ᠣᠳᠣᠬᠠᠨ᠎ᠤ ᠰᠦᠯᠵᠢᠶᠡᠨ᠎ᠦ ᠲᠠᠪᠴᠠᠩ᠎ᠤᠨ ᠣᠬᠣᠷ ᠸᠢᠳᠢᠤ᠋᠎ᠶᠢᠨ ᠠᠭᠤᠯᠭ᠎ᠠ᠎ᠳᠤ ᠲᠣᠳᠣᠷᠬᠠᠢᠯᠠᠯᠲᠠ ᠬᠢᠭᠰᠡᠨ ᠪᠠᠷᠢᠮᠵᠢᠶ᠎ᠠ ᠨᠢ ᠠᠳᠠᠯᠢ ᠦᠭᠡᠢ ᠪᠠᠢᠵᠤ᠂ ᠵᠠᠷᠢᠮ ᠠᠭᠤᠯᠭ᠎ᠠ᠎ᠳᠤ ᠬᠤᠳᠠᠯ᠎ᠢᠶᠠᠷ ᠵᠣᠬᠢᠶᠠᠨ ᠳᠡᠯᠭᠡᠷᠡᠭᠦᠯᠬᠦ᠂ AI ᠪᠡᠷ ᠦᠢᠯᠡᠳᠦᠭᠰᠡᠨ ᠵᠡᠷᠭᠡ ᠠᠰᠠᠭᠤᠳᠠᠯᠣᠷᠣᠰᠢᠵᠦ ᠪᠠᠢᠨ᠎ᠠ᠃ ᠲᠥᠪ᠎ᠦᠨ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠵᠢᠯᠲᠠ᠎ᠶᠢᠨ ᠬᠤᠷᠢᠶ᠎ᠠ ᠵᠢᠨ ᠠᠯᠪᠠᠨ ᠭᠡᠷ᠎ᠡᠴᠡ ᠰᠦᠯᠵᠢᠶᠡᠨ᠎ᠦ ᠲᠠᠪᠴᠠᠩ᠎ᠤᠨ ᠣᠬᠣᠷ ᠸᠢᠳᠢᠤ᠋᠎ᠶᠢᠨ ᠠᠭᠤᠯᠭ᠎ᠠ᠎ᠳᠤ ᠲᠣᠳᠣᠷᠬᠠᠢᠯᠠᠯᠲᠠ ᠬᠢᠬᠦ᠎ᠶᠢ ᠪᠥᠬᠥ ᠲᠠᠯ᠎ᠠ᠎ᠪᠠᠷ ᠵᠢᠷᠤᠮᠵᠢᠭᠤᠯᠬᠤ᠎ᠪᠠᠷ ᠲᠥᠯᠥᠪᠯᠡᠵᠦ ᠪᠠᠢᠨ᠎ᠠ᠄ ᠣᠬᠣᠷ ᠸᠢᠳᠢᠤ᠋᠎ᠶᠢᠨ ᠠᠭᠤᠯᠭ᠎ᠠ᠎ᠳᠤ ᠲᠣᠳᠣᠷᠬᠠᠢᠯᠠᠯᠲᠠ ᠬᠢᠭᠰᠡᠨ ᠱᠣᠰᠢᠭ᠎ᠠ᠎ᠶᠢ ᠵᠢᠷᠤᠮᠵᠢᠭᠤᠯᠵᠤ᠂ ᠡᠷᠬᠡᠪᠰᠢ ᠲᠣᠬᠢᠷᠠᠭᠤᠯᠬᠤ ᠴᠢᠬᠤᠯᠠᠲᠠᠢ ᠱᠣᠰᠢᠭ᠎ᠠ ᠲᠡᠮᠳᠡᠭ᠎ᠦᠨ ᠲᠥᠷᠥᠯ ᠵᠦᠢᠯ᠎ᠢ ᠲᠣᠳᠣᠷᠬᠠᠢᠯᠠᠬᠤ᠎ᠶᠢᠨ ᠬᠠᠮᠲᠤ ᠲᠡᠭᠦᠨ᠎ᠢ ᠸᠢᠳᠢᠤ᠋ ᠨᠡᠢᠲᠡᠯᠡᠬᠦ᠎ᠳᠦ ᠵᠠᠪᠠᠯ ᠪᠠᠢᠬᠣ ᠨᠢᠬᠡ ᠭᠣᠭᠴᠣᠭ᠎ᠠ ᠪᠣᠯᠭᠠᠨ᠎ᠠ᠃
ᠦᠨᠡᠯᠡᠯᠳᠡ᠄ ᠠᠯᠪᠠᠳᠠᠯᠭ᠎ᠠ᠎ᠪᠠᠷ ᠵᠡᠭᠦᠯᠲᠡ ᠬᠠᠳᠠᠬᠤ᠎ᠶᠢᠨ ᠮᠥᠨ ᠴᠢᠨᠠᠷ ᠨᠢ ᠣᠬᠣᠷ ᠸᠢᠳᠢᠤ᠋᠎ᠳᠤ 《ᠪᠡᠶ᠎ᠡ᠎ᠶᠢᠨ ᠭᠠᠷᠤᠯ᠎ᠢ ᠢᠯᠭᠠᠨ ᠲᠠᠨᠢᠬᠤ ᠰᠢᠰᠲᠧᠮ》 ᠪᠠᠢᠭᠤᠯᠵᠤ᠂ ᠸᠢᠳᠢᠤ᠋᠎ᠶᠢ ᠲᠠᠮᠵᠢᠭᠤᠯᠤᠨ ᠲᠠᠷᠬᠠᠭᠠᠬᠤ᠎ᠠᠴᠠ ᠡᠮᠦᠨ᠎ᠡ ᠤᠷᠢᠳ ᠵᠢᠡᠷ 《ᠡᠷᠦᠬᠡ ᠠᠮᠠ᠎ᠶᠢᠨ ᠳᠡᠪᠲᠡᠷ》 ᠵᠢᠡᠨ ᠢᠯᠡ ᠦᠵᠡᠬᠦᠯᠬᠦ ᠪᠣᠯᠭᠠᠨ᠎ᠠ᠃ ᠡᠨᠡ ᠨᠢ ᠠᠭᠤᠯᠭ᠎ᠠ᠎ᠶᠢᠨ ᠠᠮᠢ ᠠᠬᠤᠢ᠎ᠶᠢ ᠴᠡᠪᠡᠷᠰᠢᠭᠦᠯᠬᠦ᠎ᠶᠢᠨ ᠬᠠᠮᠲᠤ ᠪᠠᠰᠠ ᠨᠢᠭᠡ ᠣᠳᠠᠭ᠎ᠠ ᠵᠢᠨ ᠪᠠᠷᠢᠮᠵᠢᠶᠠᠵᠢᠭᠣᠯᠵᠦ ᠵᠠᠰᠠᠨ ᠴᠡᠭᠴᠡᠯᠡᠵᠦ ᠪᠠᠢᠭ᠎ᠠ ᠶᠠᠪᠣᠳᠠᠯ ᠪᠣᠯᠣᠨ᠎ᠠ᠃
— 《ᠠᠷᠠᠳ ᠤ᠋ᠨ ᠤᠯᠤᠰ ᠲᠦᠷᠦ ᠵᠢᠨ ᠵᠦᠪᠯᠡᠯᠭᠡᠨ ᠤ᠋ ᠰᠤᠨᠢᠨ》 ᠡᠴᠡ
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号