ᠪᠢᠴᠢᠯ ᠰᠢᠬᠦᠮᠵᠢ
2026-04-07 19:53:34
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠂ ᠠᠷᠠᠳ᠎ᠤᠨ ᠳᠡᠭᠡᠳᠦ ᠰᠢᠭᠦᠬᠦ ᠬᠣᠷᠢᠶ᠎ᠠ ᠵᠡᠷᠭᠡ ᠲᠤᠯᠤᠭᠠᠨ ᠰᠠᠯᠠᠭ᠎ᠠ ᠮᠥᠴᠢᠷ ᠣᠢᠷ᠎ᠠ᠎ᠳᠤ 2026 ᠣᠨ᠎ᠤ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠎ᠤᠨ ᠬᠤᠳᠠᠯ ᠬᠠᠭᠤᠷᠮᠠᠭ᠎ᠲᠠᠷᠢᠶᠠᠯᠠᠩ᠎ᠤᠨ ᠬᠡᠷᠡᠭᠰᠡᠯ᠎ᠳᠦ ᠴᠣᠬᠢᠯᠲᠠ ᠥᠭᠬᠦ ᠠᠵᠢᠯ᠎ᠢ ᠬᠠᠮᠲᠤᠷᠠᠨ ᠪᠠᠢᠷᠢᠯᠠᠭᠤᠯᠵᠤ᠂ ᠲᠤᠰᠬᠠᠢ ᠪᠠᠢᠴᠠᠭᠠᠯᠲᠠ ᠥᠷᠨᠢᠭᠦᠯᠵᠦ᠂ ᠬᠠᠪᠤᠷ᠎ᠤᠨ ᠲᠠᠷᠢᠶᠠᠯᠠᠭ᠎ᠠ᠎ᠶᠢᠨ ᠲᠠᠷᠢᠶᠠᠯᠠᠩ᠎ᠤᠨ ᠬᠡᠷᠡᠭᠰᠡᠯ᠎ᠦᠨ ᠬᠠᠩᠭᠠᠯᠭ᠎ᠠ᠎ᠶᠢ ᠪᠠᠳᠣᠯᠠᠵᠦ᠂ ᠲᠠᠷᠢᠶᠠᠯᠠᠩ᠎ᠤᠨ ᠬᠡᠷᠡᠭᠰᠡᠯ᠎ᠦᠨ ᠦᠢᠯᠡᠳᠬᠦᠨ᠎ᠦ ᠶᠠᠰᠤ ᠴᠢᠨᠠᠷ᠎ᠤᠨ ᠬᠢᠷᠢ ᠲᠡᠩᠴᠡᠬᠦ᠎ᠶᠢ ᠦᠨᠡᠨ ᠬᠦ᠌ ᠪᠠᠲᠤᠯᠠᠬᠤ᠎ᠪᠠᠷ ᠪᠠᠢᠨ᠎ᠠ᠃ ᠲᠠᠷᠢᠶᠠᠯᠠᠩ᠎ᠤᠨ ᠦᠢᠯᠡᠳᠪᠦᠷᠢᠯᠡᠯ᠎ᠦᠨ ᠬᠡᠷᠡᠭᠰᠡᠯ᠎ᠢ ᠬᠡᠷᠡᠭᠯᠡᠬᠦ ᠦᠷ᠎ᠡ ᠪᠦᠳᠦᠮᠵᠢ ᠵᠢ ᠬᠡᠳᠦ ᠶᠡᠬᠡᠰᠭᠡᠨ ᠣᠬᠠᠭᠣᠯᠵᠦ ᠪᠣᠷᠣᠯᠠᠭᠣᠯᠬᠣ᠂ ᠴᠠᠭᠠᠵᠠᠯᠠᠵᠦ ᠬᠢᠵᠠᠭᠠᠷᠯᠠᠬᠰᠠᠨ ᠲᠠᠷᠢᠶᠠᠨ ᠡᠮ᠎ᠢ ᠬᠠᠣᠯᠢ ᠪᠣᠰᠣ ᠪᠡᠷ ᠦᠢᠯᠡᠳᠪᠦᠷᠢᠯᠡᠵᠦ ᠡᠵᠡᠩᠨᠡᠵᠦ ᠬᠡᠷᠡᠭᠯᠡᠬᠦ᠂ ᠪᠠᠷᠢᠮᠵᠢᠶ᠎ᠠ ᠪᠤᠰᠤ ᠰᠦᠯᠢᠶᠥᠦ ᠪᠦᠷᠬᠦᠪᠴᠢ ᠵᠡᠷᠭᠡ ᠠᠰᠠᠭᠤᠳᠠᠯ᠎ᠳᠤ ᠲᠤᠰᠬᠠᠢ ᠴᠡᠭᠴᠡᠯᠡᠯᠳᠡ ᠬᠢᠵᠦ᠂ ᠰᠦᠯᠵᠢᠶᠡᠨ᠎ᠦ ᠲᠠᠷᠢᠶᠠᠯᠠᠩ᠎ᠤᠨ ᠦᠢᠯᠡᠳᠪᠦᠷᠢᠯᠡᠯ᠎ᠦᠨ ᠬᠡᠷᠡᠭᠰᠡᠯ᠎ᠦᠨ ᠬᠢᠨᠠᠯᠲᠠ ᠬᠠᠮᠢᠶᠠᠷᠤᠯᠲᠠ᠎ᠶᠢ ᠬᠠᠮᠵᠢᠯᠴᠠᠨ ᠠᠬᠢᠭᠤᠯᠵᠤ᠂ ᠰᠤᠭᠤᠴᠢᠨ ᠪᠠᠢᠴᠠᠭᠠᠬᠤ ᠪᠠ ᠬᠠᠤᠯᠢ ᠬᠡᠷᠡᠭᠵᠢᠭᠦᠯᠵᠦ ᠰᠢᠢᠳᠪᠦᠷᠢᠯᠡᠬᠦ ᠡᠷᠴᠢᠮ᠎ᠢᠶᠡᠨ ᠴᠢᠩᠭᠠᠷᠠᠭᠤᠯᠵᠤ᠂ ᠬᠠᠤᠯᠢ᠎ᠠᠴᠠ ᠵᠥᠷᠢᠴᠡᠭᠰᠡᠨ ᠨᠡᠢᠲᠡᠯᠢᠭ ᠬᠡᠷᠡᠭ᠎ᠢ ᠴᠠᠭ ᠲᠤᠬᠠᠢ ᠳ᠋ᠤᠨᠢ ᠨᠡᠢᠲᠡᠯᠡᠵᠦ᠂ ᠬᠠᠤᠯᠢ ᠶᠣᠰᠣᠭᠠᠷ ᠴᠢᠩᠭ᠎ᠠ ᠰᠢᠢᠳᠬᠡᠬᠦ ᠥᠨᠳᠥᠷ ᠳᠠᠷᠤᠯᠲᠠᠲᠤ ᠪᠠᠢᠳᠠᠯ᠎ᠢ ᠪᠤᠢ ᠪᠣᠯᠭᠠᠵᠤ᠂ ᠲᠠᠷᠢᠶᠠᠯᠠᠩ᠎ᠤᠨ ᠦᠢᠯᠡᠳᠪᠦᠷᠢᠯᠡᠯ᠎ᠦᠨ ᠬᠡᠷᠡᠭᠰᠡᠯ᠎ᠦᠨ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠤᠯᠠᠮ ᠴᠢᠨᠠᠭᠰᠢᠳᠠ ᠵᠢᠷᠤᠮᠵᠢᠭᠤᠯᠤᠨ᠎ᠠ᠃

ᠦᠨᠡᠯᠡᠯᠳᠡ᠄ ᠲᠤᠯᠤᠭᠠᠨ ᠰᠠᠯᠠᠭ᠎ᠠ ᠮᠥᠴᠢᠷ ᠬᠠᠮᠲᠤᠷᠠᠨ ᠬᠤᠳᠠᠯ ᠬᠠᠭᠤᠷᠮᠠᠭ ᠲᠠᠷᠢᠶᠠᠯᠠᠩ᠎ᠤᠨ ᠬᠡᠷᠡᠭᠰᠡᠯ᠎ᠳᠦ ᠴᠣᠬᠢᠯᠲᠠ ᠥᠭᠬᠦ 《ᠬᠠᠮ ᠠᠷᠭ᠎ᠠ》 ᠨᠢ ᠲᠠᠷᠢᠶᠡᠨ ᠦᠷ᠎ᠡ᠂ ᠲᠠᠷᠢᠶᠠᠨ ᠡᠮ᠎ᠦᠨ ᠠᠮᠣᠷ ᠲᠦᠪᠰᠢᠨ᠎ᠢ ᠬᠦᠢᠴᠡᠳ ᠪᠠᠳᠣᠯᠠᠬᠣ ᠵᠢᠨ ᠲᠦᠯᠦᠬᠡ ᠶᠣᠮ᠃

— 《ᠠᠷᠠᠳ ᠎ᠤᠨ ᠤᠯᠤᠰ ᠲᠦᠷᠦ ᠵᠢᠨ ᠵᠦᠪᠯᠡᠯᠭᠡᠨ ᠎ᠤ᠋ ᠰᠤᠨᠢᠨ》 ᠡᠴᠡ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号