ᠥᠪᠥᠷ ᠮᠣᠩᠭᠣᠯ ᠳᠥᠷᠪᠡᠨ ᠵᠦᠶ᠋ᠯ ᠤ᠋ᠨ ᠠᠮᠢ ᠠᠬᠤᠶ ᠶ᠋ᠢᠨ ᠢᠨᠵᠧᠨᠧᠷᠢᠩ ᠤ᠋ᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ᠌ ᠣᠷᠣᠨ ᠨᠤᠲᠤᠭ ᠤ᠋ᠨ ᠪᠠᠷᠢᠮᠵᠢᠶ᠎ᠠ ᠵᠢ ᠨᠡᠢᠲᠡᠯᠡᠪᠡ
2026-04-07 10:35:27
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

 ᠤᠢ᠍ᠢᠷ᠎ᠠ ᠳ᠋ᠤ᠂ ᠦᠪᠡᠷᠲᠡᠭᠡᠨ ᠵᠠᠰᠠᠬᠤ ᠤᠷᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶ᠎ᠠ ᠡᠴᠡ《ᠭᠠᠩ ᠬᠠᠭᠤᠷᠠᠢ ᠪᠠ ᠵᠠᠷᠢᠮᠳᠤᠭ ᠭᠠᠩ ᠬᠠᠭᠤᠷᠠᠢ ᠣᠷᠣᠨ ᠤ᠋ ᠴᠦᠯᠯᠡᠷᠭᠡᠭ᠌ᠵᠢᠯ ᠢ᠋ ᠰᠡᠷᠭᠡᠢᠯᠡᠨ ᠵᠠᠰᠠᠬᠤ ᠠᠮᠢ ᠠᠬᠤᠢ ᠶ᠋ᠢᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ᠌ ᠮᠡᠷᠭᠡᠵᠢᠯ ᠤ᠋ᠨ ᠵᠦᠭ᠌ᠯᠡᠭᠦᠷ》᠂ 《ᠡᠯᠡᠰᠦᠷᠬᠡᠭ  ᠭᠠᠵᠠᠷ  ᠤ᠋ᠨ ᠠᠮᠢ ᠠᠬᠤᠢ ᠵᠢ ᠬᠠᠮᠠᠭᠠᠯᠠᠬᠤ ᠪᠠ ᠰᠡᠷᠭᠦᠭᠡᠬᠦ᠌ ᠢᠨᠵᠧᠨᠧᠷᠢᠩ ᠤ᠋ᠨ ᠠᠮᠢ ᠠᠬᠤᠢ ᠶ᠋ᠢᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ᠌ ᠮᠡᠷᠭᠡᠵᠢᠯ ᠤ᠋ᠨ ᠲᠦᠷᠢᠮ》᠂ 《ᠲᠠᠴᠢᠷᠳᠠᠭ᠍ᠰᠠᠨ ᠨᠤᠲᠤᠭ ᠪᠡᠯᠴᠢᠭᠡᠷ ᠢ᠋ ᠰᠡᠷᠭᠦᠭᠡᠬᠦ᠌ ᠢᠨᠵᠧᠨᠧᠷᠢᠩ ᠤ᠋ᠨ ᠠᠮᠢ ᠠᠬᠤᠢ ᠶ᠋ᠢᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ᠌ ᠮᠡᠷᠭᠡᠵᠢᠯ ᠤ᠋ᠨ ᠲᠦᠷᠢᠮ》᠂ 《ᠡᠯᠡᠰᠦ ᠵᠢ ᠶᠡᠷᠦᠩᠬᠡᠢᠯᠡᠨ ᠵᠠᠰᠠᠬᠤ ᠢᠨᠵᠧᠨᠧᠷᠢᠩ ᠤ᠋ᠨ ᠠᠮᠢ ᠠᠬᠤᠢ ᠶ᠋ᠢᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ᠌ ᠮᠡᠷᠭᠡᠵᠢᠯ ᠤ᠋ᠨ ᠲᠦᠷᠢᠮ》 ᠵᠡᠷᠭᠡ ᠲᠦᠷᠪᠡᠨ ᠵᠦᠢᠯ ᠤ᠋ᠨ ᠣᠷᠣᠨ ᠨᠤᠲᠤᠭ ᠤ᠋ᠨ ᠪᠠᠷᠢᠮᠵᠢᠶ᠎ᠠ ᠵᠢ ᠨᠡᠢᠲᠡᠯᠡᠵᠦ᠍᠂ ᠱᠢᠨᠵᠢᠯᠡᠬᠦ᠌ ᠤᠬᠠᠭᠠᠨᠴᠢ ᠪᠡᠷ ᠡᠯᠡᠰᠦ ᠵᠢ ᠵᠠᠰᠠᠬᠤ᠂ ᠤᠨᠤᠴᠠᠲᠠᠢ ᠬᠢᠨᠠᠨ ᠬᠠᠮᠢᠶᠠᠷᠬᠤ ᠳ᠋ᠤ ᠮᠡᠷᠭᠡᠵᠢᠯ ᠤ᠋ᠨ ᠲᠤᠯᠭᠠᠭᠤᠷᠢᠯᠠᠯ ᠬᠠᠩᠭᠠᠪᠠ᠃

ᠤᠢᠯᠠᠭᠠᠬᠰᠠᠨ ᠢ᠋ᠶ᠋ᠡᠷ᠂ ᠣᠢᠷ᠎ᠠ ᠶ᠋ᠢᠨ ᠵᠢᠯ ᠡᠴᠡ ᠨᠠᠭᠠᠰᠢ᠂ ᠥᠪᠥᠷ ᠮᠣᠩᠭᠣᠯ ᠬᠡᠷᠡᠯᠴᠢ ᠴᠡᠨᠡᠭ ᠢ᠋ᠶ᠋ᠡᠷ ᠡᠯᠡᠰᠦ ᠵᠢ ᠵᠠᠰᠠᠬᠤ᠂ ᠵᠠᠰᠠᠮᠠᠯ ᠵᠠᠮ ᠢ᠋ᠶ᠋ᠡᠷ ᠡᠯᠡᠰᠦ ᠵᠢ ᠵᠠᠰᠠᠬᠤ ᠵᠡᠷᠭᠡ ᠰᠢᠨ᠎ᠡ ᠵᠢ ᠡᠭᠦᠳᠦᠭᠰᠡᠨ ᠵᠠᠰᠠᠯᠲᠠ ᠶ᠋ᠢᠨ ᠵᠠᠬᠪᠤᠷ ᠢ᠋ ᠢᠳᠡᠪᠬᠢᠲᠡᠶ ᠠᠬᠢᠭᠤᠯᠵᠤ᠂ ᠴᠦᠯᠯᠡᠷᠭᠡᠭ᠌ᠵᠢᠯ ᠢ᠋ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠭᠡᠪᠡᠴᠦ᠍ ᠤᠷᠳᠤ ᠬᠤᠭᠤᠴᠠᠭᠠᠨ ᠤ᠋ ᠲᠤᠷᠰᠢ᠂ ᠡᠯ᠎ᠡ ᠲᠦᠷᠦᠯ ᠤ᠋ᠨ ᠠᠮᠢ ᠠᠬᠤᠢ ᠵᠢ ᠰᠡᠷᠭᠦᠭᠡᠬᠦ᠌ ᠢᠨᠵᠧᠨᠧᠷᠢᠩ ᠤ᠋ᠨ ᠶᠡᠷᠦᠩᠬᠡᠢᠯᠡᠭ᠌ᠰᠡᠨ ᠠᠮᠢ ᠠᠬᠤᠢ ᠶ᠋ᠢᠨ ᠦᠷ᠎ᠡ ᠠᠱᠢᠭ ᠨᠢ ᠱᠢᠰᠲ᠋ᠧᠮ ᠲᠠᠢ ᠪᠦᠷᠢᠨ ᠲᠡᠭᠦᠯᠳᠡᠷ᠂ ᠭᠠᠵᠠᠷ ᠣᠷᠣᠨ ᠤ᠋ ᠪᠠᠢᠳᠠᠯ ᠳ᠋ᠤᠨᠢ ᠲᠤᠬᠢᠷᠠᠭᠤᠯᠤᠬᠰᠠᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠪᠠᠷᠢᠮᠵᠢᠶ᠎ᠠ ᠳᠤᠲᠠᠭ᠍ᠳᠠᠬᠰᠠᠭᠠᠷ ᠪᠠᠢᠵᠠᠢ᠃ ᠡᠨᠡ ᠬᠦ᠌ ᠠᠰᠠᠭᠤᠳᠠᠯ ᠳ᠋ᠤ ᠴᠢᠭ᠌ᠯᠡᠭᠦᠯᠦᠨ᠂ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ᠋ ᠠᠮᠢ ᠠᠬᠤᠶ ᠣᠷᠴᠢᠨ ᠲᠣᠭᠣᠷᠢᠨ ᠤ᠋ ᠲᠢᠩᠬᠢᠮ ᠤᠨᠤᠴᠠᠲᠠᠢ ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ 《ᠥᠪᠥᠷ ᠮᠣᠩᠭᠣᠯ ᠤ᠋ᠨ ᠨᠤᠲᠤᠭ ᠪᠡᠯᠴᠢᠭᠡᠷ᠂ ᠡᠯᠡᠰᠦᠷᠬᠡᠭ ᠭᠠᠵᠠᠷ᠂ ᠡᠯᠡᠰᠦᠨ ᠴᠦᠯ ᠤ᠋ᠨ ᠡᠯᠡᠰᠦᠷᠬᠡᠭᠵᠢᠯ ᠢ᠋ ᠰᠡᠷᠭᠡᠢᠯᠡᠨ ᠵᠠᠰᠠᠬᠤ ᠦᠷ᠎ᠡ ᠪᠦᠲᠦᠮᠵᠢ ᠵᠢ ᠦᠨᠡᠯᠡᠨ ᠵᠢᠱ᠌ᠢᠬᠦ᠌ ᠪᠠᠷᠢᠮᠵᠢᠶ᠎ᠠ ᠶ᠋ᠢᠨ ᠱᠢᠰᠲ᠋ᠧᠮ》ᠢ᠋ ᠭᠤᠤᠯᠳᠠᠯᠭ᠎ᠠ ᠲᠠᠢ ᠪᠠᠢᠭᠤᠯᠵᠤ᠂ ᠳᠡᠭᠡᠷ᠎ᠡ ᠳᠤᠷᠠᠳᠤᠭ᠍ᠰᠠᠨ ᠳᠥᠷᠪᠡᠨ ᠵᠦᠶ᠋ᠯ ᠤ᠋ᠨ ᠣᠷᠣᠨ ᠨᠤᠲᠤᠭ ᠤ᠋ᠨ ᠪᠠᠷᠢᠮᠵᠢᠶ᠎ᠠ ᠵᠢ ᠲᠣᠭ᠍ᠲᠠᠭᠠᠨ ᠨᠡᠢᠲᠡᠯᠡᠵᠦ᠍᠂ ᠡᠯᠡᠰᠦ ᠵᠢ ᠵᠠᠰᠠᠭ᠍ᠰᠠᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ᠌ ᠳ᠋ᠤ 《ᠦᠨᠳᠦᠰᠦᠯᠡᠬᠦ᠌ ᠪᠠᠷᠢᠮᠵᠢᠶ᠎ᠠ ᠥᠬᠡᠶ᠂ ᠪᠠᠢᠴᠠᠭᠠᠬᠤ ᠪᠠᠷᠢᠮᠲᠠ ᠥᠬᠡᠶ》 ᠪᠠᠢᠬᠤ ᠬᠦᠴᠢᠷ ᠠᠰᠠᠭᠤᠳᠠᠯ ᠢ᠋ ᠪᠥᠬᠥ᠌ ᠲᠠᠯ᠎ᠠ ᠪᠡᠷ ᠱᠢᠶ᠋ᠳᠪᠦᠷᠢᠯᠡᠪᠡ᠃

ᠳᠥᠷᠪᠡᠨ ᠵᠦᠶ᠋ᠯ ᠤ᠋ᠨ ᠣᠷᠣᠨ ᠨᠤᠲᠤᠭ ᠤ᠋ᠨ ᠪᠠᠷᠢᠮᠵᠢᠶ᠎ᠠ ᠨᠢ ᠬᠠᠨᠳᠤᠯᠭᠠᠲᠤ ᠴᠢᠨᠠᠷ ᠢ᠋ᠶ᠋ᠡᠷ ᠴᠢᠩᠭ᠎ᠠ ᠪᠠᠢᠵᠤ᠂ ᠠᠮᠢ ᠠᠬᠤᠶ ᠶ᠋ᠢᠨ ᠬᠠᠮᠠᠭᠠᠯᠠᠯᠲᠠ ᠶ᠋ᠢ ᠬᠢᠨᠠᠨ ᠰᠢᠯᠭᠠᠬᠤ᠂ ᠠᠮᠢ ᠠᠬᠤᠶ ᠶ᠋ᠢᠨ ᠨᠥᠬᠥᠪᠥᠷᠢ ᠶ᠋ᠢᠨ ᠲᠣᠭ᠍ᠲᠠᠴᠠ ᠵᠢ ᠪᠠᠢᠭᠤᠯᠬᠤ᠂ ᠵᠠᠯᠭᠠᠮᠵᠢ ᠵᠠᠰᠠᠯᠲᠠ ᠶ᠋ᠢᠨ ᠲᠥᠯᠥᠪᠵᠢᠭᠦᠯᠭᠡ ᠵᠢ ᠲᠣᠭ᠍ᠲᠠᠭᠠᠬᠤ ᠳ᠋ᠤ ᠤᠨᠤᠴᠠᠲᠠᠢ ᠲᠣᠭ᠎ᠠ ᠪᠠᠷᠢᠮᠲᠠ ᠶ᠋ᠢᠨ ᠲᠤᠯᠭᠠᠭᠤᠷᠢᠯᠠᠯ ᠬᠠᠩᠭᠠᠵᠤ᠂ ᠴᠢᠬᠤᠯᠠ ᠶᠡᠬᠡ ᠠᠮᠢ ᠠᠬᠤᠶ ᠶ᠋ᠢᠨ ᠢᠨᠵᠧᠨᠧᠷᠢᠩ ᠤ᠋ᠨ ᠦᠷ᠎ᠡ ᠪᠦᠲᠦᠮᠵᠢ ᠵᠢ ᠬᠡᠮᠵᠢᠶᠡᠯᠡᠵᠦ᠍ ᠪᠣᠯᠬᠤ᠂ ᠬᠢᠨᠠᠯᠲᠠ ᠲᠠᠯᠪᠢᠵᠤ ᠪᠣᠯᠬᠤ᠂ ᠮᠥᠷᠳᠡᠨ ᠪᠠᠢᠴᠠᠭᠠᠵᠤ ᠪᠣᠯᠬᠤ ᠵᠢ ᠦᠨᠡᠨ ᠬᠦ᠌ ᠪᠡᠶᠡᠯᠡᠭᠦᠯᠪᠡ᠃ ᠣᠳᠣᠬᠠᠨ ᠳ᠋ᠤ᠂ ᠴᠦᠯᠯᠡᠷᠭᠡᠭ᠌ᠵᠢᠯ ᠢ᠋ ᠰᠡᠷᠭᠡᠢᠯᠡᠨ ᠵᠠᠰᠠᠬᠤ ᠦᠷ᠎ᠡ ᠪᠦᠲᠦᠮᠵᠢ ᠵᠢ ᠦᠨᠡᠯᠡᠨ ᠵᠢᠱ᠌ᠢᠬᠦ᠌ ᠪᠠᠷᠢᠮᠵᠢᠶ᠎ᠠ ᠵᠢ ᠬᠤᠯᠠᠨ ᠱᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠲᠦ᠍ ᠵᠢᠱ᠌ᠢᠶ᠎ᠡ ᠦᠵᠡᠭᠦᠯᠦᠨ ᠬᠡᠷᠡᠭ᠌ᠯᠡᠨ᠂ ᠱᠢᠯᠭᠠᠨ ᠪᠠᠲᠤᠯᠠᠭ᠍ᠰᠠᠨ ᠦᠷ᠎ᠡ ᠪᠦᠲᠦᠮᠵᠢ ᠨᠢ ᠨᠡᠯᠢᠶᠡᠳ ᠰᠠᠢᠨ ᠪᠠᠢᠬᠤ ᠶ᠋ᠢᠨ ᠬᠠᠮᠲᠤ ᠤᠰᠤᠨ ᠤ᠋ ᠡᠬᠢ ᠪᠠᠶᠠᠯᠢᠭ ᠤ᠋ᠨ ᠳᠠᠭᠠᠭᠠᠴᠠ ᠶ᠋ᠢᠨ ᠬᠣᠷᠢᠭ᠎ᠠ ᠱᠤᠭᠤᠮ ᠢ᠋ ᠵᠡᠷᠭᠡ ᠪᠡᠷ ᠲᠣᠳᠣᠷᠬᠠᠶ ᠣᠢᠯᠠᠭᠠᠵᠤ᠂ 《ᠠᠯᠤᠰ ᠰᠡᠷᠡᠯ ᠤ᠋ᠨ ᠮᠡᠷᠭᠡᠵᠢᠯ + ᠭᠠᠵᠠᠷ ᠤ᠋ᠨ ᠭᠠᠳᠠᠷᠭᠤ ᠶ᠋ᠢᠨ ᠬᠢᠨᠠᠨ ᠬᠡᠮᠵᠢᠯᠲᠡ + ᠵᠠᠰᠠᠪᠤᠷᠢ ᠣᠷᠣᠭᠤᠯᠬᠤ ᠠᠷᠭ᠎ᠠ》 ᠶ᠋ᠢᠨ ᠪᠠᠷᠢᠮᠵᠢᠶᠠᠵᠢᠭᠤᠯᠤᠭ᠍ᠰᠠᠨ ᠦᠨᠡᠯᠡᠨ ᠵᠢᠱ᠌ᠢᠬᠦ᠌ ᠵᠠᠭ᠍ᠪᠤᠷ ᠢ᠋ ᠪᠦᠷᠢᠯᠳᠦᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号