ᠮᠠᠨ ᠤ᠋ ᠤᠷᠤᠨ ᠵᠡᠭᠦᠨ ᠬᠣᠢᠲᠤ ᠢ᠋ᠢᠨ ᠬᠠᠷ᠎ᠠ ᠬᠥᠷᠥᠰᠥᠲᠦ ᠣᠷᠣᠨ ᠤ᠋ ᠢᠳᠡᠭ᠌ᠳᠡᠯ ᠭᠤᠤ ᠢ᠋ᠢ ᠶᠡᠷᠦᠩᠬᠡᠢᠯᠡᠨ ᠵᠠᠰᠠᠬᠤ ᠠᠵᠢᠯ ᠢ᠋ ᠪᠥᠬᠥ᠌ ᠲᠠᠯ᠎ᠠ ᠪᠡᠷ ᠡᠬᠢᠯᠡᠭᠦᠯᠪᠡ
2026-04-07 10:25:41
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

 ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠰᠤᠨ ᠠᠰᠢᠭᠯᠠᠯᠲᠠ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ ᠮᠠᠨ ᠤ᠋ ᠤᠷᠤᠨ ᠤᠢᠷ᠎ᠠ ᠳ᠋ᠤ 2026 ᠣᠨ ᠤ᠋ ᠵᠡᠭᠦᠨ ᠬᠣᠢᠲᠤ ᠢ᠋ᠢᠨ ᠬᠠᠷ᠎ᠠ ᠬᠥᠷᠥᠰᠥᠲᠦ ᠣᠷᠣᠨ ᠤ᠋ ᠢᠳᠡᠭ᠌ᠳᠡᠯ ᠭᠤᠤ ᠢ᠋ᠢ ᠶᠡᠷᠦᠩᠬᠡᠢᠯᠡᠨ ᠵᠠᠰᠠᠬᠤ ᠠᠵᠢᠯ ᠢ᠋ ᠪᠥᠬᠥ᠌ ᠲᠠᠯ᠎ᠠ ᠪᠡᠷ ᠡᠬᠢᠯᠡᠭᠦᠯᠵᠤ᠂ ᠡᠨᠡ ᠵᠢᠯ ᠨᠡᠢᠳᠡ 1.23 ᠳ᠋ᠦᠩᠱᠢᠭᠤᠷ ᠲᠥᠭᠥᠷᠢᠭ ᠤ᠋ᠨ ᠪᠠᠯᠠ ᠮᠥᠩᠭᠥ᠌ ᠤᠷᠤᠭᠤᠯᠤᠨ 300 ᠭᠠᠷᠤᠢ ᠢᠳᠡᠭ᠌ᠳᠡᠮᠡᠯ ᠭᠤᠤ ᠢ᠋ᠢ ᠵᠠᠰᠠᠵᠤ᠂ 80 ᠲᠡᠭ᠌ᠰᠢ ᠳᠥᠷᠪᠡᠯᠵᠢᠨ ᠺᠢᠯᠣᠮᠧᠲ᠋ᠷ ᠤ᠋ᠨ ᠬᠥᠷᠥᠰᠥ᠍ ᠱᠢᠷᠣᠶ ᠢ᠋ᠢᠨ ᠢᠳᠡᠭ᠌ᠳᠡᠯ ᠢ᠋ ᠵᠠᠰᠠᠬᠤ ᠪᠡᠷ ᠲᠦᠯᠦᠪᠯᠡᠵᠤ ᠪᠠᠢᠨ᠎ᠠ᠃

ᠤᠢᠯᠠᠭᠠᠭᠰᠠᠨ ᠢ᠋ᠢᠡᠷ᠂ ᠦᠪᠡᠷᠳᠡᠬᠡᠨ ᠵᠠᠰᠠᠬᠤ ᠤᠷᠤᠨ ᠡᠴᠡ ᠬᠠᠷ᠎ᠠ ᠬᠥᠷᠥᠰᠥᠲᠦ ᠣᠷᠣᠨ ᠤ᠋ ᠢᠳᠡᠭ᠌ᠳᠡᠯ ᠭᠤᠤ ᠢ᠋ᠢ ᠶᠡᠷᠦᠩᠬᠡᠢᠯᠡᠨ ᠵᠠᠰᠠᠬᠤ ᠤᠡ ᠤ᠋ ᠡᠭᠦᠷᠭᠡ ᠢ᠋ᠢ ᠨᠢᠬᠡᠨᠳᠡ ᠬᠢᠩᠭᠠᠨ ᠠᠢᠮᠠᠭ᠂ ᠬᠥᠯᠥᠨ ᠪᠣᠢᠷ ᠬᠣᠲᠠ ᠪᠤᠯᠤᠨ ᠤᠯᠠᠭᠠᠨᠬᠠᠳᠠ ᠬᠣᠲᠠ ᠵᠡᠷᠭᠡ 3 ᠠᠢᠮᠠᠭ ᠬᠣᠲᠠ ᠢ᠋ᠢᠨ 9 ᠭᠤᠤᠯᠳᠠᠯᠭ᠎ᠠ ᠲᠠᠢ ᠬᠣᠱᠢᠭᠤ ᠱᠢᠶᠠᠨ ᠳ᠋ᠤ ᠨᠠᠷᠢᠯᠢᠬ᠍ᠵᠢᠭᠤᠯᠤᠨ ᠬᠤᠪᠢᠶᠠᠷᠢᠯᠠᠵᠤ᠂ ᠬᠠᠷᠢᠭᠤᠴᠠᠯᠭ᠎ᠠ ᠢ᠋ᠢ ᠬᠥᠮᠦᠨ ᠳ᠋ᠤ ᠬᠦᠷᠭᠡᠭᠦ᠂ ᠡᠭᠦᠷᠭᠡ ᠢ᠋ᠢ ᠴᠡᠭ ᠲᠤ᠌ ᠬᠦᠷᠭᠡᠬᠦ ᠶ᠋ᠢ ᠦᠨᠡᠨ ᠬᠦ᠌ ᠪᠠᠲᠤᠯᠠᠪᠠ᠃ ᠥᠩᠭᠡᠷᠡᠭ᠌ᠰᠡᠨ ᠵᠢᠯ ᠤ᠋ᠳ ᠲᠠᠢ ᠬᠠᠷᠢᠴᠠᠭᠤᠯᠪᠠᠯ ᠡᠨᠡ ᠵᠢᠯ ᠤ᠋ᠨ ᠵᠠᠰᠠᠯᠲᠠ ᠢ᠋ᠢᠨ ᠠᠵᠢᠯ ᠢ᠋ ᠡᠷᠲᠡ ᠡᠴᠡ ᠲᠥᠯᠥᠪᠯᠡᠨ ᠡᠷᠲᠡᠬᠡᠨ ᠡᠬᠢᠯᠡᠭᠦᠯᠵᠤ᠂ ᠣᠳᠣᠬᠠᠨ ᠳ᠋ᠤ ᠣᠷᠴᠣᠨ ᠤ᠋ ᠥᠪᠡᠷᠲᠡᠭᠡᠨ ᠵᠠᠰᠠᠬᠤ ᠬᠣᠱᠢᠭᠤ᠂ ᠠᠷᠤᠨ ᠬᠣᠱᠢᠭᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤ ᠵᠡᠷᠭᠡ ᠭᠤᠤᠯᠳᠠᠯᠭ᠎ᠠ ᠲᠠᠢ ᠬᠣᠱᠢᠭᠤ ᠱᠢᠶᠠᠨ ᠤ᠋ ᠵᠠᠰᠠᠯᠲᠠ ᠢ᠋ᠢᠨ ᠲᠥᠷᠥᠯ ᠵᠦᠶ᠋ᠯ ᠨᠢᠭᠡᠨᠲᠡ ᠠᠵᠢᠯ ᠢ᠋ᠢᠡᠨ ᠡᠬᠢᠯᠡᠭᠦᠯᠵᠦ᠍᠂ ᠪᠤᠰᠤᠳ ᠬᠤᠰᠢᠭᠤ ᠰᠢᠶᠠᠨ ᠤ᠋ ᠲᠥᠷᠥᠯ ᠵᠦᠶ᠋ᠯ ᠴᠦ᠍ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ᠌ ᠶᠠᠪᠤᠴᠠ ᠢ᠋ᠢ ᠳᠠᠭᠤᠰᠬᠠᠨ᠂ ᠵᠢᠷᠤᠮᠵᠢᠭ᠍ᠰᠠᠨ ᠳᠡᠰ ᠳᠠᠷᠠᠭᠠᠯᠠᠯ ᠶᠣᠰᠣᠭᠠᠷ ᠡᠯ᠎ᠡ ᠵᠦᠶ᠋ᠯ ᠤ᠋ᠨ ᠪᠡᠯᠡᠳᠭᠡᠯ ᠠᠵᠢᠯ ᠢ᠋ ᠶᠠᠪᠤᠭᠳᠠᠭᠤᠯᠵᠤ᠂ ᠡᠨᠡ ᠵᠢᠯ ᠤ᠋ᠨ ᠰᠡᠭᠦᠯᠴᠢ ᠪᠤᠯᠳᠠᠯ᠎ᠠ ᠪᠥᠲᠥᠭᠡᠨ ᠪᠠᠢᠭᠤᠯᠤᠯᠲᠠ ᠢ᠋ᠢᠨ ᠪᠥᠬᠥ᠌ ᠡᠭᠦᠷᠭᠡ ᠢ᠋ᠢ ᠤᠷᠤᠭᠰᠢᠳᠠᠢ ᠪᠡᠶᠡᠯᠡᠭᠦᠯᠤᠨ᠂ ᠬᠠᠷ᠎ᠠ ᠬᠥᠷᠥᠰᠥᠲᠦ ᠤᠷᠤᠨ ᠤ᠋ ᠠᠮᠢ ᠠᠬᠤᠶ ᠢ᠋ᠢᠨ ᠠᠮᠤᠷ ᠲᠦᠪᠱᠢᠨ ᠤ᠋ ᠬᠠᠯᠬᠠᠪᠴᠢ ᠢ᠋ᠢ ᠤᠯᠠᠮ ᠪᠠᠳᠤᠳᠬᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号