ᠲᠦᠷᠭᠡᠨ ᠲᠡᠱᠢᠯᠲᠡ᠎ᠶ᠋ᠢᠨ ᠳᠡᠯᠡᠬᠡᠶ᠎ᠶ᠋ᠢᠨ ᠵᠠᠯᠠᠭᠤᠴᠤᠳ᠎ᠤᠨ ᠮᠠᠩᠯᠠᠶ ᠱᠢᠯᠭᠠᠷᠠᠭᠤᠯᠬᠤ ᠤᠷᠤᠯᠳᠤᠭᠠᠨ᠎ᠳᠤ ᠦᠪᠦᠷ ᠮᠤᠨᠭᠭᠤᠯ᠎ᠤᠨ ᠲᠠᠮᠢᠷᠴᠢᠨ ᠰᠢᠯᠢᠳᠡᠭ ᠬᠢᠷᠢ ᠪᠦᠲᠦᠮᠵᠢ ᠣᠯᠵᠠᠶ
2026-04-07 10:35:54
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠪᠡᠶ᠎ᠡ᠎ᠶᠢᠨ ᠲᠠᠮᠢᠷ᠎ᠤᠨ ᠲᠤᠪᠴᠢᠶ᠎ᠠ ᠡᠴᠡ ᠤᠢᠯᠠᠭᠠᠭᠰᠠᠨ᠎ᠶ᠋ᠢᠡᠷ᠂ ᠲᠦᠷᠦᠬᠦᠬᠡᠨ ᠭᠧᠷᠮᠠᠨ᠎ᠳᠦ ᠶᠠᠪᠤᠭ᠍ᠳᠠᠭᠰᠠᠨ 2025 - 2026 ᠣᠨ᠎ᠤ ᠤᠷᠤᠯᠳᠤᠭᠠᠨ᠎ᠤ ᠤᠯᠠᠷᠢᠯ᠎ᠤᠨ ᠲᠦᠷᠭᠡᠨ ᠲᠡᠱᠢᠯᠲᠡ᠎ᠶ᠋ᠢᠨ ᠳᠡᠯᠡᠬᠡᠶ᠎ᠶ᠋ᠢᠨ ᠵᠠᠯᠠᠭᠤᠴᠤᠳ᠎ᠤᠨ ᠮᠠᠩᠯᠠᠶ ᠱᠢᠯᠭᠠᠷᠠᠭᠤᠯᠬᠤ ᠤᠷᠤᠯᠳᠤᠭᠠᠨ  ᠳ᠋ᠤ ᠮᠠᠨ᠎ᠤ ᠤᠷᠤᠨ᠎ᠤ  ᠲᠠᠮᠢᠷᠴᠢᠨ ᠰᠢᠯᠢᠳᠡᠭ ᠬᠢᠷᠢ ᠪᠦᠳᠦᠮᠵᠢ ᠤᠯᠵᠠᠢ᠃

ᠲᠠᠨᠢᠯᠴᠠᠭᠤᠯᠤᠭᠰᠠᠨ᠎ᠢ ᠦᠨᠳᠦᠰᠦᠯᠡᠪᠡᠯ᠂ ᠲᠤᠰ ᠤᠷᠤᠯᠳᠤᠭᠠᠨ᠎ᠳᠦ 21 ᠤᠯᠤᠰ᠎ᠤᠨ 185 ᠲᠠᠮᠢᠷᠴᠢᠨ ᠤᠷᠤᠯᠴᠠᠵᠤ᠂ ᠦᠪᠦᠷ ᠮᠤᠨᠭᠭᠤᠯ᠎ᠤᠨ ᠲᠠᠮᠢᠷᠴᠢᠨ ᠫᠠᠨ ᠪᠦᠦ ᠱᠦᠸᠸ ᠡᠷᠡᠭᠲᠠᠢ ᠡᠮᠡᠭᠲᠠᠢ ᠬᠠᠮᠳᠤᠷᠠᠭᠰᠠᠨ ᠪᠤᠤᠬᠢᠶ᠎ᠠ ᠤᠷᠤᠯᠳᠤᠭᠠᠨ᠎ᠤ ᠲᠦᠷᠦᠯ ᠵᠦᠢᠯ᠎ᠳᠦ ᠯᠢᠦ ᠶᠦᠨ ᠴᠢ᠎ᠲᠡᠶ ᠬᠠᠮᠵᠢᠯᠴᠠᠵᠤ ᠠᠯᠲᠠᠨ ᠮᠧᠳᠠᠯ ᠭᠠᠷᠳᠠᠵᠦ ᠳᠡᠯᠡᠬᠡᠢ᠎ᠶ᠋ᠢᠨ ᠵᠠᠯᠠᠭᠤᠴᠤᠳ᠎ᠤᠨ ᠮᠠᠩᠯᠠᠶ ᠱᠢᠯᠭᠠᠷᠠᠭᠤᠯᠬᠤ ᠤᠷᠤᠯᠳᠤᠭᠠᠨ᠎ᠤ᠋ ᠲᠡᠮᠳᠡᠭ᠌ᠯᠡᠯ᠎ᠢ ᠡᠭᠦᠳᠴᠡᠢ᠃ ᠲᠡᠷᠡ ᠪᠡᠷ ᠨᠡᠢᠳᠡ 5 ᠲᠦᠷᠦᠯ ᠵᠦᠢᠯ᠎ᠤᠨ ᠤᠷᠤᠯᠳᠤᠭᠠᠨ ᠳ᠋ᠤ ᠤᠷᠤᠯᠴᠠᠵᠤ᠂ ᠬᠤᠪᠢ ᠬᠥᠮᠦᠨ᠎ᠦ ᠤᠷᠤᠯᠳᠤᠭᠠᠨ᠎ᠤ 1500 ᠮᠧᠲ᠋ᠷ᠎ᠦᠨ ᠳᠥᠷᠪᠡᠳᠦᠭᠡᠷ᠎ᠲᠦ ᠣᠷᠣᠵᠤ᠂ 1000 ᠮᠧᠲ᠋ᠷ᠎ᠦᠨ ᠲᠠᠪᠤᠳᠤᠭᠠᠷ᠎ᠲᠤ ᠣᠷᠣᠵᠠᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号