ᠰᠤᠷᠪᠤᠯᠵᠢᠯᠠᠭ᠍ᠴᠢ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠠᠮᠤᠨ᠎ᠡᠴᠡ ᠣᠢᠯᠠᠭᠠᠭ᠍ᠰᠠᠨ᠎ᠢᠶᠠᠷ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠠᠶᠤᠯᠭᠦᠶ ᠦᠶ᠋ᠯᠡᠳᠪᠦᠷᠢᠯᠡᠯ᠎ᠦᠨ ᠵᠥᠪᠯᠡᠯ᠎ᠦᠨ ᠠᠯᠪᠠᠨ ᠬᠡᠷ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠠᠮᠤᠨ ᠤᠢᠷ᠎ᠡ ᠵᠢᠨ ᠡᠳᠦᠷ ᠬᠠᠩᠰᠢ᠎ᠶ᠋ᠢᠨ ᠠᠮᠠᠷᠠᠯᠲᠠ᠎ᠶ᠋ᠢᠨ ᠡᠮᠦᠨ᠎ᠡ ᠬᠣᠢᠨᠠᠬᠢ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠠᠵᠢᠯ᠎ᠤᠨ ᠸᠢᠳᠢᠤ᠋ ᠲᠤᠬᠢᠷᠠᠭᠤᠯᠤᠯᠲᠠ ᠵᠢᠨ ᠬᠤᠷᠠᠯ ᠬᠢᠵᠦ᠍᠂ ᠬᠦᠨᠳᠦ ᠣᠨᠴᠠ ᠶᠡᠬᠡ ᠡᠨᠳᠡᠯ᠎ᠦᠨ ᠭᠠᠮᠱᠢᠭ᠎ᠢ ᠡᠷᠡᠰ ᠰᠡᠷᠭᠡᠢᠯᠡᠨ ᠬᠣᠷᠢᠭ᠍ᠯᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ ᠪᠠ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠦᠨᠡᠨ ᠬᠦ᠌ ᠬᠠᠮᠠᠭᠠᠯᠠᠬᠤ ᠬᠡᠷᠡᠭ᠌ᠲᠡᠶ ᠭᠡᠵᠦ᠍ ᠱᠠᠭᠠᠷᠳᠠᠪᠠ᠃
ᠬᠤᠷᠠᠯ᠎ᠡᠴᠡ᠂ ᠬᠠᠩᠰᠢ᠎ᠶ᠋ᠢᠨ ᠠᠮᠠᠷᠠᠯᠲᠠ ᠪᠤᠯᠬᠤᠶ᠎ᠠ᠂ ᠠᠷᠠᠳ᠎ᠤᠨ ᠵᠠᠩ ᠦᠶ᠋ᠯᠡ᠎ᠶ᠋ᠢᠨ ᠲᠠᠬᠢᠯᠭ᠎ᠠ᠂ ᠬᠠᠪᠤᠷ᠎ᠤᠨ ᠲᠠᠷᠢᠶᠠᠯᠠᠭ᠎ᠠ᠎ᠶ᠋ᠢᠨ ᠭᠠᠯ ᠬᠡᠷᠡᠭ᠌ᠯᠡᠬᠦ᠌ ᠬᠡᠮᠵᠢᠶ᠎ᠡ ᠨᠡᠮᠡᠭ᠌ᠳᠡᠵᠦ᠍᠂ ᠣᠯᠠᠨ ᠲᠦᠮᠡᠨ ᠠᠭᠤᠯᠠ ᠠᠪᠠᠷᠢᠬᠤ᠂ ᠭᠠᠳᠠᠭ᠍ᠰᠢ ᠭᠠᠷᠴᠤ᠌ ᠲᠤᠭᠤᠷᠢᠨ ᠵᠢᠭᠤᠯᠴᠢᠯᠠᠬᠤ ᠶᠠᠪᠤᠳᠠᠯ ᠲᠥᠪᠯᠡᠷᠡᠵᠦ᠍᠂ ᠣᠶ ᠱᠢᠭᠤᠶ᠎ᠶ᠋ᠢᠨ ᠲᠦᠶ᠋ᠮᠡᠷ᠎ᠦᠨ ᠠᠶᠤᠯ᠂ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠮᠤᠷ ᠲᠦᠪᠱᠢᠨ᠂ ᠵᠠᠮ ᠬᠠᠷᠢᠯᠴᠠᠭ᠎ᠠ ᠵᠢᠭᠤᠯᠴᠢᠯᠠᠯ᠎ᠤᠨ ᠠᠮᠤᠷ ᠲᠦᠪᠱᠢᠨ ᠵᠡᠷᠭᠡ᠎ᠶ᠋ᠢᠨ ᠠᠶᠤᠯ ᠲᠦᠭ᠌ᠰᠢᠭᠦᠷᠢ ᠥᠨᠳᠥᠷ ᠪᠠᠢᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠦᠨ᠎ᠬᠢᠨ ᠣᠢᠷ᠎ᠠ᠎ᠶ᠋ᠢᠨ ᠬᠤᠭᠤᠴᠠᠭᠠᠨ᠎ᠤ ᠡᠨᠳᠡᠯ᠎ᠡᠴᠡ ᠭᠦᠨᠵᠡᠭᠡᠶ ᠰᠤᠷᠭᠠᠮᠵᠢ ᠠᠪᠴᠤ᠌᠂ ᠠᠮᠤᠷ ᠲᠦᠪᠱᠢᠨ᠎ᠦ ᠡᠨᠡ ᠬᠦ᠌ ᠬᠥᠪᠴᠢ᠎ᠶ᠋ᠢ ᠢᠮᠠᠭ᠍ᠲᠠ ᠴᠢᠩᠭᠠᠯᠠᠵᠤ᠂ ᠡᠯ᠎ᠡ ᠵᠦᠶ᠋ᠯ᠎ᠦᠨ ᠠᠮᠤᠷ ᠲᠦᠪᠱᠢᠨ᠎ᠦ ᠬᠠᠷᠢᠭᠤᠴᠠᠯᠭ᠎ᠠ ᠠᠷᠭ᠎ᠠ ᠬᠡᠮᠵᠢᠶ᠎ᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠬᠤ ᠬᠡᠷᠡᠭ᠌ᠲᠡᠶ ᠭᠡᠵᠦ ᠵᠢᠭᠠᠵᠤ ᠭᠠᠷᠭᠠᠪᠠ᠃
ᠬᠤᠷᠠᠯ᠎ᠡᠴᠡ᠂ ᠪᠠᠶᠠᠷ᠎ᠤᠨ ᠡᠳᠦᠷ᠎ᠦᠨ ᠣᠨᠴᠠᠯᠢᠭᠲᠤ ᠴᠢᠭ᠌ᠯᠡᠭᠦᠯᠦᠨ᠂ ᠤᠯᠠᠨ ᠨᠡᠢᠲᠡ᠎ᠶ᠋ᠢᠨ ᠠᠮᠤᠷ ᠲᠦᠪᠱᠢᠨ᠎ᠦ ᠬᠦᠷᠢᠶᠡᠨ᠎ᠳᠡᠬᠢ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠢ᠎ᠡ᠎ᠶ᠋ᠢ ᠪᠣᠳᠠᠲᠠᠢ ᠨᠠᠷᠢᠯᠢᠭ ᠨᠠᠢᠳᠠᠪᠤᠷᠢᠵᠢᠭᠤᠯᠬᠤ ᠬᠡᠷᠡᠭ᠌ᠲᠡᠢ᠃ ᠥᠨᠳᠥᠷ ᠪᠠᠷᠢᠯᠭ᠎ᠠ ᠵᠡᠷᠭᠡ ᠭᠠᠯ ᠰᠡᠷᠭᠡᠢᠯᠡᠯᠲᠡ᠎ᠶ᠋ᠢᠨ ᠠᠮᠤᠷ ᠲᠦᠪᠱᠢᠨ᠎ᠢ ᠲᠣᠪᠣᠢᠮ᠎ᠠ ᠰᠠᠢᠲᠤᠷ ᠠᠳᠭᠤᠵᠤ᠂ ᠪᠠᠷᠢᠯᠭ᠎ᠠ᠎ᠶ᠋ᠢᠨ ᠳᠤᠯᠠᠭᠠᠨ᠎ᠢ ᠬᠠᠮᠠᠭᠠᠯᠠᠬᠤ ᠮᠠᠲ᠋ᠧᠷᠢᠶᠠᠯ᠎ᠤᠨ ᠲᠤᠰᠭᠠᠶ ᠴᠡᠭ᠌ᠴᠡᠯᠡᠨ ᠵᠠᠰᠠᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠪᠠᠭᠤᠳᠠᠯ ᠪᠠ ᠠᠷᠠᠳ᠎ᠤᠨ ᠤᠯᠠᠮᠵᠢᠯᠠᠯᠲᠤ ᠰᠠᠭᠤᠴᠠ᠂ ᠢᠳᠡᠭᠡᠨ ᠤᠮᠳᠠᠭᠠᠨ ᠵᠤᠭ᠎ᠠ ᠴᠡᠩᠭᠡᠯ᠂ ᠨᠠᠰᠤᠲᠠᠨ᠎ᠢ ᠠᠰᠠᠷᠠᠬᠤ ᠬᠦᠷᠢᠶᠡᠯᠡᠩ᠂ ᠡᠮᠨᠡᠯᠭᠡ᠎ᠶ᠋ᠢᠨ ᠬᠣᠷᠢᠶ᠎ᠠ᠂ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠂ ᠬᠦᠶ᠋ᠲᠡᠨ ᠬᠥᠮᠥᠷᠭᠡ ᠵᠡᠷᠭᠡ ᠭᠤᠤᠯᠳᠠᠯᠭ᠎ᠠ᠎ᠲᠠᠶ ᠲᠠᠯᠠᠪᠤᠷ ᠭᠠᠵᠠᠷ᠎ᠲᠤ ᠲᠣᠭ᠍ᠲᠠᠭᠠᠯ᠎ᠡᠴᠡ ᠵᠥᠷᠢᠴᠡᠨ ᠭᠠᠯ ᠬᠡᠷᠡᠭᠯᠡᠬᠦ᠂ ᠴᠠᠬᠢᠯᠭᠠᠨ᠎ᠢ ᠳᠠᠭᠠᠭᠠᠴᠠ᠎ᠡᠴᠡ ᠬᠡᠲᠦᠷᠡᠭᠦᠯᠦᠨ ᠬᠡᠷᠡᠭ᠌ᠯᠡᠬᠦ᠌ ᠵᠡᠷᠭᠡ ᠭᠠᠯ᠎ᠤᠨ ᠭᠠᠮᠱᠢᠭ᠎ᠤᠨ ᠬᠡᠮ ᠰᠣᠭᠣᠭ᠎ᠢ ᠦᠷᠭᠦᠯᠵᠢᠯᠡᠨ ᠵᠢᠭ᠍ᠰᠠᠭᠠᠨ ᠪᠠᠢᠴᠠᠭᠠᠬᠤ᠎ᠶ᠋ᠢ ᠴᠢᠩᠭᠠᠳᠭᠠᠬᠤ ᠬᠡᠷᠡᠭᠳᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠤᠢ ᠱᠢᠭᠤᠢ᠎ᠶ᠋ᠢᠨ ᠲᠦᠢᠮᠡᠷ᠎ᠢ ᠰᠡᠷᠭᠡᠢᠯᠡᠬᠦ᠌ ᠬᠠᠲᠠᠭᠤ ᠠᠷᠭ᠎ᠠ ᠬᠡᠮᠵᠢᠢ᠎ᠡ᠎ᠶ᠋ᠢ ᠴᠢᠩᠭ᠎ᠠ ᠨᠠᠢᠳᠠᠪᠤᠷᠢᠵᠢᠭᠤᠯᠬᠤ᠎ᠶ᠋ᠢ ᠪᠠᠲᠤᠯᠠᠬᠤ ᠬᠡᠷᠡᠭ᠌ᠲᠡᠢ᠃ ᠬᠡᠭᠡᠷ᠎ᠡ ᠭᠠᠳᠠᠭ᠎ᠠ᠎ᠶ᠋ᠢᠨ ᠭᠠᠯ᠎ᠤᠨ ᠡᠬᠢ ᠰᠤᠷᠪᠤᠯᠵᠢ᠎ᠶ᠋ᠢ ᠰᠠᠢᠲᠤᠷ ᠬᠠᠮᠢᠶᠠᠷᠤᠨ ᠡᠵᠡᠮᠳᠡᠵᠦ᠍᠂ ᠡᠷᠡᠭᠦᠦ ᠱᠢᠶ᠋ᠳᠭᠡᠯᠢ ᠵᠣᠯᠭᠠᠭᠤᠯᠬᠤ ᠪᠠ ᠰᠡᠷᠡᠮᠵᠢᠯᠡᠭᠦᠯᠦᠨ ᠢᠯᠡᠴᠢᠯᠡᠬᠦ᠌᠎ᠶ᠋ᠢ ᠴᠢᠩᠭᠠᠳᠭᠠᠵᠤ᠂ ᠣᠯᠠᠨ ᠲᠦᠮᠡᠨ᠎ᠦ ᠪᠣᠯᠪᠠᠰᠤᠨ᠎ᠢᠶᠠᠷ ᠲᠠᠬᠢᠯᠭ᠎ᠠ ᠬᠢᠬᠦ᠌᠎ᠶ᠋ᠢ ᠵᠣᠷᠢᠭ᠍ᠵᠢᠭᠤᠯᠤᠨ ᠬᠥᠲᠥᠯᠥᠨ ᠵᠢᠯᠣᠭᠣᠳᠴᠤ᠌᠂ ᠬᠦᠴᠦᠨ᠎ᠢ ᠨᠢᠭᠡᠳᠦᠯᠲᠡᠶ ᠲᠥᠯᠥᠪᠵᠢᠭᠦᠯᠬᠦ᠌᠎ᠪᠡᠨ ᠴᠢᠩᠭᠠᠳᠭᠠᠵᠤ᠂ ᠰᠡᠷᠭᠡᠢᠯᠡᠨ ᠰᠠᠭᠤᠵᠤ ᠭᠠᠯ ᠤᠨᠲᠠᠷᠠᠭᠠᠬᠤ ᠡᠩᠨᠡᠭᠡ᠎ᠳᠦ ᠣᠷᠣᠵᠤ᠂ ᠣᠶ ᠱᠢᠭᠤᠶ ᠨᠤᠲᠤᠭ ᠪᠡᠯᠴᠢᠭᠡᠷ᠎ᠦᠨ ᠲᠦᠶ᠋ᠮᠡᠷ᠎ᠦᠨ ᠠᠶᠤᠯ᠎ᠢ ᠠᠮᠤᠷ ᠲᠦᠪᠱᠢᠨ ᠥᠨᠳᠥᠷ ᠪᠦᠲᠦᠮᠵᠢᠲᠡᠶ᠎ᠪᠡᠷ ᠱᠢᠶ᠋ᠳᠪᠦᠷᠢᠯᠡᠬᠦ᠌ ᠬᠡᠷᠡᠭ᠌ᠲᠡᠶ᠃
ᠬᠣᠷᠢᠭ᠎ᠠ ᠱᠤᠭᠤᠮ᠎ᠤᠨ ᠰᠡᠳᠭᠢᠬᠦᠶ᠎ᠪᠡᠨ ᠴᠢᠩᠭᠠᠳᠭᠠᠵᠤ᠂ ᠦᠶᠡᠷ᠎ᠢ ᠰᠡᠷᠭᠡᠢᠯᠡᠵᠦ᠍ ᠦᠶᠡᠷ᠎ᠢ ᠰᠡᠷᠭᠡᠢᠯᠡᠬᠦ᠌ ᠪᠡᠯᠡᠳᠭᠡᠯ ᠠᠵᠢᠯ᠎ᠢ ᠨᠠᠷᠢᠨ ᠨᠢᠮᠪᠠᠶ ᠰᠠᠢᠲᠤᠷ ᠬᠢᠬᠦ᠌ ᠬᠡᠷᠡᠭ᠌ᠲᠡᠶ᠃ ᠣᠳᠣᠬᠠᠨ᠎ᠳᠤ ᠡᠮᠦᠨᠡᠲᠦ ᠣᠷᠣᠨ ᠨᠢᠭᠡᠨᠲᠡ ᠦᠶᠡᠷ᠎ᠦᠨ ᠬᠤᠭᠤᠴᠠᠭᠠᠨ᠎ᠳᠤ ᠣᠷᠣᠪᠠ᠂ ᠦᠷᠭᠦᠯᠵᠢᠯᠡᠨ ᠪᠣᠷᠣᠭᠠᠨ ᠣᠷᠣᠪᠠᠯ ᠪᠡᠯ ᠶᠡᠭᠦᠷᠡᠬᠦ᠌᠂ ᠱᠢᠪᠠᠷ ᠴᠢᠯᠠᠭᠤᠨ ᠤᠷᠤᠰᠭᠠᠯ ᠵᠡᠷᠭᠡ ᠡᠭᠦᠰᠦᠮᠡᠯ ᠭᠠᠮᠱᠢᠭ᠎ᠢ ᠰᠡᠷᠭᠡᠢᠯᠡᠵᠦ᠍᠂ ᠦᠶᠡᠷ᠎ᠦᠨ ᠬᠤᠭᠤᠴᠠᠭ᠎ᠠ᠎ᠶ᠋ᠢ ᠥᠩᠭᠡᠷᠡᠭᠦᠯᠬᠦ᠌ ᠬᠡᠮ ᠰᠣᠭᠣᠭ᠎ᠤᠨ ᠲᠤᠰᠭᠠᠶ ᠪᠠᠢᠴᠠᠭᠠᠯᠲᠠ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠴᠢᠩᠭ᠎ᠠ ᠰᠣᠯᠢᠭ ᠤᠷᠤᠰᠭᠠᠯ᠎ᠤᠨ ᠴᠠᠭ ᠠᠭᠤᠷ᠎ᠤᠨ ᠰᠡᠷᠭᠡᠢᠯᠡᠯᠲᠡ᠎ᠶ᠋ᠢ ᠰᠠᠢᠲᠤᠷ ᠠᠳᠭᠤᠬᠤ ᠬᠡᠷᠡᠭ᠌ᠲᠡᠶ ᠭᠡᠵᠦ ᠱᠠᠭᠠᠷᠳᠠᠪᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ )