ᠬᠦᠬᠡᠬᠤᠲᠠ᠎ᠵᠢᠨ ᠵᠡᠮᠳᠡᠭ᠌ᠴᠦᠳ᠎ᠦᠨ ᠬᠣᠯᠪᠣᠭ᠎ᠠ ᠡᠷᠡᠭᠦᠯ ᠮᠡᠨᠳᠦ᠍᠎ᠶ᠋ᠢᠨ ᠮᠡᠳᠡᠯᠭᠡ᠎ᠶ᠋ᠢᠨ ᠲᠠᠢᠯᠤᠮᠵᠢ ᠬᠢᠪᠡ
2026-04-07 15:26:37
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠺᠠᠳ᠋ᠷ ᠠᠵᠢᠯᠲᠠᠨ ᠠᠵᠢᠯᠴᠢᠨ᠎ᠳᠤ ᠱᠢᠨᠵᠢᠯᠡᠬᠦ᠌ ᠤᠬᠠᠭᠠᠨᠴᠢ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢᠨ ᠤᠢᠯᠠᠭᠠᠬᠳᠠᠬᠤᠨ᠎ᠢ ᠡᠵᠡᠮᠰᠢᠬᠦᠯᠬᠦ᠎ᠵᠢᠨ ᠲᠦᠯᠦᠭᠡ ᠤᠢᠷ᠎ᠠ᠎ᠳᠤ᠂ ᠬᠦᠬᠡᠬᠤᠲᠠ᠎ᠶ᠋ᠢᠨ ᠵᠡᠮᠳᠡᠭ᠌ᠴᠦᠳ᠎ᠦᠨ ᠬᠤᠯᠪᠤᠭ᠎ᠠ ᠬᠠᠮᠢᠶ᠎ᠠ ᠪᠥᠬᠥᠶ ᠲᠤᠰᠭᠠᠶ ᠮᠡᠷᠭᠡᠵᠢᠯᠲᠡᠨ᠎ᠢ ᠤᠷᠢᠵᠤ 《ᠡᠷᠡᠭᠦᠯ ᠮᠡᠨᠳᠦ᠍᠎ᠶ᠋ᠢ ᠬᠠᠯᠠᠮᠵᠢᠯᠠᠵᠤ᠂ ᠲᠠ ᠪᠢᠳᠡᠨ᠎ᠢ ᠰᠠᠬᠢᠨ ᠬᠠᠮᠠᠭᠠᠯᠠᠬᠤ》 ᠭᠤᠤᠯ ᠰᠡᠳᠦᠪᠲᠦ ᠡᠷᠡᠭᠦᠯ ᠮᠡᠨᠳᠦ᠍᠎ᠶ᠋ᠢᠨ ᠮᠡᠳᠡᠯᠭᠡ᠎ᠶ᠋ᠢᠨ ᠲᠠᠢᠯᠤᠮᠵᠢ ᠬᠢᠪᠡ᠃ 

ᠲᠣᠰ ᠤᠳᠠᠭᠠᠨ᠎ᠤ ᠲᠠᠢᠯᠤᠮᠵᠢ᠎ᠨᠢ ᠲᠣᠭᠠᠴᠢᠯᠠᠭ᠍ᠰᠠᠨ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢᠨ ᠭᠤᠤᠯᠯᠠᠬᠤ ᠦᠨ᠎ᠡ ᠥᠷᠲᠡᠭ᠂ ᠲᠣᠭᠠᠴᠢᠯᠠᠭ᠍ᠰᠠᠨ ᠮᠡᠷᠭᠡᠵᠢᠯ᠎ᠦᠨ ᠡᠪᠡᠳᠴᠢᠨ ᠡᠮᠭᠡᠭ᠎ᠦᠨ ᠠᠩᠬᠠᠨ᠎ᠤ ᠦᠶ᠎ᠡ᠎ᠶ᠋ᠢᠨ ᠰᠡᠷᠡᠮᠵᠢᠯᠡᠭᠦᠯᠦᠯ᠎ᠳᠡᠬᠢ ᠬᠡᠷᠡᠭ᠌ᠯᠡᠭᠡᠨ᠎ᠦ ᠠᠬᠤᠶ ᠪᠠᠢᠳᠠᠯ᠂ ᠡᠳᠦᠷ ᠲᠤᠲᠤᠮ᠎ᠤᠨ ᠡᠷᠡᠭᠦᠯ ᠮᠡᠨᠳᠦ᠍᠎ᠶ᠋ᠢᠨ ᠲᠣᠭ᠎ᠠ ᠪᠠᠷᠢᠮᠲᠠ᠎ᠶ᠋ᠢ ᠵᠢᠷᠤᠮᠵᠢᠭᠤᠯᠤᠨ ᠴᠤᠭ᠍ᠯᠠᠭᠤᠯᠬᠤ ᠪᠠ ᠱᠢᠨᠵᠢᠯᠡᠬᠦ᠌ ᠤᠬᠠᠭᠠᠨᠴᠢ᠎ᠪᠠᠷ ᠲᠠᠢᠯᠪᠤᠷᠢᠯᠠᠬᠤ᠂ ᠥᠪᠡᠷᠮᠢᠴᠡ ᠡᠷᠡᠭᠦᠯ ᠮᠡᠨᠳᠦ᠍᠎ᠶ᠋ᠢ ᠬᠠᠮᠢᠶᠠᠷᠬᠤ ᠲᠥᠰᠦᠯ ᠲᠣᠭ᠍ᠲᠠᠭᠠᠬᠤ ᠵᠡᠷᠭᠡ ᠭᠤᠤᠯ ᠠᠭᠤᠯᠭ᠎ᠠ᠎ᠶ᠋ᠢᠨ ᠲᠣᠭᠣᠷᠢᠨ᠎ᠳᠤ ᠱᠢᠰᠲ᠋ᠧᠮ᠎ᠲᠡᠶ ᠲᠠᠢᠯᠪᠤᠷᠢᠯᠠᠯᠲᠠ ᠬᠢᠪᠠ᠃ ᠲᠠᠢᠯᠤᠮᠵᠢ ᠨᠢ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢᠨ ᠲᠣᠭᠠᠴᠢᠯᠠᠭ᠍ᠰᠠᠨ ᠲᠠᠪᠴᠠᠩ᠎ᠤᠨ ᠪᠣᠳᠠᠲᠠᠶ ᠬᠡᠷᠡᠭ᠌ᠯᠡᠯᠲᠡ᠎ᠶ᠋ᠢ ᠨᠠᠷᠢᠨ ᠵᠠᠳᠠᠯᠵᠤ᠂ ᠬᠡᠷᠬᠢᠨ ᠲᠣᠭᠠᠴᠢᠯᠠᠭ᠍ᠰᠠᠨ ᠠᠷᠭ᠎ᠠ ᠪᠠᠷᠢᠯ᠎ᠢ ᠬᠡᠷᠡᠭ᠌ᠯᠡᠨ ᠴᠢᠰᠤᠨ ᠳᠠᠷᠤᠯᠲᠠ ᠥᠨᠳᠥᠷ ᠡᠪᠡᠳᠴᠢᠨ᠂ ᠱᠢᠬᠢᠷ ᠱᠢᠵᠢᠩ ᠡᠪᠡᠳᠴᠢᠨ ᠵᠡᠷᠭᠡ ᠪᠠᠢᠩᠭᠤ ᠲᠣᠬᠢᠶᠠᠯᠳᠤᠳᠠᠭ ᠤᠳᠠᠭᠠᠨ ᠴᠢᠨᠠᠷᠲᠠᠶ ᠡᠪᠡᠳᠴᠢᠨ᠎ᠳᠤ ᠠᠩᠬᠠᠨ᠎ᠤ ᠬᠤᠭᠤᠴᠠᠭᠠᠨ᠎ᠤ ᠱᠢᠭ᠌ᠰᠢᠨ ᠪᠠᠢᠴᠠᠭᠠᠯᠲᠠ ᠪᠠ ᠬᠥᠳᠡᠯᠦᠩᠭᠦᠶ ᠬᠢᠨᠠᠨ ᠬᠡᠮᠵᠢᠯᠲᠡ ᠬᠢᠬᠦ᠌᠂ ᠬᠡᠷᠬᠢᠨ ᠲᠣᠭ᠎ᠠ ᠪᠠᠷᠢᠮᠲᠠ᠎ᠳᠤ ᠲᠦᠱᠢᠭ᠌ᠯᠡᠨ ᠵᠠᠳᠠᠯᠤᠯᠲᠠ ᠬᠢᠵᠦ᠍ ᠡᠷᠡᠭᠦᠯ ᠮᠡᠨᠳᠦ᠍᠎ᠶ᠋ᠢᠨ ᠠᠶᠤᠯ ᠲᠦᠭ᠌ᠰᠢᠭᠦᠷᠢ᠎ᠡᠴᠡ ᠪᠦᠲᠦᠮᠵᠢᠲᠡᠶ ᠵᠠᠢᠯᠠᠰᠭᠢᠬᠦ  ᠵᠡᠷᠭᠡ ᠮᠡᠳᠡᠯᠭᠡ᠎ᠶᠢᠨ ᠲᠤᠭᠤᠷᠢᠨ᠎ᠳᠤ ᠶᠠᠪᠤᠬᠳᠠᠵᠦ᠂ ᠤᠯᠠᠨ ᠳ᠋ᠤ᠌ 《ᠰᠠᠨᠠᠭᠠᠴᠢᠯᠠᠭ᠎ᠠ᠎ᠠᠴᠠ᠎ᠪᠠᠨ ᠰᠡᠷᠭᠡᠢᠯᠡᠬᠦ᠌᠂ ᠲᠣᠭ᠎ᠠ ᠪᠠᠷᠢᠮᠲᠠ᠎ᠪᠠᠷ ᠬᠦᠴᠦᠨ ᠣᠯᠭᠣᠬᠤ᠂ ᠪᠥᠬᠥ᠌ ᠶᠠᠪᠤᠴᠠ᠎ᠪᠠᠷ ᠬᠠᠮᠢᠶᠠᠷᠬᠤ》 ᠣᠲᠣ ᠦᠶ᠎ᠡ᠎ᠶ᠋ᠢᠨ ᠡᠷᠡᠭᠦᠯ ᠮᠡᠨᠳᠦ᠍᠎ᠶ᠋ᠢᠨ ᠤᠢᠯᠠᠭᠠᠬᠳᠠᠬᠤᠨ᠎ᠢ ᠡᠵᠡᠮᠰᠢᠬᠦᠯᠪᠡ᠃

ᠲᠠᠷᠠᠭᠠᠴᠢ᠎ᠶ᠋ᠢᠨ ᠠᠯᠬᠤᠮ᠎ᠳᠤ᠂ ᠬᠦᠬᠡᠬᠣᠲᠠ᠎ᠶ᠋ᠢᠨ ᠵᠡᠮᠳᠡᠭ᠌ᠴᠦᠳ᠎ᠦᠨ ᠬᠣᠯᠪᠣᠭ᠎ᠠ᠎ᠨᠢ ᠺᠠᠳ᠋ᠷ ᠠᠵᠢᠯᠲᠠᠨ ᠠᠵᠢᠯᠴᠢᠨ᠎ᠤ ᠪᠣᠳᠠᠲᠠᠶ ᠬᠡᠷᠡᠭ᠌ᠴᠡᠭᠡ ᠱᠠᠭᠠᠷᠳᠠᠯᠭ᠎ᠠ᠎ᠳᠤ ᠦᠷᠭᠦᠯᠵᠢᠯᠡᠨ ᠠᠩᠬᠠᠷᠤᠯ᠎ᠢᠶᠠᠨ ᠲᠥᠪᠯᠡᠷᠡᠭᠦᠯᠵᠦ᠍᠂ ᠣᠯᠠᠨ ᠶᠠᠩᠵᠤ ᠬᠡᠯᠪᠡᠷᠢ᠎ᠶ᠋ᠢᠨ ᠬᠠᠯᠠᠮᠵᠢᠯᠠᠨ ᠬᠠᠢᠷᠠᠯᠠᠬᠤ ᠦᠶ᠋ᠯᠡᠴᠢᠯᠡᠭᠡᠨ᠎ᠦ ᠠᠵᠢᠯᠯᠠᠭ᠎ᠠ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠺᠠᠳ᠋ᠷ ᠠᠵᠢᠯᠲᠠᠨ ᠠᠵᠢᠯᠴᠢᠨ᠎ᠤ ᠬᠠᠷᠢᠶᠠᠯᠠᠭ᠍ᠳᠠᠬᠤ ᠰᠡᠳᠭᠢᠯᠭᠡ᠂ ᠵᠣᠯ ᠵᠢᠷᠭᠠᠯᠲᠤ ᠰᠡᠳᠭᠢᠯᠭᠡ ᠪᠣᠯᠤᠨ ᠨᠢᠭ᠍ᠲᠠᠷᠠᠯ᠎ᠤᠨ ᠬᠦᠴᠦᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠂ ᠪᠥᠬᠥ᠌ ᠬᠣᠲᠠ᠎ᠶ᠋ᠢᠨ ᠵᠡᠮᠳᠡᠭ᠌ᠴᠦᠳ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠪᠠᠲᠤ ᠴᠢᠩᠭ᠎ᠠ ᠬᠥᠳᠡᠯᠭᠡᠬᠦ᠌ ᠬᠦᠴᠦᠨ ᠨᠡᠮᠡᠷᠢᠯᠡᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号