ᠨᠠᠰᠣᠳᠠᠢᠴᠣᠳ ᠪᠡᠶ᠎ᠡ ᠰᠤᠪᠢᠯᠠᠯᠲᠠ᠎ᠶᠢᠨ ᠤᠨᠠᠭᠤᠯᠢ᠎ᠵᠢ ᠬᠢᠴᠢᠶᠡᠭᠡᠷᠡᠢ
2026-04-07 19:49:02
ᠵᠣᠬᠢᠶᠠᠭ᠍ᠴᠢ᠄
ᠱᠢ ᠹᠧᠩ
ᠣᠩᠱᠢᠭ᠍ᠰᠠᠨ ᠣᠳᠠᠭ᠎ᠠ᠄
★★★☆☆

ᠨᠠᠰᠤᠵᠢᠯ᠎ᠤᠨ ᠬᠡᠮᠵᠢᠶ᠎ᠡ᠎ᠶᠢᠨ ᠡᠳᠦᠷ ᠢᠷᠡᠬᠦᠶ᠎ᠡ ᠨᠡᠮᠡᠭᠳᠡᠬᠦ᠎ᠶᠢ ᠳᠠᠭᠠᠯᠳᠤᠨ᠂ ᠨᠠᠰᠤᠲᠠᠢᠴᠤᠳ᠎ᠤᠨ ᠡᠷᠡᠭᠦᠯ ᠮᠡᠨᠳᠦ᠎ᠶᠢᠨ ᠬᠡᠷᠡᠭᠴᠡᠭᠡ ᠱᠠᠭᠠᠷᠳᠠᠯᠭ᠎ᠠ ᠲᠠᠰᠤᠷᠠᠯᠲᠠ ᠦᠭᠡᠢ ᠤᠯᠠᠨ ᠡᠰᠢᠵᠦ ᠪᠠᠢᠨ᠎ᠠ᠃ ᠬᠢᠴᠢᠶᠡᠯ ᠰᠣᠨᠣᠰᠬᠤ ᠬᠤᠯᠪᠤᠭᠠᠨ᠎ᠳᠦ ᠣᠷᠣᠵᠦ ᠤᠯᠠᠭᠠᠨ ᠪᠠᠭᠯᠠᠭ᠎ᠠ ᠭᠠᠷᠳᠠᠨ᠎ᠠ᠂ ᠡᠷᠡᠭᠦᠯᠵᠢᠯ᠎ᠦᠨ ᠬᠤᠭᠤᠯᠠ ᠤᠮᠳᠠ ᠵᠢ ᠦᠨ᠎ᠡ ᠲᠦᠯᠦᠪᠦᠷᠢ ᠦᠬᠡᠢ ᠪᠡᠷ ᠣᠯᠣᠨ᠎ᠠ᠂ ᠺᠣᠳ᠋ ᠰᠢᠷᠪᠢᠵᠦ ᠥᠨᠳᠡᠭᠡ ᠠᠪᠤᠨ᠎ᠠ ᠁ ᠵᠠᠷᠢᠮ ᠬᠠᠤᠯᠢ ᠪᠤᠰᠤ ᠡᠲᠡᠭᠡᠳ ᠵᠠᠪᠰᠢᠶᠠᠨ᠎ᠢ ᠳᠠᠯᠢᠮᠳᠠᠭᠤᠯᠤᠨ ᠨᠠᠰᠤᠲᠠᠢᠴᠤᠳ᠎ᠤᠨ 《ᠵᠣᠭᠣᠰᠤᠨ ᠴᠦᠩᠬᠦ》 ᠎ᠳᠤ ᠭᠤᠷᠢᠳᠠᠵᠦ᠂ ᠲᠡᠳᠡᠨ᠎ᠦ ᠡᠷᠡᠭᠦᠯ ᠮᠡᠨᠳᠦ᠎ᠶᠢᠨ ᠲᠤᠬᠠᠢ ᠰᠠᠨᠠᠭᠠᠰᠢᠷᠠᠯ᠂ ᠰᠢᠨ᠎ᠡ ᠮᠡᠷᠭᠡᠵᠢᠯ᠎ᠢ ᠰᠠᠢᠨ ᠣᠢᠯᠠᠭᠠᠬᠤ ᠦᠬᠡᠢ᠂ ᠬᠠᠢᠷ᠎ᠠ ᠰᠡᠳᠬᠢᠯᠭᠡ᠎ᠶᠢᠨ ᠲᠤᠬᠠᠢ ᠬᠡᠷᠡᠭᠴᠡᠭᠡ ᠵᠡᠷᠭᠡ᠎ᠶᠢ ᠠᠰᠢᠭ᠍ᠯᠠᠨ᠂ ᠰᠦᠯᠵᠢᠶᠡᠨ ᠳᠡᠭᠡᠷ᠎ᠡ ᠪᠠ ᠪᠤᠳᠠᠳᠤ ᠠᠬᠤᠢ᠎ᠳᠦ ᠡᠯ᠎ᠡ ᠵᠦᠢᠯ᠎ᠦᠨ ᠪᠡᠶ᠎ᠡ ᠰᠤᠪᠢᠯᠠᠬᠤ ᠤᠨᠠᠭᠤᠯᠢ ᠲᠠᠯᠪᠢᠵᠤ ᠪᠠᠢᠨ᠎ᠠ᠃ ᠲᠠᠳᠠ ᠡᠰᠡᠬᠦᠯ᠎ᠡ 《 ᠬᠢᠲᠠᠳ ᠡᠮᠨᠡᠯᠭᠡ᠎ᠶᠢᠨ ᠰᠤᠪᠢᠯᠠᠯᠲᠠ 》 ᠵᠡᠷᠭᠡ ᠲᠣᠭ᠎ᠢ ᠡᠷᠭᠦᠵᠦ᠂ ᠬᠢᠮᠳᠠ ᠦᠨ᠎ᠡ᠎ᠪᠡᠷ ᠪᠡᠶᠡᠴᠢᠯᠡᠨ ᠣᠢᠯᠠᠭᠠᠬᠤ᠎ᠪᠠᠷ ᠥᠭᠶᠥᠭᠡ ᠪᠣᠯᠭᠠᠵᠤ᠂ ᠨᠠᠰᠤᠲᠠᠢᠴᠣᠳ᠎ᠢ ᠬᠠᠭᠤᠷᠴᠤ ᠶᠡᠬᠡ ᠬᠡᠮᠵᠢᠶᠡᠨ ᠵᠤᠭᠤᠰ ᠭᠠᠷᠭᠠᠯᠭᠠᠵᠦ ᠪᠠᠢᠨ᠎ᠠ; ᠡᠰᠡᠬᠦᠯ᠎ᠡ 《ᠬᠠᠭᠤᠷᠮᠠᠭ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ》᠎ᠢ ᠠᠰᠢᠭ᠍ᠯᠠᠨ ᠬᠦᠬᠡᠷᠭᠡᠳᠡᠵᠦ᠂ ᠬᠤᠪᠢ᠎ᠶᠢᠨ ᠰᠢᠭᠤᠳ ᠨᠡᠪᠲᠡᠷᠡᠭᠦᠯᠭᠡ᠎ᠶᠢᠨ ᠲᠠᠰᠤᠭ᠂ ᠪᠡᠶ᠎ᠡ ᠰᠤᠪᠢᠯᠠᠬᠤ ᠵᠢᠷᠬᠢᠶ᠎ᠡ ᠵᠢᠨ ᠬᠤᠯᠪᠤᠭ᠎ᠠ᠎ᠵᠡᠷᠭᠡ᠎ᠪᠡᠷ ᠳᠠᠮᠵᠢᠨ ᠨᠠᠰᠤᠲᠠᠢᠴᠤᠳ᠎ᠢ ᠮᠡᠬᠡᠯᠡᠵᠦ ᠪᠣᠢ᠃ ᠡᠭᠦᠨ᠎ᠳᠦ  ᠡᠯ᠎ᠡ ᠲᠠᠯ᠎ᠠ᠎ᠶᠢᠨ ᠬᠢᠨ ᠬᠠᠮᠲᠤᠷᠠᠯ ᠬᠦᠴᠦᠨ᠎ᠢ ᠪᠦᠷᠢᠯᠳᠦᠭᠦᠯᠪᠡᠯ ᠰᠠᠶᠢ ᠨᠠᠰᠤᠲᠠᠢᠴᠤᠳ᠎ᠤᠨ 《ᠵᠣᠭᠣᠰᠤᠨ ᠴᠦᠩᠬᠦ》 ᠶ᠋ᠢ ᠰᠠᠢᠲᠤᠷ ᠬᠠᠮᠠᠭᠠᠯᠠᠵᠦ ᠴᠢᠳᠠᠨ᠎ᠠ᠃ 


