ᠬᠦᠴᠦᠯᠡᠨ ᠪᠣᠢᠵᠢᠭᠤᠯᠬᠤ ᠬᠡᠷᠡᠭᠲᠡᠢ᠃

ᠰᠣᠶᠣᠯ ᠪᠣᠯ ᠵᠢᠭᠤᠯᠴᠢᠯᠠᠯ᠎ᠤᠨ ᠠᠮᠢᠨ ᠰᠦᠨᠡᠰᠦ ᠮᠥᠨ᠃ ᠵᠢᠭᠤᠯᠴᠢᠯᠠᠯ ᠪᠣᠯ ᠰᠣᠶᠣᠯ᠎ᠢ ᠤᠯᠠᠮᠵᠢᠯᠠᠬᠤ ᠠᠴᠢᠶᠠᠯᠠᠪᠤᠷᠢ ᠮᠥᠨ᠃ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠨᠢ  ᠪᠣᠰᠣᠳ᠎ᠦᠨ ᠬᠢ ᠵᠢ ᠨᠡᠭᠦᠯᠭᠡᠨ ᠬᠡᠷᠡᠭᠯᠡᠵᠦ ᠳᠠᠭᠤᠷᠢᠶᠠᠵᠤ ᠪᠤᠯᠬᠤ ᠦᠭᠡᠢ᠂ ᠬᠠᠷᠢᠨ ᠭᠠᠵᠠᠷ ᠣᠷᠣᠨ᠎ᠤ ᠲᠡᠦᠬᠡ᠎ᠰᠣᠶᠣᠯ᠂ ᠠᠷᠠᠳ᠎ᠤᠨ ᠵᠠᠩ ᠦᠶ᠋ᠯᠡ᠂ ᠰᠣᠶᠣᠯ ᠢᠷᠭᠡᠨᠰᠢᠯ᠎ᠦᠨ ᠵᠣᠷᠢᠭ᠋ ᠰᠠᠨᠠᠭ᠎ᠠ᠎ᠶᠢ ᠭᠦᠨᠵᠡᠭᠡᠢ ᠠᠭᠤᠳᠠᠯᠵᠤ᠂ ᠲᠣᠰ ᠭᠠᠵᠠᠷ ᠣᠷᠣᠨ᠎ᠤ ᠰᠣᠶᠣᠯ᠎ᠤᠨ ᠥᠪᠡᠷᠮᠢᠴᠡ ᠭᠧᠨ᠎ᠢ ᠡᠵᠡᠩᠨᠡᠯᠲᠡ᠎ᠶᠢᠨ ᠭᠡᠯᠪᠡᠷᠢ ᠪᠠᠢᠳᠠᠯ᠎ᠢ ᠪᠤᠶ ᠪᠤᠯᠭᠠᠬᠤ᠂ ᠠᠬᠤᠢ ᠲᠠᠯᠠᠪᠤᠷ᠎ᠢ ᠪᠤᠶ ᠪᠤᠯᠭᠠᠬᠤ᠂ ᠪᠦᠲᠦᠭᠡᠭᠳᠡᠬᠦᠨ᠎ᠦ ᠬᠠᠩᠭᠠᠯᠭ᠎ᠠ᠎ᠶᠢᠨ ᠪᠦᠭᠦ ᠶᠠᠪᠤᠴᠠ᠎ᠳᠤ ᠠᠭᠤᠰᠤᠯᠴᠠᠭᠤᠯᠬᠤ ᠬᠡᠷᠡᠭᠲᠡᠢ᠃ 《ᠲᠣᠰᠬᠣᠨ᠎ᠦ ᠦᠳᠡᠰᠢᠯᠡᠭᠡ》᠂ 《ᠬᠦᠳᠡᠭᠡ ᠲᠣᠰᠬᠣᠨ᠎ᠦ ᠬᠦᠯ ᠪᠦᠮᠪᠦᠬᠡ ᠵᠢᠨ ᠬᠡᠳᠦ ᠲᠡᠰ᠎ᠦᠨ ᠬᠣᠯᠪᠣᠭᠠᠳᠣ ᠣᠷᠣᠯᠳᠣᠭᠠᠨ》 ᠵᠡᠷᠭᠡ ᠤᠷᠤᠯᠳᠤᠭᠠᠨ᠎ᠤ ᠠᠵᠢᠯᠯᠠᠭ᠎ᠠ ᠨᠢ ᠠᠮᠢᠵᠢᠷᠠᠯ᠎ᠤᠨ ᠬᠦᠴᠦᠨ᠎ᠢᠶᠡᠷ ᠪᠢᠯᠬᠠᠵᠤ ᠬᠦᠮᠦᠰ᠎ᠦᠨ ᠠᠩᠬᠠᠷᠣᠯ᠎ᠢ ᠲᠠᠳᠠᠵᠠᠢ᠃ ᠡᠨᠡ ᠨᠢ ᠲᠣᠰ ᠭᠠᠵᠠᠷ ᠣᠷᠣᠨ᠎ᠤ ᠣᠨᠴᠠᠯᠢᠭ᠋᠂ ᠦᠨᠳᠦᠰᠦᠲᠡᠨ᠎ᠦ ᠰᠣᠶᠣᠯ᠎ᠳᠤ ᠲᠦᠰᠢᠭᠯᠡᠨ ᠰᠣᠶᠣᠯ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠤᠭᠰᠠᠨ ᠨᠡᠢᠲᠡᠯᠢᠭ  ᠵᠢᠱ᠌ᠢᠶ᠎ᠡ ᠪᠤᠯᠣᠨ᠎ᠠ; 《ᠳᠤᠮᠳᠠᠳᠤ ᠤᠯᠤᠰ᠎ᠲᠦ ᠵᠢᠭᠤᠯᠴᠢᠯᠠᠬᠤ》᠂《ᠳᠤᠮᠳᠠᠳᠤ ᠤᠯᠤᠰ᠎ᠡᠴᠡ ᠬᠤᠳᠠᠯᠳᠤᠨ ᠠᠪᠬᠤ》ᠨᠢ ᠭᠠᠳᠠᠭᠠᠳᠤ᠎ᠶᠢᠨ ᠵᠢᠭᠤᠯᠴᠢᠯᠠᠭ᠍ᠰᠠᠳ᠎ᠤᠨ ᠰᠢᠨ᠎ᠡ ᠤᠷᠤᠰᠬᠠᠯ ᠪᠣᠯᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠮᠵᠢᠲᠡᠶ ᠤᠯᠠᠮᠵᠢᠯᠠᠨ ᠳᠡᠯᠭᠡᠷᠡᠭᠦᠯᠦᠭᠰᠡᠨ ᠪᠥᠭᠡᠳ ᠬᠣᠯᠪᠣᠭᠳᠠᠯ ᠪᠦᠬᠦᠢ ᠦᠵᠡᠮᠵᠢᠲᠦ ᠣᠷᠣᠨ᠎ᠢ ᠵᠢᠭᠤᠯᠴᠢᠯᠠᠯ᠎ᠤᠨ ᠬᠠᠯᠠᠮᠰᠢᠯ ᠭᠠᠵᠠᠷ ᠪᠣᠯᠭᠠᠪᠠ᠃ ᠡᠳᠡᠭᠡᠷ ᠨᠢ ᠨᠤᠲᠤᠭ ᠤᠰᠤᠨ᠎ᠤ ᠰᠣᠶᠣᠯ᠎ᠳᠠᠭᠠᠨ ᠦᠨᠳᠣᠰᠣᠯᠠᠵᠦ᠂ ᠰᠣᠶᠣᠯ᠎ᠤᠨ ᠣᠨᠴᠠᠯᠢᠬ ᠵᠢᠡᠨ ᠲᠣᠪᠣᠢᠯᠭᠠᠪᠠᠯ ᠰᠠᠶᠢ ᠢᠵᠢᠯ ᠴᠢᠨᠠᠷ ᠪᠦᠬᠦᠢ ᠬᠥᠭᠵᠢᠯᠲᠡ᠎ᠡᠴᠡ ᠪᠦᠲᠦᠮᠵᠢᠲᠡᠢ ᠮᠣᠯᠳᠣᠷᠴᠤ᠂ ᠳᠣᠣᠷ᠎ᠠ ᠲᠦᠪᠰᠢᠨ ᠪᠦᠬᠦᠢ ᠳᠠᠪᠬᠤᠴᠠᠭᠰᠠᠨ ᠥᠷᠢᠰᠦᠯᠳᠦᠭᠡᠨ᠎ᠦ ᠬᠦᠴᠢᠷᠳᠡᠯ᠎ᠡᠴᠡ ᠠᠩᠭᠢᠵᠢᠷᠠᠵᠤ᠂ ᠲᠤᠰ ᠭᠠᠵᠠᠷ ᠣᠷᠣᠨ᠎ᠳᠠᠭᠠᠨ ᠯᠠ ᠬᠠᠷᠢᠶᠠᠯᠠᠭᠳᠠᠬᠤ ᠭᠣᠣᠯᠯᠠᠬᠤ ᠥᠷᠢᠰᠦᠯᠳᠦᠬᠦ ᠬᠦᠴᠦᠨ᠎ᠢ ᠪᠣᠢᠵᠢᠭᠤᠯᠵᠤ ᠂ ᠵᠠᠬ᠎ᠠ ᠳᠡᠯᠭᠡᠭᠦᠷ᠎ᠦᠨ ᠰᠢᠯᠭᠠᠯᠲᠠ᠎ᠶᠢ ᠳᠠᠭᠠᠭᠠᠵᠤ ᠴᠢᠳᠠᠬᠤ ᠤᠷᠲᠤ ᠤᠳᠠᠭᠠᠨ ᠠᠮᠢᠵᠢᠷᠠᠯ᠎ᠤᠨ ᠬᠦᠴᠦᠨ᠎ᠢ ᠪᠤᠢ ᠪᠤᠯᠭᠠᠵᠤ ᠴᠢᠳᠠᠳᠠᠭ᠃

ᠰᠣᠶᠣᠯ ᠵᠢᠭᠤᠯᠴᠢᠯᠠᠯ᠎ᠤᠨ ᠡᠵᠡᠩᠨᠡᠯᠲᠡ᠎ᠶᠢᠨ ᠭᠡᠯᠪᠡᠷᠢ᠎ᠶᠢᠨ ᠣᠯᠠᠨ ᠡᠰᠢᠵᠢᠭᠰᠡᠨ ᠠᠭᠤᠰᠤᠯᠴᠠᠯ᠎ᠢ ᠠᠬᠢᠭᠤᠯᠬᠤ᠎ᠳᠤ᠂ ᠠᠵᠢᠯ ᠲᠥᠷᠥᠯ᠎ᠦᠨ ᠬᠣᠷᠢᠭ᠎ᠠ ᠰᠠᠭᠠᠳ᠎ᠢ ᠡᠪᠳᠡᠬᠦ᠂ ᠠᠭᠤᠰᠤᠯᠴᠠᠯ᠎ᠤᠨ ᠵᠠᠭᠠᠭ ᠬᠢᠵᠠᠭᠠᠷ᠎ᠢ ᠥᠷᠭᠡᠳᠬᠡᠬᠦ᠂ ᠡᠵᠡᠩᠨᠡᠯᠲᠡ᠎ᠶᠢᠨ ᠭᠡᠯᠪᠡᠷᠢ᠎ᠶᠢᠨ ᠬᠠᠩᠭᠠᠯᠭ᠎ᠠ᠎ᠶᠢ ᠪᠠᠶᠠᠯᠢᠭ᠍ᠵᠢᠭᠤᠯᠬᠤ ᠪᠡᠷ ᠭᠣᠣᠯᠳᠠᠯᠭ᠎ᠠ ᠪᠣᠯᠭᠠᠵᠦ᠂ ᠠᠵᠤ ᠦᠢᠯᠡᠰ᠎ᠦᠨ ᠠᠭᠤᠰᠤᠯᠴᠠᠯ᠎ᠤᠨ ᠦᠷᠡᠵᠢᠭᠦᠯᠬᠦ ᠦᠢᠯᠡᠳᠦᠯ᠎ᠦᠨ ᠠᠴᠢ ᠬᠣᠯᠪᠣᠬᠳᠠᠯ᠎ᠢ ᠪᠠᠳᠠᠷᠠᠭᠤᠯᠵᠤ᠂ ᠰᠣᠶᠣᠯ ᠵᠢᠭᠤᠯᠴᠢᠯᠠᠯ᠎ᠤᠨ ᠴᠢᠨᠠᠷ ᠰᠠᠢᠲᠠᠢ ᠬᠥᠭᠵᠢᠯᠲᠡ᠎ᠳᠦ ᠨᠠᠩ ᠥᠷᠭᠡᠨ ᠠᠭᠤᠳᠠᠮ ᠣᠷᠣᠨ ᠵᠠᠢ᠎ᠶᠢ ᠥᠷᠭᠡᠳᠬᠡᠵᠦ ᠦᠭᠬᠦᠨ᠎ᠡ᠃ ᠰᠣᠶᠣᠯ ᠵᠢᠭᠤᠯᠴᠢᠯᠠᠯ᠎ᠤᠨ ᠠᠵᠤ ᠦᠢᠯᠡᠰ ᠬᠢᠭᠡᠳ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ᠂  ᠰᠣᠳᠣᠯᠣᠨ ᠰᠣᠷᠣᠯᠴᠠᠬᠣ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠣᠯᠠᠨ ᠬᠦᠷᠢᠶ᠎ᠡ ᠴᠠᠷᠠᠭ᠎ᠠ᠎ᠶᠢ ᠵᠡᠷᠭᠡ᠎ᠪᠡᠷ ᠬᠥᠭᠵᠢᠭᠦᠯᠬᠦ᠎ᠶᠢ ᠠᠬᠢᠭᠤᠯᠵᠤ᠂ 《ᠰᠣᠶᠣᠯ ᠵᠢᠭᠤᠯᠴᠢᠯᠠᠯ᠎ᠢ ᠬᠠᠷᠢᠯᠴᠠᠨ ᠨᠡᠮᠡᠬᠦ》᠎ᠡᠴᠡ《ᠰᠣᠶᠣᠯ ᠵᠢᠭᠤᠯᠴᠢᠯᠠᠯ᠎ᠢ ᠬᠠᠷᠢᠯᠴᠠᠨ ᠠᠭᠤᠰᠤᠯᠴᠠᠭᠤᠯᠬᠤ》 ᠴᠢᠨᠠᠷ᠎ᠦᠨ ᠬᠤᠪᠢᠷᠠᠯᠲᠠ᠎ᠶᠢ ᠦᠨᠡᠨ ᠬᠦ᠌ ᠪᠡᠶᠡᠯᠡᠭᠦᠯᠦᠨ᠎ᠡ᠃

ᠰᠣᠶᠣᠯ ᠵᠢᠭᠤᠯᠴᠢᠯᠠᠯ᠎ᠤᠨ ᠡᠵᠡᠩᠨᠡᠯᠲᠡ᠎ᠶᠢᠨ ᠭᠡᠯᠪᠡᠷᠢ ᠪᠠᠢᠳᠠᠯ᠎ᠤᠨ ᠤᠯᠠᠨ ᠡᠰᠢᠵᠢᠭᠰᠡᠨ ᠠᠭᠤᠰᠤᠯᠴᠠᠯ᠎ᠢ ᠠᠬᠢᠭᠤᠯᠬᠤ᠎ᠳᠤ᠂ ᠨᠡᠩ ᠴᠤ᠌ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ᠎ᠶᠢᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠭᠰᠠᠨ ᠬᠥᠭᠵᠢᠯᠲᠡ᠎ᠶᠢᠨ ᠶᠡᠬᠡ ᠬᠠᠨᠳᠤᠰᠢ᠎ᠳᠤ ᠰᠠᠨᠠᠭᠠᠴᠢᠯᠠᠭ᠎ᠠ᠎ᠠᠴᠠ᠎ᠪᠠᠨ ᠵᠣᠬᠢᠴᠠᠵᠤ᠂ ᠬᠣᠰᠢᠭᠤᠷᠠᠯ ᠮᠡᠷᠭᠡᠵᠢᠯ᠂ ᠰᠢᠨ᠎ᠡ᠎ᠶᠢ ᠡᠭᠦᠳᠬᠦ ᠣᠢᠯᠠᠭᠠᠭᠳᠠᠬᠤᠨ᠂ ᠣᠶᠤᠨᠴᠢ ᠠᠬᠤᠢ ᠪᠠᠢᠳᠠᠯ᠎ᠢ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠬᠥᠭᠵᠢᠯᠲᠡ᠎ᠶᠢᠨ ᠪᠦᠭᠦ ᠬᠡᠯᠬᠢᠶ᠎ᠡ᠎ᠳᠦ ᠭᠦᠨᠵᠡᠭᠡᠢ ᠣᠷᠣᠭᠤᠯᠬᠤ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ᠂ ᠲᠣᠮᠣ᠌ ᠳ᠋ᠠᠢᠲ᠋ᠠ᠂ ᠡᠭᠦᠯᠡᠨ ᠪᠣᠳᠣᠯᠲᠠ ᠵᠡᠷᠭᠡ ᠲᠡᠷᠢᠭᠦᠨ᠎ᠦ ᠮᠡᠳᠡᠭᠡ ᠵᠠᠩᠭᠢ᠎ᠶᠢᠨ ᠮᠡᠷᠭᠡᠵᠢᠯ᠎ᠢ ᠬᠡᠷᠡᠭᠯᠡᠬᠦ᠎ᠪᠡᠷ ᠳᠠᠮᠵᠢᠨ᠂ ᠤᠯᠠᠮᠵᠢᠯᠠᠯᠲᠤ ᠰᠣᠶᠣᠯ ᠵᠢᠭᠤᠯᠴᠢᠯᠠᠯ᠎ᠤᠨ ᠵᠠᠭᠠᠭ ᠬᠢᠵᠠᠭᠠᠷ ᠪᠠ ᠵᠠᠭᠪᠤᠷ᠎ᠢ ᠡᠪᠳᠡᠵᠦ᠂ ᠪᠡᠶᠡᠴᠢᠯᠡᠨ ᠣᠢᠯᠠᠭᠠᠬᠤ᠂ ᠣᠶᠤᠨᠴᠢ ᠦᠵᠡᠮᠵᠢ᠎ᠶᠢᠨ ᠣᠷᠣᠨ᠂ ᠲᠣᠭᠠᠴᠢᠯᠠᠭᠰᠠᠨ ᠰᠣᠶᠣᠯ ᠦᠵᠡᠰᠭᠦᠯᠡᠩ᠂ ᠰᠦᠯᠵᠢᠶᠡᠨ ᠳᠡᠭᠡᠷᠡᠬᠢ ᠰᠣᠶᠣᠯ ᠵᠢᠭᠤᠯᠴᠢᠯᠠᠯ ᠵᠡᠷᠭᠡ ᠰᠢᠨ᠎ᠡ ᠭᠡᠯᠪᠡᠷᠢ ᠪᠠᠢᠳᠠᠯ ᠰᠢᠨ᠎ᠡ ᠬᠠᠩᠭᠠᠯᠭ᠎ᠠ᠎ᠶᠢ ᠬᠠᠩᠭᠠᠵᠦ᠂ ᠠᠵᠤ ᠦᠢᠯᠡᠰ᠎ᠦᠨ ᠭᠣᠣᠯᠯᠠᠬᠤ ᠥᠷᠢᠰᠦᠯᠳᠦᠬᠦ ᠬᠦᠴᠦᠨ ᠪᠠ ᠦᠷᠭᠦᠯᠵᠢᠯᠡᠬᠦ ᠬᠥᠭᠵᠢᠯᠲᠡ᠎ᠶᠢᠨ ᠴᠢᠳᠠᠪᠤᠷᠢ᠎ᠶᠢ ᠦᠷᠭᠦᠯᠵᠢᠯᠡᠨ ᠴᠢᠩᠭᠠᠷᠠᠭᠤᠯᠤᠨ᠎ᠠ᠃ ᠵᠢᠱ᠌ᠢᠶᠡᠯᠡᠪᠡᠯ᠂ ᠨᠠᠨᠴᠠᠩ᠎ᠤᠨ ᠲᠧᠩ ᠸᠠᠩ ᠭᠧ ᠲᠠᠭᠲᠤ᠎ᠶᠢᠨ《 AI ᠵᠠᠮᠴᠢᠯᠠᠭ᠍ᠴᠢ ᠸᠠᠩ ᠪᠦᠸᠧ》᠂ ᠰᠢ ᠠᠨ᠎ᠤ 《ᠴᠠᠩ ᠠᠨ᠎ᠤ ᠠᠷᠪᠠᠨ ᠬᠣᠶᠠᠷ ᠴᠠᠭ》 ᠵᠡᠷᠭᠡ ᠰᠢᠨ᠎ᠡ᠎ᠶᠢ ᠡᠭᠦᠳᠦᠭᠰᠡᠨ ᠠᠬᠤᠢ ᠲᠠᠯᠠᠪᠣᠷ᠎ᠦᠨ ᠲᠤᠭᠠᠴᠢᠯᠠᠬᠰᠠᠨ ᠪᠠ ᠬᠡᠢᠰᠪᠦᠷᠢ ᠪᠣᠳᠠᠲᠠᠢ᠎ᠶᠢ ᠤᠶᠠᠯᠳᠤᠭᠤᠯᠣᠬᠰᠠᠨ ᠵᠠᠭᠪᠤᠷ ᠨᠢ ᠵᠢᠭᠤᠯᠴᠢᠯᠠᠭ᠍ᠰᠠᠳ᠎ᠤᠨ 《ᠰᠠᠨᠠᠭᠠᠴᠢᠯᠠᠭ᠎ᠠ᠎ᠠᠴᠠ᠎ᠪᠠᠨ ᠣᠷᠤᠯᠴᠠᠬᠤ》ᠵᠢ ᠠᠬᠢᠭᠤᠯᠵᠤ᠂ ᠰᠣᠶᠣᠯ᠎ᠤᠨ ᠪᠡᠶᠡᠴᠢ ᠣᠢᠯᠠᠭᠠᠯᠲᠠ᠎ᠶᠢᠨ ᠦᠢᠯᠡᠳᠦᠯᠴᠡᠬᠦ ᠴᠢᠨᠠᠷ᠂ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠪᠡ᠃ ᠡᠭᠦᠨ᠎ᠦ ᠬᠠᠮᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠨᠢ ᠰᠣᠶᠣᠯ ᠵᠢᠭᠤᠯᠴᠢᠯᠠᠯ᠎ᠤᠨ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠎ᠳᠦ ᠬᠦᠴᠦᠨ ᠨᠡᠮᠡᠷᠢᠯᠡᠵᠦ᠂ ᠬᠥᠮᠥᠰ᠎ᠦᠨ ᠣᠢᠯᠠᠭᠠᠯᠲᠠ ᠲᠥᠷᠥᠭᠳᠡᠯ᠎ᠢ ᠨᠠᠩ ᠰᠠᠢᠨ ᠪᠣᠯᠭᠠᠪᠠ᠃ ᠵᠢᠱ᠌ᠢᠶᠡᠯᠡᠪᠡᠯ᠂ 《ᠣᠶᠤᠨᠴᠢ ᠶᠡᠬᠡ ᠲᠠᠷᠢᠬᠢ》᠎ᠪᠠᠷ ᠡᠬᠢ ᠪᠠᠶᠠᠯᠢᠭ᠋᠎ᠢ ᠨᠠᠷᠢᠯᠢᠭ᠋ ᠣᠨᠣᠪᠴᠢᠲᠠᠶ ᠲᠣᠬᠢᠷᠠᠭᠤᠯᠬᠤ᠂ 《AI ᠭᠦᠢᠵᠧᠦ ᠪᠡᠷ ᠵᠢᠭᠣᠯᠴᠢᠯᠠᠬᠣ》 ᠵᠡᠷᠭᠡ ᠵᠢᠵᠢᠭ ᠫᠷᠣᠭ᠌ᠷᠠᠮ᠎ᠢ ᠰᠢᠯᠢᠳᠡᠭᠵᠢᠭᠦᠯᠬᠦ ᠦᠢᠯᠡᠴᠢᠯᠡᠭᠡ ᠨᠢ ᠲᠣᠭᠠᠴᠢᠯᠠᠭᠰᠠᠨ ᠰᠤᠶᠤᠯ᠎ᠦᠨ ᠰᠢᠨ᠎ᠡ ᠪᠦᠳᠦᠭᠡᠭᠳᠡᠬᠦᠨ᠎ᠦ ᠡᠵᠡᠩᠨᠡᠯᠲᠡ᠎ᠶᠢᠨ ᠪᠠᠢᠳᠠᠯ᠎ᠢ ᠪᠤᠶ ᠪᠤᠯᠭᠠᠵᠤ᠂ ᠰᠣᠶᠣᠯ ᠪᠠ ᠵᠢᠭᠤᠯᠴᠢᠯᠠᠯ᠎ᠤᠨ ᠴᠢᠨᠠᠷ ᠰᠠᠢᠲᠠᠢ ᠬᠥᠭᠵᠢᠯᠲᠡ᠎ᠶᠢ ᠦᠷᠭᠦᠯᠵᠢᠯᠡᠨ ᠠᠬᠢᠭᠤᠯᠬᠤ᠂ ᠰᠣᠶᠣᠯ᠎ᠤᠨ ᠬᠦᠴᠦᠷᠬᠡᠭ ᠤᠯᠤᠰ᠂ ᠵᠢᠭᠤᠯᠴᠢᠯᠠᠯ᠎ᠤᠨ ᠬᠦᠴᠦᠷᠬᠡᠭ ᠤᠯᠤᠰ᠎ᠢ ᠲᠦᠷᠭᠡᠳᠬᠡᠨ ᠪᠠᠶ᠋ᠢᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠦ ᠪᠠᠢᠨ᠎ᠠ᠃ 

 — 《 ᠭᠤᠸᠠᠩᠮᠢᠩ ᠡᠳᠦᠷ᠎ᠦᠨ ᠰᠣᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号