ᠳᠠᠷᠠᠭ᠎ᠠ ᠭᠠᠷᠠᠭ ᠶᠡᠬᠡᠩᠬᠢ ᠭᠠᠵᠠᠷ ᠣᠷᠣᠨ ᠬᠦᠢᠲᠡᠨ ᠠᠭᠤᠷ ᠠᠮᠢᠰᠬᠤᠯ ᠳ᠋ᠤ ᠨᠥᠯᠥᠭᠡᠯᠡᠭᠳᠡᠨ᠎ᠡ
2026-04-07 18:05:38
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

4 ᠰᠠᠷ᠎ᠠ᠎ᠶᠢᠨ 8 ᠎ᠦ ᠡᠳᠦᠷ᠎ᠤᠨ ᠰᠥᠨᠢ᠎ᠡᠴᠡ 11 ᠎ᠦ ᠡᠳᠦᠷ ᠪᠣᠯᠲᠠᠯ᠎ᠠ ᠮᠠᠨ᠎ᠤ ᠣᠷᠣᠨ᠎ᠤ ᠶᠡᠬᠡᠩᠬᠢ ᠭᠠᠵᠠᠷ ᠣᠷᠣᠨ ᠬᠦᠢᠲᠡᠨ ᠠᠭᠤᠷ ᠠᠮᠢᠰᠬᠤᠯ ᠳ᠋ᠤ ᠨᠥᠯᠥᠭᠡᠯᠡᠭᠳᠡᠵᠦ᠂ ᠠᠭᠠᠷ᠎ᠤᠨ ᠳᠤᠯᠠᠭᠠᠨ ᠳᠣᠷᠣᠭᠰᠢᠯᠠᠵᠤ᠂ ᠨᠡᠯᠢᠶᠡᠳ ᠶᠡᠬᠡ ᠰᠠᠯᠬᠢ ᠳᠠᠢ ᠪᠠᠢᠵᠤ᠂ ᠪᠠᠷᠠᠭᠤᠨ ᠪᠡᠶ᠎ᠡ ᠵᠢᠨ ᠵᠡᠭᠦᠨ ᠬᠡᠰᠡᠭ᠂ ᠳᠤᠮᠳᠠ ᠵᠡᠭᠦᠨ ᠪᠡᠶ᠎ᠡ ᠵᠢᠨ ᠶᠡᠬᠡᠩᠬᠢ ᠭᠠᠵᠠᠷ ᠣᠷᠣᠨ᠎ᠳᠤ ᠵᠢᠭᠳᠡ ᠪᠤᠰᠤ ᠪᠣᠷᠣᠭᠠᠨ ᠴᠠᠰᠤ᠎ᠲᠠᠢ ᠴᠠᠭ ᠠᠭᠤᠷ ᠢᠯᠡᠷᠡᠨ᠎ᠡ᠃ ᠪᠣᠳᠠᠲᠠᠢ ᠶᠠᠪᠤᠴᠠ ᠨᠢ ᠳᠣᠣᠷᠠᠬᠢ ᠮᠡᠲᠦ᠄

4 ᠰᠠᠷ᠎ᠠ᠎ᠶᠢᠨ 8 ᠎ᠤ ᠡᠳᠦᠷ᠎ᠦᠨ ᠰᠥᠨᠢ᠎ᠡᠴᠡ 11 ᠎ᠤ ᠡᠳᠦᠷ ᠪᠣᠯᠲᠠᠯ᠎ᠠ ᠪᠠᠷᠠᠭᠤᠨ ᠪᠡᠶ᠎ᠡ᠎ᠡᠴᠡ ᠵᠡᠭᠦᠨᠰᠢ᠂ ᠳᠤᠮᠳᠠ ᠵᠡᠭᠦᠨ ᠪᠡᠶ᠎ᠡ ᠵᠢᠨ ᠶᠡᠬᠡᠩᠬᠢ ᠭᠠᠵᠠᠷ ᠣᠷᠣᠨ᠎ᠳᠤ ᠵᠢᠭᠳᠡ ᠪᠤᠰᠤ ᠪᠠᠭ᠎ᠠ ᠪᠣᠷᠣᠭᠠᠨ᠂ ᠴᠠᠰᠤ ᠪᠣᠷᠣᠭᠠᠨ ᠪᠤᠶᠤ ᠪᠠᠭ᠎ᠠ ᠴᠠᠰᠤ ᠣᠷᠣᠨ᠎ᠠ᠂ ᠡᠭᠦᠨ᠎ᠳᠦ ᠳᠤᠮᠳᠠ ᠪᠡᠶ᠎ᠡ ᠵᠢᠨ ᠵᠡᠭᠦᠨ ᠬᠡᠰᠡᠭ᠂ ᠵᠡᠭᠦᠨ ᠡᠮᠦᠨ᠎ᠡ ᠪᠡᠶ᠎ᠡ ᠵᠢᠨ ᠬᠡᠰᠡᠭ ᠭᠠᠵᠠᠷ ᠣᠷᠣᠨ᠎ᠳᠤ ᠳᠤᠮᠳᠠ ᠵᠡᠷᠭᠡ ᠵᠢᠨ ᠪᠣᠷᠣᠭᠠᠨ ᠪᠤᠶᠤ ᠴᠠᠰᠤ ᠪᠣᠷᠣᠭᠠᠨ ᠬᠣᠯᠢᠯᠳᠤᠵᠤ᠂ ᠵᠡᠭᠦᠨ ᠬᠣᠢᠲᠤ ᠪᠡᠶ᠎ᠡ ᠵᠢᠨ ᠬᠤᠢᠳᠤ ᠬᠡᠰᠡᠭ᠎ᠦᠨ ᠭᠠᠵᠠᠷ ᠣᠷᠣᠨ᠎ᠳᠤ ᠳᠤᠮᠳᠠ ᠠ᠋ᠴᠠ ᠶᠡᠬᠡ ᠴᠠᠰᠤ ᠣᠷᠣᠨ᠎ᠠ᠂ ᠬᠡᠰᠡᠭ ᠭᠠᠵᠠᠷ᠎ᠲᠤ ᠶᠡᠬᠡ ᠴᠠᠰᠤ ᠣᠷᠣᠨ᠎ᠠ ; ᠪᠠᠷᠠᠭᠤᠨ ᠪᠡᠶ᠎ᠡ ᠵᠢᠨ ᠶᠡᠬᠡᠩᠬᠢ ᠬᠡᠰᠡᠭ᠂ ᠳᠤᠮᠳᠠ ᠪᠡᠶ᠎ᠡ ᠵᠢᠨ ᠬᠤᠢᠳᠤ ᠬᠡᠰᠡᠭ ᠪᠠ ᠵᠡᠭᠦᠨ ᠬᠡᠰᠡᠭ᠂ ᠵᠡᠭᠦᠨ ᠪᠡᠶ᠎ᠡ ᠵᠢᠨ ᠶᠡᠬᠡᠩᠬᠢ ᠭᠠᠵᠠᠷ ᠣᠷᠣᠨ᠎ᠤ ᠠᠭᠠᠷ᠎ᠤᠨ ᠳᠤᠯᠠᠭᠠᠨ 4  ᠠ᠋ᠴᠠ 8 ᠭᠷᠡᠳᠦ᠋ᠰ ᠳᠣᠷᠣᠭᠰᠢᠯᠠᠵᠤ᠂ ᠬᠡᠰᠡᠭ ᠭᠠᠵᠠᠷ᠎ᠤᠨ ᠠᠭᠠᠷ᠎ᠤᠨ ᠳᠤᠯᠠᠭᠠᠨ 8 ᠠ᠋ᠴᠠ 10 ᠭᠷᠡᠳᠦ᠋ᠰ ᠳᠣᠷᠣᠭᠰᠢᠯᠠᠨ᠎ᠠ; ᠪᠦᠬᠦ ᠣᠷᠣᠨ᠎ᠤ ᠶᠡᠬᠡᠩᠬᠢ ᠭᠠᠵᠠᠷ ᠣᠷᠣᠨ᠎ᠳᠤ ᠬᠡᠰᠡᠭ᠎ᠲᠡᠭᠡᠨ 6 ~ 7 ᠳᠡᠰ᠎ᠤᠨ ᠰᠠᠯᠬᠢ ᠲᠠᠢ᠂ ᠬᠡᠰᠡᠭ ᠭᠠᠵᠠᠷ᠎ᠲᠤ 9 ᠳᠡᠰ᠎ᠲᠤ ᠬᠦᠷᠴᠦ᠂ ᠪᠠᠷᠠᠭᠤᠨ ᠪᠡᠶ᠎ᠡ᠎ᠡᠴᠡ ᠬᠤᠢᠰᠢ᠂ ᠳᠤᠮᠳᠠ ᠪᠡᠶ᠎ᠡ᠎ᠡᠴᠡ ᠪᠠᠷᠠᠭᠤᠨᠰᠢ ᠭᠠᠵᠠᠷ ᠤᠷᠤᠨ ᠳ᠋ᠤ ᠡᠯᠡᠰᠦᠨ ᠰᠢᠭᠤᠷᠭ᠎ᠠ᠎ᠳᠡᠭᠳᠡᠨ᠎ᠡ᠃

     ᠢᠷᠡᠯᠳᠡ᠄ ᠥᠪᠦᠷ ᠮᠤᠨᠭᠭᠤᠯ᠎ᠤᠨ ᠴᠠᠭ ᠠᠭᠤᠷ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号