    QQ20260407-194758.png               

                                           ᠸᠠᠩ ᠴᠢ ᠵᠢᠷᠤᠪᠠ


ᠬᠢᠨᠠᠨ ᠬᠠᠮᠢᠶᠠᠷᠬᠤ ᠳᠠᠪᠬᠤᠷᠭ᠎ᠠ᠎ᠳᠤ᠂ ᠬᠠᠤᠯᠢ ᠲᠣᠭᠲᠠᠭᠠᠯ᠎ᠠᠴᠠ ᠵᠥᠷᠢᠴᠡᠭᠰᠡᠨ ᠦᠶ᠋ᠯᠡ ᠠᠵᠢᠯᠯᠠᠭ᠎ᠠ᠎ᠳᠤ ᠴᠣᠬᠢᠯᠲᠠ ᠥᠭᠬᠦ ᠡᠷᠴᠢᠮ᠎ᠢᠶᠡᠨ ᠴᠢᠩᠭᠠᠷᠠᠭᠤᠯᠵᠤ᠂ ᠣᠨᠣᠪᠴᠢᠲᠠᠶ᠎ᠪᠠᠷ ᠴᠣᠬᠢᠯᠲᠠ ᠥᠭᠬᠦ ᠲᠣᠭᠲᠠᠴᠠ᠎ᠶᠢ ᠪᠠᠢᠭᠤᠯᠤᠨ᠂ ᠡᠷᠡᠭᠦᠯᠵᠢᠯ᠎ᠦᠨ ᠡᠳ᠋᠎ᠦᠨ ᠺᠣᠮᠫᠠᠨᠢ ᠵᠡᠷᠭᠡ ᠭᠣᠣᠯᠳᠠᠯᠭ᠎ᠠ᠎ᠲᠠᠢ ᠲᠠᠯᠠᠪᠤᠷ ᠭᠠᠵᠠᠷ᠎ᠲᠤ ᠪᠠᠢᠩᠭᠣᠵᠢᠬᠰᠠᠨ ᠪᠠᠢᠴᠠᠭᠠᠯᠲᠠ᠎ᠶᠢ ᠥᠷᠨᠢᠭᠦᠯᠬᠦ ᠬᠡᠷᠡᠭᠲᠡᠢ᠃ ᠨᠡᠢᠭᠡᠮ᠎ᠦᠨ ᠳᠠᠪᠬᠤᠷᠭ᠎ᠠ᠎ᠳᠤ᠂ ᠨᠠᠰᠤᠲᠠᠢᠴᠤᠳ᠎ᠤᠨ ᠬᠠᠯᠠᠮᠵᠢᠯᠠᠯ᠎ᠤᠨ ᠲᠣᠣᠷ ᠰᠦᠯᠵᠢᠶ᠎ᠡ᠎ᠶᠢ ᠨᠢᠭ᠍ᠲᠠ ᠰᠦᠯᠵᠢᠵᠦ᠂ ᠨᠠᠰᠤᠲᠠᠢᠴᠣᠳ᠎ᠦᠨ ᠦᠪᠡᠷᠳᠡᠭᠡᠨ  ᠠᠶᠤᠯ ᠲᠦᠭᠰᠢᠭᠦᠷᠢ᠎ᠶᠢ ᠢᠯᠭᠠᠨ ᠲᠠᠨᠢᠬᠤ ᠴᠢᠳᠠᠪᠤᠷᠢ᠎ᠶᠢ ᠳᠡᠭᠡᠭᠰᠢᠯᠡᠭᠦᠯᠵᠦ᠂ ᠡᠵᠡᠩᠨᠡᠨ ᠪᠣᠷᠣᠯᠠᠭᠤᠯᠣᠬᠴᠢ ᠵᠢᠨ ᠬᠡᠳᠦ ᠣᠬᠠᠭᠣᠯᠭ᠎ᠠ ᠵᠢ ᠬᠢᠯᠪᠠᠷᠬᠠᠨ ᠢᠳᠡᠭᠡᠵᠦ ᠪᠣᠯᠬᠤ ᠦᠭᠡᠢ᠃  

        《ᠠᠵᠦ ᠠᠬᠤᠢ ᠵᠢᠨ ᠡᠳᠦᠷ᠎ᠤᠨ ᠰᠤᠨᠢᠨ ᠡᠴᠡ 》                                  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号