4 ᠰᠠᠷ᠎ᠠ᠎ᠶᠢᠨ 5᠎ᠤ ᠡᠳᠦᠷ᠎ᠦᠨ 13 ᠴᠠᠭ᠎ᠲᠤ᠂ ᠪᠠᠷᠠᠭᠤᠨ ᠯᠢᠶᠣᠤᠾᠧ ᠭᠣᠣᠯ᠎ᠤᠨ
ᠬᠠᠪᠤᠷ᠎ᠤᠨ ᠤᠯᠠᠷᠢᠯ᠎ᠤᠨ ᠤᠰᠤᠨ᠎ᠤ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢᠨ ᠤᠰᠤᠨ ᠤᠷᠤᠰᠬᠠᠯ ᠨᠢ ᠲᠦᠩᠯᠢᠶᠣᠣ
ᠬᠣᠲᠠ᠎ᠶᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠮᠡᠨᠳᠤ ᠪᠠᠯᠭᠠᠰᠤᠨ᠎ᠤ ᠠᠨ ᠯᠧ ᠲᠦᠨ
ᠲᠣᠰᠬᠣᠨ᠎ᠤ ᠤᠰᠤᠨ ᠵᠦᠢ᠎ᠶᠢᠨ ᠣᠭᠲᠣᠯᠣᠭᠠᠰᠤ᠎ᠪᠠᠷ ᠠᠭᠠᠵᠢᠮ᠎ᠢᠶᠠᠷ ᠤᠷᠤᠰ᠎ᠤᠨ ᠥᠩᠭᠡᠷᠡᠵᠦ᠂ ᠳᠣᠣᠷᠠᠳᠤ
ᠤᠷᠤᠰᠬᠠᠯ ᠤᠨ ᠤᠰᠤᠨ ᠤ ᠭᠠᠳᠠᠷᠭᠤ ᠲᠠᠢ ᠵᠠᠯᠭᠠᠯᠳᠤᠪᠠ᠂ ᠡᠨᠡ ᠨᠢ 2026 ᠣᠨ᠎ᠤ ᠪᠠᠷᠠᠭᠤᠨ ᠯᠢᠶᠣᠤᠾᠧ
ᠭᠣᠣᠯ᠎ᠤᠨ ᠬᠠᠪᠤᠷ᠎ᠤᠨ ᠤᠯᠠᠷᠢᠯ᠎ᠤᠨ ᠤᠰᠤᠨ᠎ᠤ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢᠨ ᠪᠥᠬᠥ
ᠱᠤᠭᠤᠮ᠎ᠤᠨ ᠤᠷᠤᠰᠬᠠᠯ ᠨᠡᠪᠲᠡᠷᠡᠬᠰᠡᠨᠢ ᠬᠠᠷᠠᠭᠤᠯᠵᠤ ᠪᠠᠢᠨ᠎ᠠ᠃
ᠡᠨᠡ ᠪᠣᠯ 2025 ᠣᠨ ᠳ᠋ᠤ
ᠪᠠᠷᠠᠭᠤᠨ ᠯᠢᠶᠣᠤᠾᠧ ᠭᠣᠣᠯ᠎ᠤᠨ ᠭᠣᠣᠯ ᠤᠷᠤᠰᠬᠠᠯ ᠬᠣᠶᠠᠷ ᠤᠳᠠᠭ᠎ᠠ 403 ᠺᠢᠯᠤᠮᠸᠲᠷ᠎ᠤᠨ ᠪᠦᠬᠦ ᠱᠤᠭᠤᠮ
ᠵᠢᠡᠷ ᠤᠷᠤᠰᠬᠠᠯ ᠨᠡᠪᠲᠡᠷᠡᠭᠰᠡᠨ ᠡᠴᠡ ᠰᠡᠬᠦᠯᠡᠷ᠂ ᠪᠠᠷᠠᠭᠤᠨ ᠯᠢᠶᠣᠤᠾᠧ ᠭᠣᠣᠯ ᠬᠣᠶᠠᠷ ᠵᠢᠯ ᠳᠠᠷᠠᠭᠠᠯᠠᠨ
ᠪᠦᠬᠦ ᠱᠤᠭᠤᠮ᠎ᠢᠶᠠᠷ ᠨᠡᠪᠳᠡᠷᠡᠬᠦ ᠬᠠᠷᠠᠯᠲᠠ᠎ᠪᠠᠨ ᠪᠡᠶᠡᠯᠡᠭᠦᠯᠦᠭᠰᠡᠨ ᠶᠠᠪᠤᠳᠠᠯ ᠪᠣᠯᠣᠨ᠎ᠠ᠂ ᠡᠨᠡ ᠨᠢ
ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢ ᠰᠡᠷᠭᠦᠭᠡᠬᠦ ᠠᠵᠢᠯ ᠨᠡᠩ ᠯᠠᠪᠳᠠᠭᠤᠨ
ᠪᠠᠲᠤᠲᠠᠢ ᠤᠷᠤᠭᠰᠢᠯᠠᠭᠰᠠᠨᠢ ᠬᠠᠷᠠᠭᠤᠯᠵᠤ ᠪᠠᠢᠨ᠎ᠠ᠃
