ᠮᠠᠨ᠎ᠤ ᠤᠯᠤᠰ ᠦᠶᠡᠷ᠎ᠦᠨ ᠬᠤᠭᠤᠴᠠᠭᠠᠨ ᠳ᠋ᠤ ᠤᠷᠤᠵᠤ ᠣᠯᠠᠨ ᠵᠢᠯ᠎ᠦᠨ ᠳᠤᠮᠳᠠᠴᠢ ᠦᠶᠡᠷ᠎ᠦᠨ ᠬᠤᠭᠤᠴᠠᠭᠠᠨ᠎ᠳᠤ ᠤᠷᠤᠬᠤ ᠡᠳᠤᠷ ᠬᠤᠭᠤᠴᠠᠭ᠎ᠠ ᠲᠠᠢ ᠠᠳᠠᠯᠢ ᠪᠤᠯᠪᠠ
2026-04-07 10:48:23
ᠵᠣᠬᠢᠶᠠᠭ᠍ᠴᠢ᠄
​ᠸᠧᠶ ᠬᠣᠩ ᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠤᠰᠤᠨ ᠠᠱᠢᠭ᠍ᠯᠠᠯᠲᠠ᠎ᠶ᠋ᠢᠨ ᠶᠠᠮᠤᠨ᠎ᠡᠴᠡ ᠣᠢᠯᠠᠭᠠᠭ᠍ᠰᠠᠨ᠎ᠢᠶᠠᠷ᠂ 3 ᠰᠠᠷ᠎ᠠ᠎ᠶ᠋ᠢᠨ 29 ᠎ᠡᠴᠡ 31 ᠎ᠤ᠋ ᠡᠳᠦᠷ ᠪᠣᠯᠲᠠᠯ᠎ᠠ᠂ ᠭᠤᠸᠠᠩᠳᠦ᠋ᠩ᠂ ᠭᠤᠸᠠᠩᠰᠢ᠂ ᠵᠢᠶᠠᠩᠰᠢ᠂ ᠹᠦᠵᠢᠶᠠᠨ᠂ ᠵᠧᠵᠢᠶᠠᠩ ᠵᠡᠷᠭᠡ ᠣᠯᠠᠨ ᠭᠠᠵᠠᠷ᠎ᠲᠤ ᠱᠢᠷᠦᠭᠦᠨ ᠪᠣᠷᠣᠭᠠᠨ ᠣᠷᠣᠵᠤ᠂ 3 ᠡᠳᠦᠷ ᠳᠠᠷᠠᠭᠠᠯᠠᠨ ᠬᠤᠷᠠᠭ᠍ᠰᠠᠨ ᠪᠣᠷᠣᠭᠠᠨ᠎ᠤ ᠬᠡᠮᠵᠢᠶ᠎ᠡ ᠨᠢ 50 ᠮᠢᠯᠢᠮᠧᠲ᠋ᠷ᠎ᠡᠴᠡ ᠳᠡᠭᠡᠭ᠌ᠰᠢᠬᠢ ᠪᠣᠷᠣᠭᠠᠨ᠎ᠤ ᠣᠷᠣᠨ᠎ᠤ ᠪᠦᠷᠬᠦᠴᠡ᠎ᠶ᠋ᠢᠨ ᠲᠠᠯᠠᠪᠠᠶ15.4 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ᠎ᠲᠦ ᠬᠦᠷᠴᠡᠶ᠃ ᠮᠠᠨ᠎ᠤ ᠤᠯᠤᠰ᠎ᠤᠨ ᠦᠶᠡᠷ᠎ᠦᠨ ᠬᠤᠭᠤᠴᠠᠭᠠᠨ᠎ᠳᠤ ᠣᠷᠣᠬᠤ ᠡᠳᠦᠷ ᠬᠤᠭᠤᠴᠠᠭ᠎ᠠ᠎ᠶ᠋ᠢ ᠲᠣᠭ᠍ᠲᠠᠭᠠᠬᠤ ᠠᠷᠭ᠎ᠠ᠎ᠶ᠋ᠢ ᠦᠨᠳᠦᠰᠦᠯᠡᠪᠡᠯ᠂ ᠡᠨᠡ ᠵᠢᠯ᠎ᠦᠨ ᠮᠠᠨ᠎ᠤ ᠤᠯᠤᠰ᠎ᠤᠨ ᠦᠶᠡᠷ᠎ᠦᠨ ᠬᠤᠭᠤᠴᠠᠭᠠᠨ᠎ᠳᠤ ᠣᠷᠣᠬᠤ ᠡᠳᠦᠷ ᠬᠤᠭᠤᠴᠠᠭ᠎ᠠ᠎ᠨᠢ 4 ᠰᠠᠷ᠎ᠠ᠎ᠶ᠋ᠢᠨ 1 ᠎ᠤ᠋ ᠡᠳᠦᠷ ᠪᠠᠢᠵᠤ᠂ ᠣᠯᠠᠨ ᠵᠢᠯ᠎ᠦᠨ ᠦᠶᠡᠷ᠎ᠦᠨ ᠬᠤᠭᠤᠴᠠᠭᠠᠨ᠎ᠳᠤ ᠣᠷᠣᠬᠤ ᠡᠳᠦᠷ ᠬᠤᠭᠤᠴᠠᠭ᠎ᠠ᠎ᠲᠠᠢ ᠠᠳᠠᠯᠢ ᠪᠤᠯᠪᠠ᠃

ᠤᠰᠤᠨ ᠠᠱᠢᠭ᠍ᠯᠠᠯᠲᠠ᠎ᠶ᠋ᠢᠨ ᠶᠠᠮᠤᠨ 4 ᠰᠠᠷ᠎ᠠ᠎ᠶ᠋ᠢᠨ1᠎ᠤ᠋ ᠡᠳᠦᠷ ᠲᠤᠰᠭᠠᠶ ᠰᠡᠳᠦᠪ᠎ᠢᠶᠡᠷ ᠵᠥᠪᠳᠡᠯᠴᠡᠵᠦ᠍᠂ ᠦᠶᠡᠷ᠎ᠦᠨ ᠬᠤᠭᠤᠴᠠᠭᠠᠨ᠎ᠤ ᠪᠠᠢᠳᠠᠯ ᠪᠠ ᠣᠳᠣᠬᠠᠨ᠎ᠤ ᠪᠣᠷᠣᠭᠠᠨ ᠤᠰᠤᠨ᠎ᠤ ᠪᠠᠢᠳᠠᠯ᠎ᠢ ᠵᠠᠳᠠᠯᠤᠨ ᠰᠤᠳᠤᠯᠵᠤ᠂ ᠣᠢᠷ᠎ᠠ᠎ᠶ᠋ᠢᠨ ᠬᠤᠭᠤᠴᠠᠭᠠᠨ᠎ᠤ ᠦᠶᠡᠷ ᠭᠠᠩ᠎ᠤᠨ ᠭᠠᠮᠱᠢᠭ᠎ᠢ ᠰᠡᠷᠭᠡᠢᠯᠡᠬᠦ᠌ ᠭᠤᠤᠯᠳᠠᠯᠭ᠎ᠠ᠎ᠲᠠᠶ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃ ᠵᠢᠱ᠌ᠢᠯᠲᠡ᠎ᠶ᠋ᠢ ᠦᠨᠳᠦᠰᠦᠯᠡᠪᠡᠯ᠂ ᠡᠨᠡ ᠵᠢᠯ᠎ᠦᠨ ᠦᠶᠡᠷ᠎ᠦᠨ ᠬᠤᠭᠤᠴᠠᠭᠠᠨ᠎ᠳᠤ ᠮᠠᠨ᠎ᠤ ᠤᠯᠤᠰ᠎ᠤᠨ ᠣᠷᠣᠨ ᠪᠦᠰᠡ᠎ᠶ᠋ᠢᠨ ᠴᠢᠨᠠᠷᠲᠠᠶ ᠱᠠᠲᠤ ᠦᠶᠡᠴᠢ ᠴᠢᠨᠠᠷᠲᠠᠶ ᠭᠠᠩ ᠬᠠᠭ᠍ᠰᠠᠷᠠᠭᠠᠨ ᠢᠯᠡᠷᠬᠡᠶ ᠪᠠᠢᠵᠤ᠂ ᠭᠠᠩ ᠬᠠᠭ᠍ᠰᠠᠷᠠᠭᠠᠨ ᠦᠶᠠᠷ ᠤᠰᠤᠲᠤᠯ ᠵᠡᠷᠭᠡ᠎ᠪᠡᠷ ᠡᠬᠦᠰᠬᠦ ᠪᠣᠯᠤᠨ᠎ᠠ᠃ ᠤᠮᠠᠷᠠᠲᠤ ᠣᠷᠣᠨ᠎ᠳᠤ ᠦᠶᠡᠷ ᠤᠰᠤᠲᠤᠯ᠎ᠤᠨ ᠭᠠᠮᠱᠢᠭ ᠣᠯᠠᠨ ᠡᠭᠦᠰᠴᠦ᠍ ᠳᠠᠬᠢᠨ ᠡᠭᠦᠰᠴᠦ᠍ ᠮᠡᠳᠡᠨ᠎ᠡ᠂ ᠬᠡᠰᠡᠭ ᠭᠠᠵᠠᠷ ᠣᠷᠣᠨ᠎ᠳᠤ ᠱᠢᠷᠦᠭᠦᠨ ᠪᠣᠷᠣᠭᠠᠨ ᠦᠶᠡᠷ᠎ᠦᠨ ᠭᠠᠮᠱᠢᠭ ᠣᠯᠠᠨ ᠭᠠᠷᠴᠤ᠌᠂ ᠲᠠᠢᠹᠧᠩ ᠰᠠᠯᠬᠢ ᠤᠮᠠᠷᠠᠱᠢᠯᠠᠵᠤ ᠳᠣᠲᠣᠭᠠᠳᠤ ᠬᠠᠭᠤᠷᠠᠶ᠎ᠶ᠋ᠢ ᠨᠥᠯᠥᠭᠡᠯᠡᠵᠦ᠍ ᠮᠡᠳᠡᠨ᠎ᠡ;ᠬᠥᠬᠡ ᠮᠥᠷᠡᠨ᠎ᠦ ᠳᠤᠮᠳᠠᠳᠤ ᠳᠣᠣᠷᠠᠳᠤ ᠤᠷᠤᠰᠭᠠᠯ ᠵᠢᠴᠢ ᠱᠢᠨᠵᠢᠶᠠᠩ᠎ᠤᠨ ᠤᠮᠠᠷᠠᠲᠤ ᠬᠡᠰᠡᠭ ᠵᠡᠷᠭᠡ ᠭᠠᠵᠠᠷ᠎ᠲᠤ ᠱᠠᠲᠤ ᠦᠶᠠᠴᠢ ᠴᠢᠨᠠᠷᠲᠠᠶ ᠭᠠᠩ ᠬᠠᠭ᠍ᠰᠠᠷᠠᠭᠠᠨ ᠡᠭᠦᠰᠴᠦ᠍ ᠮᠡᠳᠡᠨ᠎ᠡ᠃

ᠰᠤᠷᠪᠤᠯᠵᠢᠯᠠᠭ᠍ᠴᠢ᠎ᠶ᠋ᠢᠨ ᠣᠢᠯᠠᠭᠠᠭ᠍ᠰᠠᠨ᠎ᠢᠶᠠᠷ᠂ ᠤᠰᠤᠨ ᠠᠱᠢᠭ᠍ᠯᠠᠯᠲᠠ᠎ᠶ᠋ᠢᠨ ᠶᠠᠮᠤᠨ᠎ᠡᠴᠡ ᠡᠯ᠎ᠡ ᠭᠠᠵᠠᠷ᠎ᠤᠨ ᠤᠰᠤᠨ ᠠᠱᠢᠭ᠍ᠯᠠᠯᠲᠠ᠎ᠶ᠋ᠢᠨ ᠰᠠᠯᠠᠭ᠎ᠠ ᠮᠥᠴᠢᠷ ᠬᠥᠮᠦᠨ ᠬᠠᠷ᠎ᠠ ᠡᠨᠳᠡᠵᠦ᠍ ᠱᠢᠷᠬᠠᠲᠤᠬᠤ ᠥᠬᠡᠶ᠂ ᠤᠰᠤᠨ ᠴᠥᠭᠥᠷᠥᠮ ᠎ᠤᠨ ᠬᠠᠱᠢᠯᠭ᠎ᠠ ᠨᠤᠷᠠᠬᠤ ᠥᠬᠡᠶ᠂ ᠴᠢᠬᠤᠯᠠ ᠬᠠᠱᠢᠯᠭ᠎ᠠ ᠰᠡᠳᠡᠷᠡᠬᠦ᠌ ᠥᠬᠡᠶ᠂ ᠴᠢᠬᠤᠯᠠ ᠰᠠᠭᠤᠷᠢ ᠲᠥᠬᠥᠭᠡᠷᠦᠮᠵᠢ ᠳᠠᠭᠠᠷᠢᠯᠲᠠ᠎ᠳᠤ ᠤᠴᠠᠷᠠᠬᠤ ᠥᠬᠡᠶ ᠪᠠᠢᠬᠤ ᠪᠠ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠤᠰᠤ ᠬᠠᠩᠭᠠᠬᠤ ᠠᠮᠤᠷ ᠲᠦᠪᠱᠢᠨ᠂ ᠤᠰᠤᠯᠠᠯᠲᠠ᠎ᠶ᠋ᠢᠨ ᠣᠷᠣᠨ᠎ᠤ ᠲᠠᠷᠢᠮᠠᠯ᠎ᠤᠨ ᠴᠠᠭ ᠤᠯᠠᠷᠢᠯ᠎ᠤᠨ ᠤᠰᠤᠯᠠᠯᠲᠠ᠎ᠳᠤ ᠬᠡᠷᠡᠭ᠌ᠯᠡᠬᠦ᠌ ᠤᠰᠤᠨ᠎ᠤ ᠬᠡᠷᠡᠭ᠌ᠴᠡᠭᠡ ᠱᠠᠭᠠᠷᠳᠠᠯᠭ᠎ᠠ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠌᠎ᠳᠦ ᠬᠡᠷᠡᠭ᠌ᠯᠡᠬᠦ᠌ ᠤᠰᠤᠨ᠎ᠤ ᠠᠮᠤᠷ ᠲᠦᠪᠱᠢᠨ ᠵᠡᠷᠭᠡ ᠬᠠᠷᠠᠯᠲᠠ᠎ᠶ᠋ᠢ ᠪᠠᠳᠤ ᠡᠵᠡᠮᠳᠡᠵᠤ᠂ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠬᠣᠷᠢᠭ᠎ᠠ ᠱᠤᠭᠤᠮ᠎ᠤᠨ ᠰᠡᠳᠭᠢᠬᠦᠶ᠂ ᠲᠤᠢᠯᠱᠢᠷᠠᠯ᠎ᠤᠨ ᠰᠡᠳᠭᠢᠬᠦᠶ᠎ᠶ᠋ᠢ ᠪᠠᠲᠤ ᠪᠣᠶ ᠪᠣᠯᠭᠠᠵᠤ᠂ ᠬᠠᠷᠢᠭᠤᠴᠠᠯᠭ᠎ᠠ᠎ᠶ᠋ᠢ ᠤᠯᠠᠮ ᠨᠢᠭᠡ ᠠᠯᠬᠤᠮ ᠪᠣᠳᠠᠲᠠᠢᠵᠢᠭᠤᠯᠵᠤ᠂ ᠡᠯ᠎ᠡ ᠵᠦᠶ᠋ᠯ᠎ᠦᠨ ᠰᠡᠷᠭᠡᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ᠎ᠶ᠋ᠢ ᠴᠢᠩᠭᠠᠳᠭᠠᠬᠤ ᠬᠡᠷᠡᠭ᠌ᠲᠡᠶ ᠭᠡᠵᠦ᠍ ᠱᠠᠭᠠᠷᠳᠠᠪᠠ᠃

ᠤᠰᠤᠨ ᠠᠱᠢᠭ᠍ᠯᠠᠯᠲᠠ᠎ᠶ᠋ᠢᠨ ᠶᠠᠮᠤᠨ᠂ ᠦᠶᠡᠷ᠎ᠦᠨ ᠬᠤᠭᠤᠴᠠᠭᠠᠨ᠎ᠤ᠋ ᠪᠠᠢᠳᠠᠯ ᠳ᠋ᠤ ᠳᠠᠷᠤᠢ ᠲᠦᠷᠭᠡᠨ ᠣᠷᠣᠵᠤ᠂ ᠦᠶᠡᠷ᠎ᠢ ᠰᠡᠷᠭᠡᠢᠯᠡᠬᠦ᠌ ᠪᠡᠯᠡᠳᠭᠡᠯ᠎ᠢ ᠴᠢᠩᠭᠠᠳᠭᠠᠵᠤ᠂ ᠬᠢᠨᠠᠨ ᠬᠡᠮᠵᠢᠵᠦ᠍ ᠤᠷᠢᠳᠴᠢᠯᠠᠨ ᠮᠡᠳᠡᠭᠦᠯᠵᠦ᠍ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠴᠢᠩᠭᠠᠳᠭᠠᠵᠤ᠂ ᠤᠰᠤᠨ᠎ᠤ ᠢᠨᠵᠧᠨᠧᠷᠢᠩ᠎ᠢ ᠨᠢᠭᠡᠳᠦᠯᠲᠡᠢ᠎ᠪᠡᠷ ᠬᠠᠮᠲᠤᠷᠠᠨ ᠲᠤᠬᠢᠷᠠᠭᠤᠯᠬᠤ᠎ᠶ᠋ᠢ ᠴᠢᠩᠭᠠᠳᠭᠠᠵᠤ᠂ ᠦᠶᠡᠷ᠎ᠢ ᠰᠡᠷᠭᠡᠢᠯᠡᠬᠦ᠌ ᠭᠣᠣᠯᠳᠠᠯᠭ᠎ᠠ᠎ᠲᠠᠶ ᠭᠣᠭ᠍ᠴᠣᠭ᠎ᠠ᠎ᠶ᠋ᠢ ᠴᠢᠩᠭ᠎ᠠ ᠠᠩᠬᠠᠷᠴᠤ᠌᠂ ᠭᠠᠩ ᠬᠠᠬᠰᠠᠷᠠᠭᠠᠨ ᠦᠶᠠᠷ ᠤᠰᠤᠲᠤᠯ᠎ᠢ ᠬᠠᠮᠲᠤ᠎ᠪᠠᠷ ᠰᠡᠷᠭᠡᠢᠯᠡᠵᠦ᠍ ᠬᠠᠮᠲᠤ᠎ᠪᠠᠷ ᠵᠠᠰᠠᠬᠤ᠎ᠶ᠋ᠢ ᠪᠠᠷᠢᠮᠲᠠᠯᠠᠵᠤ᠂ 24 ᠴᠠᠭ᠎ᠤᠨ ᠦᠶᠡᠷ᠎ᠢ ᠰᠡᠷᠭᠡᠢᠯᠡᠬᠦ᠌ ᠵᠢᠵᠢᠭᠦᠷᠯᠡᠨ ᠰᠠᠬᠢᠬᠤ᠎ᠶ᠋ᠢ ᠡᠬᠢᠯᠡᠭᠦᠯᠬᠦ᠌᠂ ᠠᠶᠤᠯ ᠲᠦᠭ᠌ᠰᠢᠭᠦᠷᠢ᠎ᠶ᠋ᠢᠨ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠲᠦᠷᠭᠡᠳᠭᠡᠨ ᠠᠬᠢᠭᠤᠯᠬᠤ᠂ ᠠᠶᠤᠯ ᠲᠦᠭ᠌ᠰᠢᠭᠦᠷᠢ᠎ᠶ᠋ᠢ ᠦᠷᠭᠦᠯᠵᠢᠯᠡᠨ ᠵᠥᠪᠳᠡᠯᠴᠡᠵᠦ᠍ ᠰᠤᠳᠤᠯᠤᠨ ᠮᠠᠭᠠᠳᠯᠠᠵᠤ᠂ ᠱᠢᠰᠲᠸᠮ ᠲᠠᠢ᠂ ᠱᠢᠨᠵᠢᠯᠡᠬᠦ᠌ ᠤᠬᠠᠭᠠᠨᠴᠢ᠂ ᠠᠮᠤᠷ ᠲᠦᠪᠱᠢᠨ ᠪᠠᠢᠵᠤ᠂ ᠰᠠᠪᠠ ᠭᠠᠵᠠᠷ᠎ᠤᠨ ᠦᠶᠡᠷ᠎ᠢ ᠰᠡᠷᠭᠡᠢᠯᠡᠬᠦ᠌ ᠢᠨᠵᠧᠨᠧᠷᠢᠩ᠎ᠦᠨ ᠱᠢᠰᠲᠸᠮ᠎ᠢ ᠣᠨᠣᠪᠴᠢᠲᠠᠢ ᠲᠤᠬᠢᠷᠠᠭᠤᠯᠵᠤ᠂ ᠤᠰᠤᠨ᠎ᠤ ᠢᠨᠵᠧᠨᠧᠷᠢᠩ᠎ᠦᠨ ᠭᠠᠩ ᠬᠠᠭ᠍ᠰᠠᠷᠠᠭᠠᠨ᠎ᠲᠠᠶ ᠲᠡᠮᠡᠴᠡᠬᠦ᠌ ᠲᠤᠬᠢᠷᠠᠭᠤᠯᠭ᠎ᠠ ᠵᠢᠴᠢ ᠪᠠᠴᠢᠮ ᠪᠠᠢᠳᠠᠯ᠎ᠢ ᠠᠷᠭᠠᠴᠠᠭᠠᠬᠤ ᠤᠰᠤᠨ᠎ᠤ ᠬᠡᠮᠵᠢᠶ᠎ᠡ᠎ᠶ᠋ᠢ ᠲᠤᠬᠢᠷᠠᠭᠤᠯᠬᠤ ᠵᠡᠷᠭᠡ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠵᠦ᠍᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠪᠦᠬᠦ᠌ ᠬᠦᠴᠦ᠍᠎ᠪᠡᠷ᠎ᠢᠶᠡᠨ ᠪᠠᠲᠤᠯᠠᠬᠤ ᠬᠡᠷᠡᠭ᠌ᠲᠡᠢ ᠭᠡᠵᠦ᠍ ᠱᠠᠭᠠᠷᠳᠠᠪᠠ᠃

ᠱᠢᠨᠬᠤᠸᠠ ᠬᠣᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号