ᠦᠪᠦᠷ ᠮᠤᠡᠭᠭᠤᠯ ᠨᠤᠳᠤᠭ ᠲᠠᠭᠠᠨ ᠪᠤᠴᠠᠬᠰᠠᠨ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ ᠲᠸ᠋ ᠥᠨᠳᠥᠷ ᠪᠦᠲᠦᠮᠵᠢᠲᠡᠶ᠎ᠦᠢᠯᠡᠴᠢᠯᠡᠭᠡ ᠬᠠᠡᠭᠭᠠᠵᠤ ᠪᠤᠢ
2026-04-07 10:18:44
ᠵᠣᠬᠢᠶᠠᠭ᠍ᠴᠢ᠄
​ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠡᠳᠦᠷ᠂ ᠥᠪᠥᠷ ᠮᠣᠩᠭᠣᠯ᠎ᠤᠨ ᠡᠯ᠎ᠡ ᠭᠠᠵᠠᠷ᠎ᠤᠨ᠎ᠬᠢᠨ ᠨᠤᠲᠤᠭ᠎ᠲᠠᠭᠠᠨ ᠪᠤᠴᠠᠬᠰᠠᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠢ᠋ ᠭᠥᠯᠢᠶᠡᠨ ᠠᠪᠬᠤ ᠠᠵᠢᠯ᠎ᠢ ᠥᠷᠨᠢᠭᠦᠯᠵᠦ᠍᠂ ᠡᠯ᠎ᠡ ᠱᠠᠲᠤᠨ᠎ᠤ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠦᠶ᠋ᠯᠡᠴᠢᠯᠡᠭᠡᠨ᠎ᠦ ᠲᠥᠪ᠎ᠨᠢ《ᠨᠢᠭᠡ ᠴᠣᠩᠬᠤᠪᠴᠢ᠎ᠪᠠᠷ ᠭᠥᠯᠢᠶᠡᠨ ᠠᠪᠴᠤ᠌ ᠱᠢᠶ᠋ᠳᠪᠦᠷᠢᠯᠡᠬᠦ᠌᠂ ᠨᠡᠢᠯᠡᠭᠦᠯᠦᠨ ᠭᠦᠶ᠋ᠴᠡᠳᠭᠡᠬᠦ᠌᠂ ᠨᠢᠭᠡ ᠯᠡ ᠤᠳᠠᠭ᠎ᠠ᠎ᠳᠤ ᠭᠦᠶ᠋ᠴᠡᠳᠭᠡᠬᠦ》 ᠵᠠᠭ᠍ᠪᠤᠷ ᠢ᠋ ᠬᠡᠷᠡᠭᠯᠡᠨ᠂ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠂ ᠡᠮ ᠡᠮᠨᠡᠯᠭᠡ᠎ᠶ᠋ᠢᠨ ᠳᠠᠭᠠᠳᠭᠠᠯ ᠵᠡᠷᠭᠡ ᠰᠠᠯᠠᠭ᠎ᠠ ᠮᠥᠴᠢᠷ᠎ᠦᠨ ᠲᠤᠬᠠᠢᠯᠠᠬᠰᠠᠨ ᠠᠵᠢᠯ ᠢ᠋ ᠨᠡᠢᠳᠭᠡᠵᠦ᠂ ᠨᠡᠷ᠎ᠡ ᠮᠡᠳᠡᠭᠦᠯᠦᠨ ᠳᠠᠩᠰᠠᠯᠠᠭᠤᠯᠬᠤ᠂ ᠨᠡᠢᠭᠡᠮ᠎ᠦᠨ ᠳᠠᠭᠠᠳᠭᠠᠯ᠎ᠢ ᠵᠠᠯᠭᠠᠨ ᠲᠤᠰᠢᠶᠠᠬᠤ᠂ ᠬᠠᠷᠠᠭᠠᠯᠵᠠᠯ᠎ᠤᠨ ᠦᠨᠡᠮᠯᠡᠯ ᠭᠤᠶᠤᠴᠢᠯᠠᠨ ᠠᠪᠬᠤ ᠵᠡᠷᠭᠡ ᠵᠦᠶ᠋ᠯᠡᠰ᠎ᠢ ᠲᠥᠪᠯᠡᠷᠡᠭᠦᠯᠦᠨ ᠭᠦᠶ᠋ᠴᠡᠳᠭᠡᠵᠦ᠍᠂ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤ᠋ᠨ ᠨᠢᠭᠡ ᠡᠭᠦᠳᠡ᠎ᠪᠡᠷ ᠣᠷᠣᠵᠤ᠂ ᠨᠢᠭᠡ ᠢᠵᠢ ᠮᠠᠲ᠋ᠧᠷᠢᠶᠠᠯ ᠲᠤᠱᠢᠶᠠᠵᠤ᠂ ᠨᠢᠭᠡ ᠯᠡ ᠤᠳᠠᠭ᠎ᠠ᠎ᠳᠤ ᠭᠦᠶ᠋ᠴᠡᠳᠭᠡᠬᠦ ᠵᠢ ᠪᠡᠶᠡᠯᠡᠬᠦᠯᠵᠦ᠂ ᠲᠣᠭ᠎ᠠ ᠪᠠᠷᠢᠮᠲᠠ᠎ᠶ᠋ᠢ ᠢᠯᠡᠭᠦᠦ ᠭᠦᠶᠦᠯᠭᠡᠵᠦ᠍᠂ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ ᠢ᠋ ᠳᠤᠲᠠᠭᠤ ᠭᠦᠶᠦᠯᠭᠡᠬᠦ ᠵᠢ ᠠᠬᠢᠭᠤᠯᠪᠠ᠃

《ᠡᠭᠦᠯᠡᠨ ᠲᠠᠪᠴᠠᠩ᠎ᠢᠶᠠᠷ ᠠᠵᠢᠯ᠎ᠤᠨ ᠪᠠᠢᠷᠢ ᠲᠠᠨᠢᠯᠴᠠᠭᠤᠯᠬᠤ ᠠᠵᠢᠯᠯᠠᠭ᠎ᠠ ᠨᠢ ᠨᠠᠳᠠ ᠭᠡᠷ᠎ᠡᠴᠡ᠎ᠪᠡᠨ ᠭᠠᠷᠬᠤ ᠦᠭᠡᠢ᠎ᠪᠡᠷ ᠠᠵᠢᠯ ᠤ᠋ᠨ ᠪᠠᠢᠷᠢ ᠵᠢ ᠤᠢᠯᠠᠭᠠᠬᠤ ᠲᠦᠭᠦᠮ ᠲᠦᠳᠡ ᠦᠢᠯᠡᠴᠢᠯᠡᠭᠡ ᠬᠠᠡᠭᠭᠠᠪᠠ》 ᠭᠡᠵᠦ ᠰᠦᠯᠵᠢᠶᠡᠨ ᠲᠠᠪᠴᠠᠩ᠎ᠢᠶᠠᠷ ᠠᠵᠢᠯ ᠤᠯᠤᠬᠰᠠᠨ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠨ ᠯᠢ ᠮᠢᠩ ᠪᠠᠶᠠᠷᠳᠠᠢᠬᠠᠨ ᠬᠡᠯᠡᠨ᠎ᠠ᠃  ᠯᠢ ᠮᠢᠩ ᠭᠤᠸᠠᠩᠰᠢ᠎ᠶ᠋ᠢᠨ ᠪᠠᠢᠭᠠᠯᠢ ᠲᠧᠭ᠌ᠨᠢᠭ᠎ᠦᠨ ᠤᠬᠠᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠠᠴᠠ ᠲᠡᠭᠦᠰᠦᠭ᠌ᠰᠡᠨ᠎ᠦ ᠳᠠᠷᠠᠭ᠎ᠠ ᠴᠡᠷᠢᠭ᠎ᠲᠦ ᠣᠷᠣᠵᠤ᠂ ᠡᠨᠡ ᠵᠢᠯ ᠴᠡᠷᠢᠭ ᠤ᠋ᠨ ᠠᠯᠪᠠ᠎ᠡᠴᠡ ᠬᠠᠯᠠᠭ᠍ᠳᠠᠠ ᠬᠦᠬᠡᠬᠤᠳᠠ ᠳ᠋ᠤ ᠪᠤᠴᠠᠨ ᠢᠷᠡᠵᠦ᠂ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠤᠨ ᠲᠤᠰᠭᠠᠶ ᠲᠠᠯᠠᠪᠠᠢ ᠠᠵᠢᠯᠳᠠᠨ ᠤᠷᠢᠨ ᠡᠯᠰᠡᠬᠦ ᠴᠤᠬᠯᠠᠭᠠᠨ᠎ᠳᠤ ᠬᠦᠷᠴᠦ᠍ ᠠᠵᠢᠯ ᠡᠷᠢᠪᠡ᠃

ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ 《ᠴᠡᠷᠢᠭ ᠤ᠋ᠨ ᠠᠯᠪᠠ ᠡᠴᠨ ᠬᠠᠯᠠᠬᠳᠠᠬᠰᠠᠳ᠎ᠤᠨ ᠱᠢᠨ᠎ᠡ ᠠᠶᠠᠨ᠂ ᠠᠵᠢᠯ ᠣᠯᠭᠣᠯᠲᠠ ᠪᠡᠷ ᠰᠠᠷᠠᠭᠤᠯ ᠢᠷᠡᠭᠡᠳᠦᠢ  ᠵᠢ  ᠴᠤᠬᠴᠠᠯᠠᠬᠤ》 ᠪᠠᠷ ᠭᠤᠤᠯ ᠰᠡᠳᠦᠪ ᠪᠣᠯᠭᠠᠵᠤ᠂ ᠪᠥᠬᠥ᠌ ᠣᠷᠣᠨ᠎ᠤ ᠬᠡᠪᠴᠢᠶᠡᠨ᠎ᠳᠦ ᠴᠡᠷᠢᠭ᠎ᠦᠨ ᠠᠯᠪᠠ᠎ᠠᠴᠠ ᠬᠠᠯᠠᠬᠳᠠᠬᠰᠠᠳ᠎ᠲᠤ ᠠᠵᠢᠯ ᠣᠯᠭᠣᠬᠤ ᠦᠶ᠋ᠯᠡᠴᠢᠯᠡᠭᠡᠨ᠎ᠦ ᠲᠤᠰᠭᠠᠶ ᠠᠵᠢᠯᠯᠠᠭ᠎ᠠ ᠬᠢᠭᠡᠳ ᠴᠡᠷᠢᠭ᠎ᠠᠴᠠ ᠬᠠᠯᠠᠬᠳᠠᠬᠰᠠᠨ ᠤᠶᠤᠲᠠᠳ ᠤ᠋ᠨ ᠲᠤᠰᠬᠠᠢ ᠲᠠᠯᠠᠪᠠᠢ ᠠᠵᠢᠯᠳᠠᠨ ᠤᠷᠢᠨ ᠡᠯᠰᠡᠬᠦ ᠴᠤᠬᠯᠠᠭᠠᠨ ᠡᠷᠬᠢᠯᠡᠵᠦ᠂ 《ᠠᠬᠤᠢ ᠲᠠᠯᠠᠪᠠᠢ ᠳ᠋ᠤ ᠤᠷᠢᠨ ᠡᠯᠰᠡᠬᠦ + ᠡᠭᠦᠯᠡᠨ ᠲᠠᠪᠴᠡᠡᠭ ᠵᠢᠡᠷ ᠠᠵᠢᠯ᠎ᠤᠨ ᠪᠠᠢᠷᠢ ᠲᠠᠨᠢᠯᠴᠠᠭᠤᠯᠬᠤ》 ᠵᠠᠭ᠍ᠪᠤᠷ ᠵᠢᠡᠷ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ ᠵᠢ ᠬᠠᠮᠵᠢᠯᠴᠠᠭᠤᠯᠤᠬᠰᠠᠨ ᠠᠵᠢᠯ ᠣᠯᠭᠣᠬᠤ ᠦᠶ᠋ᠯᠡᠴᠢᠯᠡᠭᠡᠨ᠎ᠦ ᠱᠢᠰᠲ᠋ᠧᠮ᠎ᠢ᠋ ᠪᠠᠢᠭᠤᠯᠪᠠ᠃

ᠡᠨᠡ ᠵᠢᠯ᠎ᠦᠨ 3 ᠰᠠᠷ᠎ᠠ᠎ᠠᠴᠠ ᠨᠠᠭᠠᠰᠢ᠂ ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠂ ᠪᠠᠶᠠᠨᠨᠠᠭᠤᠷ ᠬᠣᠲᠠ᠂ ᠪᠤᠭᠤᠲᠤ ᠬᠣᠲᠠ᠎ᠶ᠋ᠢᠨ ᠲᠦᠮᠡᠳ ᠪᠠᠷᠠᠭᠤᠨ ᠬᠣᠱᠢᠭᠤ ᠵᠡᠷᠭᠡ ᠵᠢᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠎ᠶ᠋ᠢ ᠵᠠᠯᠭᠠᠭ᠎ᠠ᠎ᠪᠠᠷ ᠥᠷᠨᠢᠭᠦᠯᠵᠦ᠍᠂ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠴᠢᠨᠠᠷ ᠰᠠᠢᠲᠠᠶ ᠠᠵᠢᠯ ᠣᠯᠭᠣᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠳᠡᠮᠵᠢᠪᠡ᠃ ᠡᠯ᠎ᠡ ᠭᠠᠵᠠᠷ᠎ᠤᠨ᠎ᠬᠢᠨ ᠪᠠᠰᠠ ᠱᠢᠭᠤᠳ ᠨᠡᠪᠲᠡᠷᠡᠭᠦᠯᠭᠡ ᠬᠢᠬᠦ᠌᠂ ᠠᠵᠤ ᠠᠬᠤᠢᠯᠠᠯ᠎ᠢ ᠰᠤᠷᠪᠤᠯᠵᠢᠯᠠᠨ ᠠᠵᠢᠯ᠎ᠤᠨ ᠪᠠᠢᠷᠢ ᠡᠷᠢᠬᠦ᠂ ᠠᠵᠢᠯ᠎ᠤᠨ ᠪᠠᠢᠷᠢ᠎ᠶ᠋ᠢᠨ ᠮᠡᠳᠡᠭᠡ ᠵᠠᠩᠭᠢ᠎ᠶ᠋ᠢ ᠱᠢᠨᠡᠳᠭᠡᠬᠦ᠌ ᠠᠵᠢᠯ᠎ᠢ ᠪᠠᠢᠩᠭᠤ ᠥᠷᠨᠢᠭᠦᠯᠵᠦ᠍᠂ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠲᠤ ᠪᠥᠬᠥ᠌ ᠦᠶᠡᠯᠡᠯ᠎ᠦᠨ ᠬᠤᠭᠤᠴᠠᠭᠠᠨ᠎ᠤ ᠠᠵᠢᠯ ᠣᠯᠭᠣᠯᠲᠠ᠎ᠶ᠋ᠢᠨ ᠦᠶ᠋ᠯᠡᠴᠢᠯᠡᠭᠡ ᠬᠠᠩᠭᠠᠪᠠ᠃

ᠮᠠᠨ᠎ᠤ ᠤᠷᠤᠨ ᠪᠠᠰᠠ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ ᠲᠸ᠋ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢ ᠳᠡᠭᠡᠭ᠌ᠰᠢᠯᠡᠭᠦᠯᠬᠦ ᠬᠥᠭ᠌ᠵᠢᠯᠲᠡ᠎ᠶ᠋ᠢᠨ ᠲᠠᠪᠴᠠᠩ᠎ᠢ ᠪᠠᠢᠭᠤᠯᠵᠦ᠂ ᠵᠠᠬᠢᠶᠠᠯᠠᠭ᠎ᠠ᠎ᠶ᠋ᠢᠨ ᠮᠠᠶᠢᠭ᠂ ᠬᠠᠨᠳᠤᠯᠭᠠᠲᠤ ᠮᠠᠶᠢᠭ᠂ ᠠᠵᠢᠯ᠎ᠤᠨ ᠪᠠᠢᠷᠢ ᠲᠣᠭ᠍ᠲᠠᠭᠠᠬᠤ ᠮᠠᠶᠢᠭ᠎ᠤᠨ ᠪᠣᠯᠪᠠᠰᠤᠷᠠᠯ᠎ᠢ ᠡᠷᠬᠢᠯᠡᠵᠦ᠂ ᠠᠵᠤ ᠠᠬᠤᠢᠯᠠᠯ᠎ᠤᠨ ᠬᠡᠷᠡᠭ᠌ᠴᠡᠭᠡ ᠱᠠᠭᠠᠷᠳᠠᠯᠭ᠎ᠠ ᠪᠠ ᠴᠡᠷᠢᠭ᠎ᠦᠨ ᠠᠯᠪᠠ᠎ᠠᠴᠠ ᠬᠠᠯᠠᠬᠳᠠᠬᠰᠠᠳ᠎ᠤᠨ ᠣᠨᠴᠠᠯᠢᠭ᠎ᠢ ᠦᠨᠳᠦᠰᠦᠯᠡᠨ ᠪᠣᠯᠪᠠᠰᠤᠷᠠᠯ᠎ᠤᠨ ᠠᠭᠤᠯᠭ᠎ᠠ᠎ᠶ᠋ᠢ ᠲᠣᠭ᠍ᠲᠠᠭᠠᠵᠤ᠂ ᠪᠣᠯᠪᠠᠰᠤᠷᠠᠯ ᠪᠠ ᠠᠵᠢᠯ ᠣᠯᠭᠣᠯᠲᠠ᠎ᠶ᠋ᠢ ᠵᠠᠪᠰᠠᠷ ᠥᠬᠡᠶ ᠵᠣᠯᠭᠠᠭᠤᠯᠪᠠ᠃ ᠦᠶ᠋ᠯᠡᠰ ᠪᠤᠰᠬᠠᠬᠤ ᠵᠢᠭᠡᠯᠡᠯᠭᠡ᠂ ᠭᠠᠢᠯᠢ ᠲᠠᠲᠠᠪᠤᠷᠢ᠎ᠶ᠋ᠢᠨ ᠬᠠᠷᠠᠭᠠᠯᠵᠠᠯ ᠦᠵᠡᠭᠦᠯᠬᠦ᠌ ᠲᠥᠷᠥ᠎ᠶ᠋ᠢᠨ ᠪᠣᠳᠣᠯᠭ᠎ᠠ ᠪᠡᠷ ᠦᠶ᠋ᠯᠡᠰ ᠪᠤᠰᠬᠠᠬᠤ ᠬᠦᠰᠡᠯ ᠡᠷᠡᠮᠡᠯᠵᠡᠯ᠎ᠲᠡᠶ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ ᠲᠸ᠋ ᠦᠨᠡᠨ ᠪᠤᠳᠠᠳᠠᠢ ᠲᠡᠮᠵᠢᠯᠭᠡ ᠦᠵᠡᠬᠦᠯᠪᠡ᠃ ᠠᠰᠠᠷᠠᠨ ᠬᠠᠷᠠᠭᠠᠯᠵᠠᠬᠤ᠂ ᠡᠷᠬᠡ ᠠᠱᠢᠭ᠎ᠢ ᠬᠠᠮᠠᠭᠠᠯᠠᠬᠤ᠂ ᠬᠦᠴᠢᠷᠳᠡᠯ᠎ᠢ ᠨᠢ ᠬᠠᠪᠰᠤᠷᠤᠨ ᠲᠡᠳᠬᠦᠬᠦ᠌ ᠵᠡᠷᠭᠡ ᠠᠵᠢᠯ᠎ᠢ ᠵᠡᠷᠭᠡ᠎ᠪᠡᠷ ᠠᠬᠢᠭᠤᠯᠵᠤ᠂ ᠠᠵᠢᠯ ᠣᠯᠭᠣᠬᠤ᠂ ᠪᠣᠯᠪᠠᠰᠤᠷᠠᠯ ᠬᠦᠷᠳᠡᠭᠡᠭᠦ᠂ ᠦᠢᠯᠡᠰ ᠪᠤᠰᠬᠠᠬᠤ᠂ ᠡᠷᠬᠡ ᠠᠱᠢᠭ᠎ᠢ ᠪᠠᠳᠤᠯᠠᠬᠤ ᠪᠦᠬᠦ᠌ ᠬᠡᠯᠬᠢᠶ᠎ᠠ ᠵᠢᠨ ᠦᠢᠯᠡᠴᠢᠯᠡᠭᠡᠨ᠎ᠦ ᠲᠣᠭ᠍ᠲᠠᠴᠠ᠎ᠶ᠋ᠢ ᠪᠦᠷᠢᠯᠳᠦᠬᠦᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号