2026 ᠣᠨ᠎ᠳᠤ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠪᠠᠷᠠᠭᠤᠨ
ᠯᠢᠶᠣᠤᠾᠧ ᠭᠣᠣᠯ᠎ᠤᠨ 《ᠪᠥᠬᠥ ᠱᠤᠭᠤᠮ ᠵᠢᠡᠷ ᠤᠷᠤᠰᠬᠠᠯᠨᠡᠪᠲᠡᠷᠡᠭᠦ ᠵᠢ ᠦᠷᠭᠦᠯᠵᠢᠯᠡᠨ
ᠪᠡᠶᠡᠯᠡᠭᠦᠯᠬᠦ》 ᠭᠣᠣᠯ ᠬᠠᠷᠠᠯᠲᠠ᠎ᠶᠢ ᠲᠣᠭᠲᠠᠭᠠᠵᠤ᠂ ᠣᠯᠠᠨ ᠲᠠᠯ᠎ᠠ᠎ᠶᠢᠨ ᠬᠦᠴᠦᠨ᠎ᠢ ᠨᠢᠭᠡᠳᠦᠯᠲᠡᠢ
ᠲᠥᠯᠥᠪᠵᠢᠬᠦᠯᠦᠨ᠂ ᠡᠯ᠎ᠡ ᠲᠥᠷᠥᠯ᠎ᠦᠨ ᠤᠰᠤᠨ᠎ᠤ ᠡᠬᠢ ᠰᠤᠷᠪᠤᠯᠵᠢ᠎ᠶᠢ ᠨᠡᠢᠳᠬᠡᠵᠤ᠂ ᠢᠨᠵᠧᠨᠧᠷᠢᠩ᠎ᠦᠨ
ᠪᠠᠲᠤᠯᠠᠭ᠎ᠠ᠎ᠶᠢ ᠴᠢᠩᠭᠠᠳᠬᠠᠨ᠂ ᠬᠠᠪᠤᠷ᠎ᠤᠨ ᠤᠯᠠᠷᠢᠯ᠎ᠤᠨ ᠤᠰᠤᠨ᠎ᠤ ᠬᠡᠮᠵᠢᠶ᠎ᠡ᠎ᠶᠢ ᠲᠣᠬᠢᠷᠠᠭᠤᠯᠬᠤ
ᠠᠵᠢᠯ᠎ᠢ ᠨᠠᠷᠢᠯᠢᠭ᠋ ᠣᠨᠣᠴᠠᠲᠠᠢ᠂ ᠥᠨᠳᠥᠷ ᠪᠦᠲᠦᠮᠵᠢᠲᠡᠶ᠂ ᠡᠮᠬᠢ ᠵᠢᠷᠤᠮ᠎ᠲᠠᠢ ᠥᠷᠨᠢᠭᠦᠯᠬᠦ᠎ᠶᠢ
ᠠᠬᠢᠭᠤᠯᠪᠠ᠃
ᠲᠣᠰ ᠤᠳᠠᠭᠠᠨ᠎ᠤ
ᠬᠠᠪᠤᠷ᠎ᠤᠨ ᠤᠯᠠᠷᠢᠯ᠎ᠤᠨ ᠲᠣᠬᠢᠷᠠᠭᠤᠯᠤᠯᠲᠠ᠎ᠶᠢ 3 ᠰᠠᠷ᠎ᠠ᠎ᠶᠢᠨ ᠡᠬᠢ᠎ᠡᠴᠡ ᠡᠬᠢᠯᠡᠬᠦᠯᠵᠤ᠂ ᠥᠪᠥᠷ
ᠮᠣᠩᠭᠣᠯ᠎ᠤᠨ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ᠎ᠦᠳ ᠭᠤᠷᠪᠠᠨ ᠱᠠᠲᠤ ᠬᠤᠪᠢᠶᠠᠨ ᠠᠬᠢᠭᠤᠯᠪᠠ᠄
ᠭᠣᠣᠯ᠎ᠤᠨ ᠭᠤᠯᠳᠤᠷᠢᠯ ᠳ᠋ᠤ ᠤᠰᠤ ᠬᠠᠳᠠᠭᠠᠯᠠᠵᠤ ᠵᠠᠮ ᠨᠡᠭᠡᠭᠡᠬᠦ᠂ ᠣᠯᠠᠨ ᠤᠰᠤᠨ ᠴᠥᠭᠥᠷᠥᠮ ᠤᠨ ᠤᠷᠤᠰᠬᠠᠯ
ᠤᠨ ᠬᠡᠮᠵᠢᠶ᠎ᠡ ᠶᠢ ᠵᠡᠷᠭᠡ᠎ᠪᠡᠷ ᠨᠡᠮᠡᠭᠳᠡᠭᠦᠯᠬᠦ ᠵᠢᠴᠢ ᠨᠡᠪᠲᠡᠷᠡᠭᠦᠯᠬᠦ ᠤᠷᠤᠰᠴᠡ ᠶᠢ ᠪᠠᠲᠤᠯᠠᠪᠠ᠃ ᠲᠣᠰ
ᠤᠳᠠᠭᠠᠨ᠎ᠤ ᠲᠣᠬᠢᠷᠠᠭᠤᠯᠤᠯᠲᠠ᠎ᠳᠤ ᠣᠲᠣ᠌ ᠪᠣᠯᠲᠠᠯ᠎ᠠ 1.4 ᠳ᠋ᠦᠩᠰᠢᠭᠤᠷ ᠳᠡᠭᠰᠢ ᠲᠦᠷᠪᠡᠯᠵᠢᠨ ᠮᠸᠲᠷ᠎ᠤᠨ ᠠᠮᠢ
ᠠᠬᠤᠢ᠎ᠶᠢᠨ ᠤᠰᠤᠨ ᠤᠷᠤᠰᠬᠠᠯ᠎ᠢ ᠪᠡᠶᠡᠯᠡᠬᠦᠯᠪᠡ᠃