ᠥᠪᠥᠷ ᠮᠣᠩᠭᠣᠯ ᠤ᠋ᠨ ᠬᠠᠲᠤᠨ ᠭᠤᠤᠯ ᠤ᠋ᠨ ᠰᠠᠪᠠ ᠭᠠᠵᠠᠷ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠦᠵᠡᠭᠦᠯᠭᠡ ᠠᠨᠾᠦ᠋ᠢ ᠳ᠋ᠦ ᠬᠦᠭᠵᠢᠶᠡᠨᠳᠠᠢ ᠶᠠᠪᠤᠭᠳᠠᠵᠤ ᠪᠤᠢ
2026-04-07 10:38:46
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠮᠦᠽᠧᠶ ᠡᠴᠡ ᠤᠢᠯᠠᠭᠠᠭᠰᠠᠨ ᠢ᠋ᠶ᠋ᠡᠷ᠂ ᠲᠤᠰ ᠮᠦᠽᠧᠶ ᠵᠢᠨ ᠠᠨᠾᠦ᠋ᠢ ᠶ᠋ᠢᠨ ᠮᠦᠽᠧᠶ ᠪᠠ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠡᠦᠬᠡ ᠶ᠋ᠢᠨ ᠳᠤᠷᠠᠰᠭᠠᠯᠲᠤ ᠵᠦᠶ᠋ᠯᠡᠰ ᠬᠠᠭᠤᠴᠢ ᠰᠤᠳᠤᠯᠤᠯ ᠤ᠋ᠨ ᠬᠦᠷᠢᠶᠡᠯᠡᠩ ᠲᠡᠶ ᠬᠠᠮᠲᠤᠷᠠᠨ ᠡᠷᠭᠢᠯᠡᠭ᠌ᠰᠡᠨ 《ᠬᠠᠲᠤᠨ ᠭᠤᠤᠯ ᠲᠠᠯ᠎ᠠ ᠨᠤᠲᠤᠭ ᠢ᠋ᠶ᠋ᠠᠷ ᠤᠷᠤᠰᠤᠨ ᠥᠩᠭᠡᠷᠡᠨ᠎ᠡ — ᠥᠪᠥᠷ ᠮᠣᠩᠭᠣᠯ ᠤ᠋ᠨ ᠬᠠᠲᠤᠨ ᠭᠤᠤᠯ ᠤ᠋ᠨ ᠰᠠᠪᠠ ᠭᠠᠵᠠᠷ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠰᠣᠳᠣᠨ ᠪᠦᠲᠦᠭᠡᠯ ᠤ᠋ᠨ ᠦᠵᠡᠭᠦᠯᠭᠡ》 ᠠᠨᠾᠦ᠋ᠶ ᠶ᠋ᠢᠨ ᠮᠦᠽᠧᠶ ᠳ᠋ᠤ ᠬᠦᠭᠵᠢᠶᠡᠨᠳᠠᠢ ᠶᠠᠪᠤᠭᠳᠠᠵᠤ ᠪᠠᠢᠨ᠎ᠠ᠃

ᠲᠡᠦᠬᠡ ᠶ᠋ᠢᠨ ᠳᠤᠷᠠᠰᠭᠠᠯᠲᠤ ᠵᠦᠶ᠋ᠯᠡᠰ ᠢ᠋ ᠠᠮᠢᠳᠤᠯᠢᠭ ᠢ᠋ᠶ᠋ᠠᠷ ᠠᠱᠢᠭ᠍ᠯᠠᠨ᠂ ᠥᠪᠥᠷ ᠮᠣᠩᠭᠣᠯ ᠤ᠋ᠨ ᠥᠯᠢᠭᠡᠷ ᠢ᠋ ᠰᠠᠢᠲᠤᠷ ᠶᠠᠷᠢᠵᠤ᠂ ᠮᠦᠽᠧᠶ ᠶ᠋ᠢᠨ ᠬᠣᠭᠣᠷᠣᠨᠳᠣᠬᠢ ᠰᠣᠯᠢᠯᠴᠠᠭ᠎ᠠ ᠲᠣᠯᠢᠳᠠᠯ ᠢ᠋ ᠠᠬᠢᠭᠤᠯᠬᠤ ᠶ᠋ᠢᠨ ᠬᠠᠮᠲᠤ ᠪᠥᠬᠥ᠌ ᠣᠷᠣᠨ ᠤ᠋ ᠮᠦᠽᠧᠶ ᠶ᠋ᠢᠨ ᠳᠡᠯᠭᠡᠨ ᠦᠵᠡᠭᠦᠯᠬᠦ᠌ ᠴᠢᠳᠠᠪᠤᠷᠢ ᠪᠠ ᠲᠦᠪᠱᠢᠨ ᠢ᠋ ᠳᠡᠭᠡᠭ᠌ᠰᠢᠯᠡᠭᠦᠯᠬᠦ᠌ ᠳ᠋ᠦ ᠬᠦᠴᠦᠨ ᠨᠡᠮᠡᠷᠢᠯᠡᠬᠦ᠌ ᠶ᠋ᠢᠨ ᠲᠥᠯᠥᠭᠡ᠂ ᠲᠣᠰ ᠤᠳᠠᠭ᠎ᠠ ᠵᠢᠨ ᠦᠵᠡᠭᠦᠯᠭᠡ ᠳ᠋ᠦ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠡᠦᠬᠡ ᠶ᠋ᠢᠨ ᠳᠤᠷᠠᠰᠭᠠᠯᠲᠤ ᠵᠦᠶ᠋ᠯᠡᠰ ᠬᠠᠭᠤᠴᠢ ᠰᠤᠳᠤᠯᠤᠯ ᠤ᠋ᠨ ᠬᠦᠷᠢᠶᠡᠯᠡᠩ᠂ ᠠᠯᠠᠱᠠ ᠶ᠋ᠢᠨ ᠮᠦᠽᠧᠶ᠂ ᠦᠬᠠᠶ ᠬᠣᠲᠠ ᠶ᠋ᠢᠨ ᠮᠦᠽᠧᠶ᠂ ᠥᠪᠥᠷ ᠮᠣᠩᠭᠣᠯ ᠤ᠋ᠨ ᠪᠣᠷᠣᠲᠣᠬᠣᠶ ᠶ᠋ᠢᠨ ᠰᠣᠶᠣᠯ ᠤ᠋ᠨ ᠮᠦᠽᠧᠶ᠂ ᠣᠷᠳᠣᠰ ᠬᠣᠲᠠ ᠶ᠋ᠢᠨ ᠮᠦᠽᠧᠶ᠂ ᠪᠤᠭᠤᠲᠤ ᠶ᠋ᠢᠨ ᠮᠦᠽᠧᠶ ᠪᠤᠯᠤᠨ ᠬᠥᠬᠡᠬᠣᠲᠠ ᠶ᠋ᠢᠨ ᠮᠦᠽᠧᠶ ᠡᠴᠡ ᠶᠠᠰᠤᠲᠤ ᠮᠡᠯᠡᠬᠡᠢ ᠶ᠋ᠢᠨ ᠬᠤᠶᠠᠭ ᠬᠡᠯᠪᠡᠷᠢᠲᠦ ᠬᠤᠰᠤᠭᠤᠷ᠂ ᠠᠮᠢᠳᠠᠨ ᠤ᠋ ᠬᠠᠳᠠᠨ ᠵᠢᠷᠤᠭ᠂ ᠴᠢᠯᠠᠭᠤᠨ ᠲᠤᠭᠤᠭ᠎ᠠ᠂ ᠲᠥᠪᠡᠳ ᠪᠥᠬᠥᠩ ᠬᠡᠯᠪᠡᠷᠢᠲᠦ ᠬᠦᠷᠡᠯ ᠵᠠᠰᠠᠯ᠂ 《ᠴᠠᠨ ᠢᠥᠢ ᠡᠪᠰᠡᠨ ᠤᠷᠤᠭᠴᠠᠭᠰᠠᠨ》 ᠲᠤᠰᠬᠤᠭᠤᠷ ᠸᠠᠭᠠᠷ ᠵᠡᠷᠭᠡ 265 ᠬᠤᠪᠢ ᠬᠣᠪᠣᠷ ᠨᠠᠨᠳᠢᠨ ᠲᠡᠦᠬᠡ ᠶ᠋ᠢᠨ ᠳᠤᠷᠠᠰᠭᠠᠯᠲᠤ ᠵᠦᠶ᠋ᠯ ᠢ᠋ ᠰᠣᠩᠭᠣᠨ ᠦᠵᠡᠬᠦᠯᠵᠦ᠂ ᠥᠪᠥᠷ ᠮᠣᠩᠭᠣᠯ ᠤ᠋ᠨ ᠬᠠᠲᠤᠨ ᠭᠤᠤᠯ ᠤ᠋ᠨ ᠪᠣᠯᠪᠠᠰᠤᠨ ᠤ᠋ ᠳᠦᠷᠰᠦ ᠪᠠᠢᠳᠠᠯ ᠢ᠋ ᠱᠢᠰᠲ᠋ᠧᠮ ᠲᠡᠶ ᠢᠯᠡᠷᠡᠭᠦᠯᠵᠦ᠍᠂ ᠥᠪᠥᠷ ᠮᠣᠩᠭᠣᠯ ᠠᠨᠾᠦ᠋ᠢ ᠬᠣᠶᠠᠷ ᠭᠠᠵᠠᠷ ᠤ᠋ᠨ ᠰᠣᠶᠣᠯ ᠤ᠋ᠨ ᠦᠵᠡᠰᠬᠦᠯᠡᠩ ᠤ᠋ᠨ ᠬᠦᠷᠢᠶᠡᠨ ᠳ᠋ᠡᠬᠢ ᠭᠦᠨᠵᠡᠭᠡᠶ ᠬᠠᠮᠲᠤᠷᠠᠯᠴᠠᠭ᠎ᠠ ᠳ᠋ᠤ ᠬᠦᠴᠦᠨ ᠨᠡᠮᠡᠷᠢᠯᠡᠪᠡ᠃

ᠤᠢᠯᠠᠭᠠᠭᠰᠠᠨ ᠵᠢᠡᠷ᠂ 《ᠬᠠᠲᠤᠨ ᠭᠤᠤᠯ ᠲᠠᠯ᠎ᠠ ᠨᠤᠲᠤᠭ ᠢ᠋ᠶ᠋ᠠᠷ ᠤᠷᠤᠰᠤᠨ ᠥᠩᠭᠡᠷᠡᠨ᠎ᠡ — ᠥᠪᠥᠷ ᠮᠣᠩᠭᠣᠯ ᠤ᠋ᠨ ᠬᠠᠲᠤᠨ ᠭᠤᠤᠯ ᠤ᠋ᠨ ᠰᠠᠪᠠ ᠭᠠᠵᠠᠷ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠰᠣᠳᠣᠨ ᠪᠦᠲᠦᠭᠡᠯ ᠤ᠋ᠨ ᠦᠵᠡᠭᠦᠯᠭᠡ》 ᠨᠢ ᠬᠠᠲᠤᠨ ᠭᠤᠤᠯ ᠤ᠋ᠨ ᠰᠣᠶᠣᠯ ᠢ᠋ᠶ᠋ᠠᠷ ᠬᠥᠭᠥᠷᠭᠡ ᠪᠣᠯᠭᠠᠨ᠂ ᠲᠠᠷᠢᠶᠠᠯᠠᠬᠤ ᠪᠤᠯᠪᠠᠰᠤᠨ ᠬᠢᠭᠡᠳ ᠨᠡᠭᠦᠳᠡᠯ ᠮᠠᠯᠵᠢᠯ ᠤ᠋ᠨ ᠪᠣᠯᠪᠠᠰᠤᠨ ᠤ᠋ ᠠᠭᠤᠰᠤᠯᠴᠠᠯ ᠢ᠋ ᠳᠠᠬᠢᠨ ᠢᠯᠡᠷᠡᠭᠦᠯᠵᠦ᠍᠂ ᠬᠥᠬᠡᠮᠥ᠋ᠷᠡᠨ ᠬᠤᠸᠠᠢᠾᠧ ᠭᠤᠤᠯ ᠤ᠋ᠨ ᠦᠵᠡᠭ᠌ᠴᠢᠳ ᠲᠦ᠍ ᠲᠠᠯ᠎ᠠ ᠨᠤᠲᠤᠭ ᠤ᠋ᠨ ᠰᠣᠶᠣᠯ᠎ᠢ ᠬᠦᠨᠵᠡᠬᠡᠢ ᠦᠵᠡᠬᠦᠯᠵᠦ᠂ ᠣᠷᠣᠨ ᠪᠦᠰᠡ ᠠᠯᠤᠰᠯᠠᠭ᠍ᠰᠠᠨ ᠪᠣᠯᠪᠠᠰᠤᠨ ᠤ᠋ ᠶᠠᠷᠢᠯᠴᠠᠭᠠᠨ ᠤ᠋ ᠲᠠᠪᠴᠠᠩ ᠢ᠋ ᠪᠠᠢᠭᠤᠯᠵᠠᠢ᠃ ᠦᠵᠡᠭᠦᠯᠭᠡ ᠨᠢ 5 ᠰᠠᠷ᠎ᠠ ᠶ᠋ᠢᠨ 8 ᠤ᠋ ᠡᠳᠦᠷ ᠪᠤᠯᠳᠠᠯ᠎ᠠ ᠦᠷᠬᠦᠯᠵᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号